ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/3/20
    ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠶᠢ ᠤᠯᠠᠮ ᠪᠠᠬᠢᠵᠢᠭᠦᠯᠬᠦ ᠶᠢᠨ ᠲᠥᠯᠥᠭᠡ ᠂ ᠮᠠᠨ ᠤ ᠣᠷᠣᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ ᠂ ︽ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠤᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵ 2024 — 2026 ᠣᠨ ︶ ︾ ︵ ᠳᠣᠷᠣᠭᠰᠢ ︽ ᠲᠥᠰᠥᠯ ︾ ᠭᠡᠵᠦ ᠲᠣᠪᠴᠢᠯᠠᠪᠠ ︶ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ ᠃    ︽ ᠲᠥᠰᠥᠯ ︾ ᠨᠢ ᠲᠠᠷᠢᠶᠠᠯᠠᠩ ᠤᠨ ᠮᠠᠰᠢᠨ ᠂ ᠵᠢᠭᠠᠰᠤᠨ ᠠᠵᠤ ᠠᠬᠤᠢ ᠂ ᠲᠠᠷᠢᠶᠠᠨ ᠡᠮ ᠂ ᠮᠠᠯ ᠵᠢᠭᠦᠷᠲᠡᠨ ᠢ ᠨᠢᠲᠤᠯᠵᠤ ᠡᠳ᠋ᠰᠢᠭᠦᠯᠬᠦ ᠂ ᠬᠥᠳᠡᠭᠡ ᠲᠣᠰᠬᠤᠨ ᠤ ᠨᠠᠮᠤᠭ ᠤᠨ ᠬᠡᠢ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠤᠨ ᠠᠵᠢᠯᠯᠠᠭ᠎ᠠ ᠦᠷᠨᠢᠭᠦᠯᠬᠦ ᠂ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠂ ᠠᠵᠤ ᠠᠬᠤᠶᠢᠯᠠᠯ ᠪᠠ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠮᠤᠷ ᠲᠦᠪᠰᠢᠨ ᠤ ᠳᠠᠯᠳᠠ ᠬᠡᠮ ᠢ ᠪᠠᠶᠢᠩᠭᠤᠰᠢᠭᠤᠯᠤᠨ ᠥᠪᠡᠰᠦᠪᠡᠨ ᠪᠠᠶᠢᠴᠠᠭᠠᠵᠤ ᠥᠭᠡᠷᠡᠴᠢᠯᠡᠬᠦ ᠶᠢ ᠠᠬᠢᠭᠤᠯᠬᠤ ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠡᠷᠴᠢᠮᠵᠢᠭᠦᠯᠬᠦ ᠂ ᠨᠡᠶᠢᠲᠡᠯᠢᠭ ᠵᠢᠱᠢᠶ᠎ᠡ ᠶᠢ ᠰᠣᠩᠭᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠷᠠᠭᠤᠯᠬᠤ ᠵᠡᠷᠭᠡ 12 ᠵᠦᠢᠯ ᠤᠨ ᠭᠤᠣᠯ ᠡᠭᠦᠷᠭᠡ ᠶᠢ ᠨᠠᠷᠢᠯᠢᠭᠵᠢᠭᠤᠯᠤᠨ ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ ᠃    ︽ ᠲᠥᠰᠥᠯ ︾ ᠳᠤ ᠲᠣᠳᠣᠷᠬᠠᠶᠢᠯᠠᠭᠰᠠᠨ ᠨᠢ ᠂ 3 ᠵᠢᠯ ᠤᠨ ᠰᠢᠪᠲᠤᠯᠤᠯᠲᠠ ᠪᠠᠷ ᠳᠡᠮᠵᠢᠨ ᠂ ᠥᠪᠥᠷ ᠮᠣᠩᠭᠤᠯ ᠤᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠬᠢᠭᠡᠳ ᠬᠤᠯᠪᠣᠭᠳᠠᠯ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠮᠤᠷ ᠲᠦᠪᠰᠢᠨ ᠬᠥᠭᠵᠢᠯᠲᠡ ᠶᠢᠨ ᠣᠨᠣᠯ ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ᠂ ᠳᠦᠷᠢᠮ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠂ ᠪᠤᠳᠠᠰᠲᠤ ᠲᠣᠨᠤᠭ ᠲᠦᠬᠦᠭᠡᠷᠦᠮᠵᠢ ᠶᠢ ᠰᠠᠶᠢᠵᠢᠷᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠠᠯᠠᠮᠵᠢ ᠶᠢ ᠨᠡᠩ ᠬᠦᠴᠦᠲᠡᠢ ᠪᠣᠯᠭᠠᠵᠤ ᠂ ︽ ᠭᠤᠷᠪᠠ ᠶᠢ ᠳᠡᠭᠡᠭᠰᠢᠯᠡᠭᠦᠯᠬᠦ ᠂ ᠬᠤᠶᠠᠷ ᠢ ᠳᠣᠣᠷ᠎ᠠ ᠪᠠᠶᠢᠷᠢᠨ ᠳᠤ ᠪᠠᠶᠢᠯᠭᠠᠬᠤ ᠂ ᠨᠢᠭᠡ ᠰᠠᠶᠢᠵᠢᠷᠠᠬᠤ ︾ ᠶᠢ ᠴᠢᠷᠮᠠᠶᠢᠨ ᠪᠡᠶᠡᠯᠡᠭᠦᠯᠦᠨ᠎ᠡ ᠃ ᠲᠤᠬᠠᠶᠢᠯᠠᠪᠠᠯ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠡᠷᠬᠢᠯᠡᠭᠰᠡᠳ ᠤᠨ ᠠᠶᠤᠯ ᠦᠭᠡᠢ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠥᠨ ᠴᠢᠨᠠᠷ ᠤᠨ ᠠᠶᠤᠯ ᠦᠭᠡᠢ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠂ ᠲᠠᠷᠢᠶᠠᠯᠠᠩ ᠮᠠᠯ ᠠᠵᠤ ᠠᠬᠤᠢ ᠶᠢᠨ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠂ ᠠᠳᠡᠯ ᠤᠨ ᠲᠤᠭ᠎ᠠ ᠪᠠ ᠠᠳᠡᠭᠰᠡᠳ ᠤᠨ ᠲᠤᠭ᠎ᠠ ᠶᠢ ᠳᠣᠣᠷ᠎ᠠ ᠪᠠᠶᠢᠷᠢᠨ ᠳᠤ ᠪᠠᠶᠢᠯᠭᠠᠬᠤ ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠶᠢ ᠪᠠᠲᠤᠯᠠᠬᠤ ᠪᠣᠯᠣᠨ᠎ᠠ ᠃    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ