ᠰᠢᠨᠬᠤᠸᠠ ᠬᠤᠷᠢᠶᠠᠨ ᠤ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠶᠢᠨ ᠬᠤᠷᠢᠶᠠᠨ ᠳᠠᠷᠤᠭ᠎ᠠ ᠯᠢᠦ ᠸᠧᠢ ᠨᠠᠷ ᠵᠡᠭᠦᠨᠭᠠᠷ ᠬᠤᠰᠢᠭᠤᠨ ᠳᠤ ᠢᠷᠡᠵᠦ ᠪᠠᠳᠠᠷᠠᠯᠲᠤ ᠦᠶ᠎ᠡ ᠶᠢᠨ ᠪᠠᠳᠠᠷᠠᠭᠤᠨ ᠰᠤᠶᠤᠯ︱ ︽ᠳᠤᠮᠳᠠᠳᠤ ᠤᠯᠤᠰ ᠤᠨ ᠤᠯᠠᠨ ᠦᠶ᠎ᠡ ᠶᠢᠨ ᠤᠷᠠᠨ ᠵᠢᠷᠤᠭ ᠤᠨ ᠳᠤᠮᠤ ᠰᠢᠰᠲ᠋ᠧᠮ︾ ᠤᠨ ᠵᠡᠭᠦᠨᠭᠠᠷ ᠬᠤᠰᠢᠭᠤᠨ ᠤ ᠣᠨᠴᠠ ᠦᠵᠡᠰᠬᠦᠯᠡᠩ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/3/21
    3 ᠰᠠᠷ᠎ᠠ ᠶᠢᠨ 16  ᠤ ᠡᠳᠦᠷ ᠂ ᠰᠢᠨᠬᠤᠸᠠ ᠬᠤᠷᠢᠶᠠᠨ ᠤ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠶᠢᠨ ᠬᠤᠷᠢᠶᠠᠨ ᠳᠠᠷᠤᠭ᠎ᠠ ᠯᠢᠦ ᠸᠧᠢ ᠨᠠᠷ ᠵᠡᠭᠦᠨᠭᠠᠷ ᠬᠤᠰᠢᠭᠤᠨ ᠳᠤ ᠢᠷᠡᠵᠤ ᠪᠠᠳᠠᠷᠠᠯᠲᠤ ᠦᠶ᠎ᠡ ᠶᠢᠨ ᠪᠠᠳᠠᠷᠠᠭᠤᠨ ᠰᠤᠶᠤᠯ ︱ ︽ ᠳᠤᠮᠳᠠᠳᠤ ᠤᠯᠤᠰ ᠤᠨ ᠤᠯᠠᠨ ᠦᠶ᠎ᠡ ᠶᠢᠨ ᠤᠷᠠᠨ‌ᠵᠢᠷᠤᠭ ᠤᠨ ᠳᠤᠮᠤ ᠰᠢᠰᠲ᠋ᠧᠮ ︾ ᠤᠨ ᠵᠡᠭᠦᠨᠭᠠᠷ ᠬᠤᠰᠢᠭᠤᠨ ᠤ ᠣᠨᠴᠠ ᠦᠵᠡᠰᠬᠦᠯᠡᠩ ᠢ ᠲᠣᠭᠤᠷᠢᠨ ᠦᠵᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠸᠧᠢ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠤ᠋ ᠰᠢᠨ ᠶᠠ ᠂ ᠤᠯᠤᠰ   ᠤᠨ ᠡᠨᠧᠷᠬᠢ ᠶᠢᠨ ᠵᠡᠬᠦᠠᠭᠠᠷ ᠤᠨ ᠡᠨᠧᠷᠬᠢ  ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠳ᠋ᠦ᠋ ᠱᠠᠨ ᠵᠧᠦ ᠂ ᠬᠤᠰᠢᠭᠤᠨ ᠤ ᠤᠳᠤᠷᠢᠳᠤᠯᠭ᠎ᠠ ᠦ᠋ ᠰᠢᠦᠢ ᠳ᠋ᠦᠩ ᠂ ᠸᠠᠩ ᠮᠢᠨ ᠂ ᠬᠠᠨ ᠶᠠᠨ ᠣᠷᠣᠯᠴᠠᠵᠠᠢ ᠃   ᠯᠢᠦ ᠸᠧᠢ ᠨᠠᠷ ᠵᠡᠭᠦᠨᠭᠠᠷ  ᠤᠨ ᠡᠨᠧᠷᠬᠢ ᠶᠢᠨ ᠰᠣᠶᠣᠯ ᠪᠡᠶ᠎ᠡ ᠶᠢᠨ ᠲᠠᠮᠢᠷ ᠤᠨ ᠲᠥᠪ ᠤᠨ ᠦᠵᠡᠭᠦᠯᠭᠡ ᠶᠢᠨ ᠲᠢᠩᠬᠢᠮ ᠳᠤ ᠬᠦᠷᠴᠦ ᠂ ᠪᠠᠳᠠᠷᠠᠯᠲᠤ ᠦᠶ᠎ᠡ ᠶᠢᠨ ᠪᠠᠳᠠᠷᠠᠭᠤᠨ ᠰᠤᠶᠤᠯ ︱ ︽ ᠳᠤᠮᠳᠠᠳᠤ ᠤᠯᠤᠰ ᠤᠨ ᠤᠯᠠᠨ ᠦᠶ᠎ᠡ ᠶᠢᠨ ᠤᠷᠠᠨ ᠵᠢᠷᠤᠭ ᠤᠨ ᠳᠤᠮᠤ ᠰᠢᠰᠲ᠋ᠧᠮ ︾ ᠤᠨ ᠵᠡᠭᠦᠨᠭᠠᠷ ᠬᠤᠰᠢᠭᠤᠨ ᠤ ᠣᠨᠴᠠ ᠦᠵᠡᠰᠬᠦᠯᠡᠩ  ᠢ ᠨᠠᠷᠢᠨ ᠬᠢᠨᠠᠮᠠᠭᠠᠢ ᠲᠣᠭᠤᠷᠢᠨ ᠦᠵᠡᠪᠡ ᠃ ᠦᠵᠡᠭᠦᠯᠭᠡ ᠶᠢᠨ ᠲᠢᠩᠬᠢᠮ ᠳᠤ ᠤᠯᠠᠨ ᠢᠶᠠᠷ ᠢᠶᠠᠨ ᠳᠤᠭᠤᠷᠢᠬᠤ ᠶᠢᠨ ᠳᠠᠭᠠᠤ ᠦᠵᠡᠵᠦ ᠂ ᠭᠤᠣᠯᠯᠠᠨ ᠡᠷᠬᠢᠯᠡᠭᠰᠡᠨ ᠡᠳᠡᠭᠡᠳ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ ᠂ ᠲᠦᠷᠦ ᠬᠦᠷᠤᠨ ᠪᠤᠯᠭᠠᠨ ᠤ ᠤᠷᠠᠨ ᠵᠢᠷᠤᠭ ᠤᠨ ᠪᠠᠶᠢᠳᠠᠯ ᠂ ᠲᠡᠦᠬᠡ ᠶᠢᠨ ᠠᠬᠤᠢ ᠪᠠᠶᠢᠳᠠᠯ ᠂ ᠵᠣᠬᠢᠶᠠᠨ ᠪᠦᠲᠦᠭᠡᠭᠰᠡᠨ ᠣᠶᠢᠯᠠᠭᠠᠭᠳᠠᠬᠤᠨ ᠵᠢᠴᠢ ᠤᠷᠠᠨ ᠵᠢᠷᠤᠭ ᠤᠨ ᠤᠷ᠎ᠠ ᠮᠡᠷᠭᠡᠵᠢᠯ ᠪᠣᠯᠣᠨ ᠣᠨᠴᠠᠯᠢᠭ ᠢ ᠭᠦᠨᠵᠡᠭᠡᠢ ᠰᠤᠳᠤᠯᠵᠤ ᠂ ᠤᠷᠠᠨ‌ᠵᠢᠷᠤᠭ ᠤᠨ ᠤᠷᠠᠯᠢᠭ ᠤᠨ ᠥᠷᠭᠡᠨ ᠳᠡᠯᠭᠡᠷ ᠪᠦᠭᠡᠳ ᠭᠦᠨ ᠭᠦᠨᠵᠡᠭᠡᠢ ᠠᠭᠤᠯᠬᠤᠨ ᠢ ᠨᠠᠷᠢᠨ ᠬᠢᠨᠠᠮᠠᠭᠠᠢ ᠰᠣᠨᠢᠷᠬᠠᠵᠤ ᠂ ᠵᠡᠭᠦᠨᠭᠠᠷ ᠬᠤᠰᠢᠭᠤᠨ ᠤ ︽ᠳᠤᠮᠳᠠᠳᠤ ᠤᠯᠤᠰ ᠤᠨ ᠤᠯᠠᠨ ᠦᠶ᠎ᠡ ᠶᠢᠨ ᠤᠷᠠᠨ ᠵᠢᠷᠤᠭ ᠤᠨ ᠳᠤᠮᠤ ᠰᠢᠰᠲ᠋ᠧᠮ ︾ ᠤᠨ ᠦᠵᠡᠭᠦᠯᠭᠡ ᠶᠢ ᠵᠣᠬᠢᠶᠠᠨ ᠪᠠᠶᠢᠭᠤᠯᠵᠤ ᠡᠷᠬᠢᠯᠡᠭᠰᠡᠨ ᠢ ᠳᠡᠭᠡᠳᠦ ᠬᠡᠮᠵᠢᠶ᠎ᠡ ᠪᠠᠷ ᠦᠨᠡᠯᠡᠪᠡ᠃   ᠯᠢᠦ ᠸᠧᠢ ᠭᠡᠯᠡᠬᠦ  ᠳᠡᠭᠡᠨ ᠂ ᠶᠡᠷᠦᠩᠬᠡᠢ ᠱᠦᠵᠢ ᠰᠢ ᠶᠢᠨ ᠫᠢᠩ ᠰᠣᠶᠣᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠯᠢ ᠤᠯᠠᠨ ᠴᠢᠬᠤᠯᠠ ᠵᠢᠭᠠᠪᠤᠷᠢ ᠂ ᠴᠢᠬᠤᠯᠠ ᠥᠭᠦᠯᠡᠯᠲᠡ ᠶᠢ ᠳᠤᠷᠠᠳᠤᠨ ᠭᠠᠷᠭᠠᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠂ ᠳᠤᠮᠳᠠᠳᠤ ᠶᠢᠨ ᠰᠣᠶᠣᠯ ᠤᠨ ᠰᠦᠭ ᠰᠦᠨᠡᠰᠤ ᠶᠢ ᠤᠯᠠᠮᠵᠢᠯᠠᠬᠤ ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ ᠃ ︽ ᠳᠤᠮᠳᠠᠳᠤ ᠤᠯᠤᠰ ᠤᠨ ᠤᠯᠠᠨ ᠦᠶ᠎ᠡ  ᠶᠢᠨ ᠤᠷᠠᠨ ᠵᠢᠷᠤᠭ ᠤᠨ ᠲᠣᠮᠣ ᠰᠢᠰᠲ᠋ᠧᠮ ︾  ᠨᠢ ᠳᠤᠮᠳᠠᠳᠤ  ᠶᠢᠨ ᠰᠢᠯᠢᠳᠡᠭ ᠤᠯᠠᠮᠵᠢᠯᠠᠯᠲᠤ ᠰᠣᠶᠣᠯ ᠤᠷᠠᠯᠢᠭ  ᠢ ᠪᠠᠳᠠᠷᠠᠭᠤᠯᠬᠤ ᠢᠷᠠᠭᠤ ᠠᠯᠳᠠᠷᠲᠤ ᠡᠭᠦᠷᠭᠡ  ᠶᠢ ᠡᠭᠦᠷᠭᠡᠯᠡᠵᠦ ᠪᠠᠶᠢᠳᠠᠭ ᠃ ᠵᠡᠭᠦᠨᠭᠠᠷ ᠬᠤᠰᠢᠭᠤᠨ ᠤ ᠰᠣᠶᠣᠯ ᠤᠨ ᠰᠠᠭᠤᠷᠢ ᠭᠦᠨ ᠵᠤᠵᠠᠭᠠᠨ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠬᠠᠮᠰᠠᠷ ᠢ ᠢᠳᠡᠪᠬᠢᠲᠡᠢ ᠪᠠᠳᠠᠷᠠᠭᠤᠯᠵᠤ ᠂ ᠠᠵᠤ ᠠᠬᠤᠢ ᠶᠢᠨ ᠪᠣᠳᠠᠲᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠬᠠᠮᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠪᠠ ᠬᠥᠭᠵᠢᠯᠲᠡ ᠶᠢ ᠳᠡᠭᠡᠭᠰᠢᠯᠡᠭᠦᠯᠵᠦ ᠂ ᠨᠠᠩ ᠣᠯᠠᠨ ᠭᠥᠯᠢᠶᠡᠨ ᠠᠪᠤᠭᠴᠢᠳ ᠢ ᠤᠯᠠᠮᠵᠢᠯᠠᠯᠲᠤ ᠰᠣᠶᠣᠯ ᠲᠠᠢ ᠣᠶᠢᠷᠠᠲᠤᠭᠤᠯᠬᠤ ᠪᠠ ᠬᠠᠶᠢᠷᠠᠯᠠᠬᠤ ᠪᠣᠯᠭᠠᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠪᠠ ᠬᠥᠭᠵᠢᠯᠲᠡ ᠳᠤ ᠵᠡᠭᠦᠨᠭᠠᠷ ᠤᠨ ᠬᠦᠴᠦᠨ ᠴᠢᠳᠠᠯ ᠢᠶᠠᠨ ᠨᠡᠮᠡᠷᠢᠯᠡᠰᠤᠭᠡᠢ ᠭᠡᠵᠡᠢ ᠃   ᠯᠢᠦ ᠸᠧᠢ ᠢᠯᠡᠷᠭᠡᠶᠢᠯᠡᠬᠦ  ᠳᠡᠭᠡᠨ ᠂ ᠰᠢᠨᠬᠤᠸᠠ ᠬᠤᠷᠢᠶᠠᠨ ᠤ ᠥᠪᠥᠷ ᠮᠣᠩᠭᠤᠯ   ᠳᠠᠬᠢ ᠬᠤᠪᠢᠶᠠᠷᠢ ᠬᠤᠷᠢᠶ᠎ᠠ ᠶᠢᠨ  ᠬᠢᠨ ᠡᠷᠬᠡ ᠰᠦᠷᠲᠦ ᠠᠭᠤᠯᠭ᠎ᠠ ᠪᠣᠯᠣᠨ ᠳᠠᠮᠵᠢᠭᠤᠯᠭ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠂ ᠵᠡᠭᠦᠨᠭᠠᠷ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠪᠣᠯᠣᠨ ᠠᠷᠭ᠎ᠠ ᠬᠢᠳᠡᠯ ᠢ ᠭᠦᠢᠴᠡᠳ ᠤᠬᠠᠭᠤᠯᠤᠨ ᠳᠡᠯᠭᠡᠷᠡᠭᠦᠯᠵᠦ ᠂ ᠵᠡᠭᠦᠨᠭᠠᠷ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠂ ᠵᠡᠭᠦᠨᠭᠠᠷ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠶᠢ ᠪᠦᠷᠢᠯᠳᠦᠭᠦᠯᠵᠦ ᠥᠭᠭᠦᠨ᠎ᠡ ᠭᠡᠪᠡ᠃   ᠣᠶᠢᠯᠠᠭᠠᠭᠰᠠᠨ ᠢᠶᠠᠷ ᠂ ᠲᠣᠰ ᠤᠳᠠᠭᠠᠨ ᠤ ᠣᠨᠴᠠᠭᠠᠶ ᠦᠵᠡᠰᠬᠦᠯᠡᠩ ᠳᠤ ᠵᠡᠭᠦᠨᠭᠠᠷ ᠤᠨ ᠰᠣᠶᠣᠯ ᠤᠨ ᠣᠨᠴᠠᠯᠢᠭ ᠲᠠᠢ ᠤᠶᠠᠯᠳᠤᠭᠤᠯᠤᠨ ᠂ ︽ ᠦᠶ᠎ᠡ ᠶᠢᠨ ᠦᠶ᠎ᠡ ᠪᠠᠷ ᠢᠶᠠᠨ ᠤᠯᠠᠮᠵᠢᠯᠠᠵᠤ ᠰᠠᠬᠢᠨ ᠬᠠᠮᠠᠭᠠᠯᠠᠶ᠎ᠠ ︾ ᠂ ︽ ᠳᠡᠯᠡᠬᠡᠢ ᠳ᠋ᠠᠬᠢᠨ ᠤ ᠬᠠᠮᠲᠤ ᠶᠢᠨ ᠡᠷᠳᠡᠨᠢ ᠪᠤᠯᠭᠠᠶ᠎ᠠ ︾ ᠂ ︽ ᠰᠢᠨ᠎ᠡ ᠶᠢ ᠡᠭᠦᠳᠦᠨ ᠤᠯᠠᠷᠢᠭᠤᠯᠤᠶ᠎ᠠ ︾ ︽ ᠤᠮᠠᠷᠠᠲᠤ ᠬᠢᠯᠢ ᠶᠢᠨ ᠢᠷᠠᠭᠤ ᠡᠭᠡᠰᠢᠭᠯᠡᠯᠳᠤ ᠮᠠᠩᠬᠠᠨ ᠠᠶᠠᠯᠭᠤᠨ ︾ ᠭᠡᠬᠦ ᠳᠥᠷᠪᠡᠨ ᠲᠣᠮᠣ ᠬᠡᠰᠡᠭ ᠢᠶᠠᠷ ᠪᠠᠶᠢᠷᠢᠯᠠᠭᠤᠯᠵᠤ ᠂ 450 ᠬᠤᠪᠢ ᠤᠯᠠᠨ ᠦᠶ᠎ᠡ ᠶᠢᠨ ᠰᠣᠳᠣᠨ ᠵᠢᠷᠤᠭ   ᠢ ᠰᠣᠩᠭᠤᠨ ᠳᠡᠯᠭᠡᠨ ᠦᠵᠡᠭᠦᠯᠵᠡᠢ ᠃ ᠲᠣᠰ ᠤᠳᠠᠭᠠᠨ ᠤ ᠦᠵᠡᠰᠬᠦᠯᠡᠩ ᠢ ᠳᠡᠯᠭᠡᠨ ᠦᠵᠡᠬᠦᠯᠦᠭᠰᠡᠨ ᠠᠴᠠ ᠨᠠᠭᠠᠰᠢ ᠂ ᠦᠢ ᠣᠯᠠᠨ ᠲᠤᠰᠬᠠᠢ ᠮᠡᠷᠭᠡᠵᠢᠯᠲᠡᠨ ᠡᠷᠳᠡᠮᠲᠡᠨ ᠂ ᠬᠤᠲᠠ ᠶᠢᠨ ᠠᠷᠠᠳ ᠂ ᠪᠠᠭᠰᠢ ᠰᠤᠷᠤᠭᠴᠢᠳ ᠬᠤᠶᠢᠨ᠎ᠠ ᠬᠤᠶᠢᠨ᠎ᠠ ᠠᠴᠠ ᠪᠠᠨ ᠪᠦᠯᠬᠦᠮ ᠪᠤᠯᠵᠤ ᠦᠵᠡᠰᠬᠦᠯᠡᠩ ᠢ ᠤᠷᠢᠳᠴᠢᠯᠠᠨ ᠪᠣᠯᠵᠣᠵᠤ ᠰᠣᠨᠢᠷᠬᠠᠪᠠ ᠃ ᠣᠷᠣᠨ ᠨᠤᠲᠤᠭ ᠵᠢᠴᠢ ᠤᠶᠢᠷ᠎ᠠ ᠬᠠᠪᠢ ᠶᠢᠨ ᠬᠤᠲᠠ ᠶᠢᠨ ᠰᠣᠶᠣᠯ ᠤᠷᠠᠯᠢᠭ ᠤᠨ ᠦᠢᠯᠡᠰ ᠤᠨ ᠴᠡᠴᠡᠭᠯᠡᠨ ᠬᠥᠭᠵᠢᠬᠦ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠳᠡᠭᠡᠭᠰᠢᠯᠡᠯᠲᠡ ᠶᠢ ᠠᠬᠢᠭᠤᠯᠬᠤ ᠳᠤ ᠨᠡᠯᠢᠶᠡᠳ ᠶᠡᠭᠡ ᠨᠥᠯᠥᠭᠡ ᠲᠠᠢ ᠶᠤᠮ ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ