ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠦᠷᠨᠢᠭᠦᠯᠬᠦ ᠶᠢ ᠵᠢᠩᠬᠢᠨᠢ ᠪᠠᠷ ᠡᠬᠢᠯᠡᠭᠦᠯᠪᠡ ᠵᠠᠩ ᠶᠠᠨ ᠺᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 19 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠪᠦᠬᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠦᠷᠨᠢᠭᠦᠯᠬᠦ ᠡᠬᠢᠯᠡᠯᠲᠡ ᠶᠢᠨ ᠶᠣᠰᠣᠯᠠᠯ ᠶᠠᠪᠤᠭᠤᠯᠪᠠ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠡᠷᠢᠭᠦᠯᠡᠭᠴᠢ ᠵᠠᠩ ᠶᠠᠨ ᠺᠦᠨ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠳᠡᠳ᠋ ᠲᠡᠷᠢᠭᠦᠯᠡᠭᠴᠢ ᠯᠦᠸᠧ ᡁᠢ ᠬᠤ᠋ ᠡᠬᠢᠯᠡᠯᠲᠡ ᠶᠢᠨ ᠶᠣᠰᠣᠯᠠᠯ ᠢ ᠡᠷᠬᠢᠯᠡᠵᠦ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ ᠃    ᠬᠤᠷᠠᠯ ᠠᠴᠠ ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠢ ᠦᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠤᠯᠤᠰ ᠲᠥᠷᠥ ᠶᠢᠨ ᠵᠥᠪᠯᠡᠯᠭᠡᠨ ᠳᠤ ᠲᠤᠰᠢᠶᠠᠭᠰᠠᠨ ᠴᠢᠬᠤᠯᠠ ᠡᠭᠦᠷᠭᠡ ᠪᠣᠯᠣᠨ᠎ᠠ ᠃ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠤᠨ ᠳᠠᠪᠠᠭᠤᠯᠢᠭ ᠦᠢᠯᠡᠳᠦᠯ ᠢ ᠪᠠᠳᠠᠷᠠᠭᠤᠯᠵᠤ ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠢ ᠦᠷᠨᠢᠭᠦᠯᠬᠦ ᠶᠢᠨ ᠬᠦᠴᠦᠯᠡᠬᠦ ᠭᠤᠣᠯᠳᠠᠯᠭ᠎ᠠ ᠶᠢ ᠣᠨᠣᠪᠴᠢᠲᠠᠢ ᠡᠷᠢᠵᠦ ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠰᠠᠶᠢᠲᠤᠷ ᠬᠦᠴᠦᠨ ᠨᠡᠮᠡᠷᠢᠯᠡᠵᠦ ᠂ ︽ ᠰᠢᠨ᠎ᠡ ᠵᠠᠮ ᠢ ᠨᠡᠭᠡᠭᠡᠬᠦ ᠂ ᠳᠤᠮᠳᠠ ᠲᠦᠪᠰᠢᠨ ᠳᠤ ᠣᠷᠣᠬᠤ ︾ ᠬᠠᠷᠠᠯᠲᠠ ᠡᠭᠦᠷᠭᠡ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠳᠡᠭᠡᠷ᠎ᠡ ᠪᠤᠲᠠᠲᠠᠢ ᠠᠵᠢᠯ ᠤᠨ ᠲᠣᠬᠢᠷᠠᠭᠤᠯᠤᠯᠲᠠ ᠶᠢ ᠤᠩᠰᠢᠨ ᠨᠡᠶᠢᠲᠡᠯᠡᠵᠦ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠲᠥᠯᠦᠭᠡᠯᠡᠭᠴᠢ ᠣᠪᠣᠷ ᠢᠶᠠᠨ ᠢᠯᠡᠳᠬᠡᠬᠦ ᠦᠭᠡ ᠬᠡᠯᠡᠪᠡ ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠂ ᠡᠯ᠎ᠡ ᠲᠤᠰᠬᠠᠢ ᠵᠦᠪᠯᠡᠯ ᠤᠨ ᠬᠠᠷᠢᠭᠤᠴᠠᠯᠭᠠᠲᠠᠨ ᠨᠦᠬᠦᠳ ᠂ ᠬᠦᠬᠡᠬᠤᠲᠠ ᠳᠤ ᠰᠠᠭᠤᠭ᠎ᠠ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠂ ᠬᠦᠬᠡᠬᠤᠲᠠ ᠶᠢᠨ ᠬᠤᠲᠠ ᠪᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠪᠠ ᠬᠡᠰᠡᠭ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ