| | ᠴᠢᠨᠠᠷ ᠰᠠᠶᠢᠲᠠᠢ ᠪᠠᠷ ᠳᠠᠶᠢᠴᠢᠯᠠᠵᠤ ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠵᠦ ᠂ ᠡᠬᠢ ᠪᠠᠶᠠᠯᠢᠭ ᠢ ᠬᠠᠮᠲᠤ ᠪᠠᠷ ᠡᠳ᠋ᠯᠡᠨ᠎ᠡ᠃ ᠣᠶᠢᠷ᠎ᠠ ᠶᠢᠨ | ᠵᠢᠯ ᠠᠴᠠ ᠨᠠᠭᠠᠰᠢ ᠂ ᠵᠡᠭᠦᠨᠭᠠᠷ ᠬᠤᠰᠢᠭᠤ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠪᠠᠨ ᠦᠷᠭᠦᠯᠵᠢᠯᠡᠨ ᠲᠣᠬᠢᠷᠠᠭᠤᠯᠵᠤ ᠂ ᠪᠦᠯᠦᠭᠯᠡᠯᠵᠢᠬᠦᠯᠤᠨ ᠰᠤᠷᠭᠠᠭᠤᠯᠢ | ᠡᠷᠬᠢᠯᠡᠬᠦ ᠪᠠᠷ ᠳᠠᠮᠵᠢᠭᠤᠯᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ ᠂ ᠦᠨᠳᠦᠰᠦᠨ ᠱᠠᠲᠤᠨ ᠤ ᠤᠯᠠᠨ ᠲᠦᠮᠡᠨ ᠤ | ᠭᠡᠷ ᠤᠨ ᠡᠭᠦᠳᠡᠨ ᠳᠡᠭᠡᠷ᠎ᠠ ᠪᠠᠨ ᠰᠤᠷᠭᠠᠭᠤᠯᠢ ᠳᠤ ᠰᠠᠭᠤᠬᠤ ᠱᠠᠭᠠᠷᠳᠠᠯᠭ᠎ᠠ ᠶᠢ ᠬᠠᠩᠭᠠᠵᠤ ᠪᠤᠢ ᠃ | | ᠵᠡᠭᠦᠨᠭᠠᠷ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠨᠡᠶᠢᠳᠡᠯᠢᠭ ᠪᠤᠰᠤ ᠭᠠᠳᠠᠭᠠᠳᠤ ᠬᠡᠯᠡᠨ ᠤ ᠠᠩᠭᠢ ᠶᠢᠨ | ᠬᠢᠴᠢᠶᠡᠯ ᠤᠨ ᠭᠡᠷ ᠲᠤ ᠂ ᠰᠤᠷᠤᠭᠴᠢᠳ ᠤᠷᠤᠰ ᠬᠡᠯᠡᠨ ᠤ ᠬᠢᠴᠢᠶᠡᠯ ᠢ ᠪᠣᠯᠪᠠᠰᠤᠷᠠᠩᠭᠤᠢ ᠤᠩᠰᠢᠵᠤ ᠪᠠᠶᠢᠯ᠎ᠠ᠃ ᠨᠢᠭᠡ ᠰᠤᠷᠤᠯᠭ᠎ᠠ ᠶᠢᠨ ᠬᠤᠭᠤᠴᠠᠭᠠᠨ ᠤ | ᠰᠤᠷᠤᠯᠴᠠᠯᠭ᠎ᠠ ᠪᠠᠷ ᠳᠠᠮᠵᠢᠭᠠᠳ᠂ ᠤᠤᠯ ᠨᠢ ᠤᠷᠤᠰ ᠬᠡᠯᠡ ᠶᠢ ᠲᠠᠭ ᠮᠡᠳᠡᠬᠦ ᠦᠭᠡᠢ ᠪᠠᠶᠢᠭᠰᠠᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ | ᠣᠨ ᠤ ᠰᠤᠷᠤᠭᠴᠢᠳ ᠡᠨᠡ ᠬᠦ ᠬᠡᠯᠡ ᠪᠣᠯᠣᠨ ᠤᠷᠤᠰ ᠤᠯᠤᠰ ᠤᠨ ᠲᠤᠬᠠᠢ ᠨᠡᠩ ᠢᠯᠡᠭᠦᠦ ᠣᠶᠢᠯᠠᠭᠠᠯᠲᠠ ᠲᠠᠢ ᠪᠣᠯᠵᠠᠢ ᠃ | ︽ ᠪᠦᠯᠦᠭᠯᠡᠯᠵᠢᠬᠦᠯᠦᠭᠰᠡᠨ ᠰᠤᠷᠭᠠᠨ ᠬᠥᠮᠦᠵᠢᠯ ᠨᠢ ᠨᠡᠶᠢᠳᠡᠯᠢᠭ ᠪᠤᠰᠤ ᠭᠠᠳᠠᠭᠠᠳᠤ ᠬᠡᠯᠡᠨ ᠤ ᠲᠥᠷᠥᠯ ᠢ ᠰᠣᠩᠭᠤᠵᠤ ᠪᠣᠯᠣᠨ᠎ᠠ ᠂ ᠪᠢ ᠣᠷᠣᠰ ᠬᠡᠯᠡ ᠶᠢ | ᠰᠣᠩᠭᠤᠭᠰᠠᠨ ᠂ ᠲᠤᠰᠬᠠᠢ ᠮᠡᠷᠭᠡᠵᠢᠯ ᠤᠨ ᠪᠠᠭᠰᠢ ᠣᠯᠠᠨ ᠵᠢᠯ ᠤᠨ ᠬᠢᠴᠢᠶᠡᠯᠯᠡᠭᠰᠡᠨ ᠲᠤᠷᠰᠢᠯᠭ᠎ᠠ ᠲᠠᠢ ᠪᠠᠶᠢᠵᠤ ᠂ ᠪᠢᠳᠠᠨ ᠳᠤ ᠣᠷᠣᠰ ᠤᠨ ᠰᠣᠶᠣᠯ ᠵᠢᠴᠢ ᠲᠡᠳᠡᠨ ᠤ | ᠵᠠᠷᠢᠮ ᠵᠠᠩ ᠳᠠᠳᠬᠠᠯ ᠢ ᠤᠶᠢᠯᠠᠭᠠᠭᠤᠯᠵᠤ ᠮᠡᠳᠡᠬᠦᠯᠤᠯᠠ ᠂ ᠡᠨᠡ ᠨᠢ ᠨᠠᠮ᠎ᠠ ᠶᠢ ᠲᠤᠶᠢᠯ ᠢᠶᠠᠷ ᠤᠷᠮᠠᠰᠢᠭᠤᠯᠵᠠᠢ ︾ ᠭᠡᠵᠦ ᠵᠡᠭᠦᠨᠭᠠᠷ ᠬᠤᠰᠢᠭᠤᠨ ᠤ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠰᠤᠷᠤᠭᠴᠢ ᠷᠧᠨ ᠪᠢᠩ ᠹᠠᠨ ᠶᠠᠷᠢᠨ᠎ᠠ᠃ | ᠣᠶᠢᠯᠠᠭᠠᠭᠰᠠᠨ ᠢᠶᠠᠷ ᠂ ᠵᠡᠭᠦᠨᠭᠠᠷ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠲᠤᠬᠠᠶᠢᠯᠠᠪᠠᠯ ᠤᠤᠯ ᠤᠨ ᠵᠡᠭᠦᠨᠭᠠᠷ | ᠬᠤᠰᠢᠭᠤᠨ ᠤ ᠳᠣᠯᠣᠳᠤᠭᠠᠷ ᠳᠤᠮᠳᠠᠳᠤ ᠰᠤᠷᠭᠠᠭᠤᠯᠢ ᠨᠢ ᠨᠢᠭᠡ ᠦᠶ᠎ᠡ ᠪᠠᠭᠰᠢ ᠬᠦᠷᠦᠯᠴᠡᠬᠦ ᠦᠭᠡᠢ ᠂ ᠰᠠᠭᠤᠷᠢ ᠬᠤᠴᠤᠷᠤᠩᠭᠤᠢ ᠵᠡᠷᠭᠡ ᠬᠦᠴᠢᠷ ᠠᠰᠠᠭᠤᠳᠠᠯ ᠳᠤ | ᠲᠤᠯᠭᠠᠷᠠᠵᠤ ᠪᠠᠶᠢᠪᠠ ᠃ ᠵᠡᠭᠦᠨᠭᠠᠷ ᠬᠤᠰᠢᠭᠤᠨ ᠤ ᠪᠦᠯᠦᠭᠯᠡᠯᠵᠢᠬᠦᠯᠦᠭᠰᠡᠨ ᠰᠤᠷᠭᠠᠭᠤᠯᠢ ᠡᠷᠭᠢᠯᠡᠬᠦ ᠵᠠᠭᠪᠤᠷ ᠶᠠᠪᠤᠬᠳᠠᠬᠤ ᠶᠢ ᠳᠠᠭᠠᠯᠳᠤᠨ ᠂ ᠵᠡᠭᠦᠨᠭᠠᠷ ᠬᠤᠰᠢᠭᠤᠨ ᠤ | ᠳᠣᠯᠣᠳᠤᠭᠠᠷ ᠳᠤᠮᠳᠠᠳᠤ ᠰᠤᠷᠭᠠᠭᠤᠯᠢ ᠨᠢ ᠵᠡᠭᠦᠨᠭᠠᠷ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠲᠠᠢ ᠨᠡᠶᠢᠯᠡᠭᠡᠳ ᠵᠡᠭᠦᠨᠭᠠᠷ ᠬᠤᠰᠢᠭᠤᠨ ᠤ ᠨᠢᠭᠡᠳᠦᠭᠡᠷ | ᠳᠤᠮᠳᠠᠳᠤ ᠰᠤᠷᠭᠠᠭᠤᠯᠢ ᠶᠢᠨ ᠪᠦᠯᠦᠭᠯᠡᠯ ᠪᠣᠯᠵᠤ ᠂ ᠬᠤᠶᠠᠷ ᠰᠤᠷᠭᠠᠭᠤᠯᠢ ᠨᠢ ︽ ᠨᠢᠭᠡ ᠭᠡᠷ ᠤᠨ ᠬᠥᠮᠥᠨ ︾ ᠪᠣᠯᠤᠭᠰᠠᠨ ᠪᠠᠶᠢᠨ᠎ᠠ ᠃ ᠵᠡᠭᠦᠨᠭᠠᠷ ᠬᠤᠰᠢᠭᠤᠨ ᠤ | ᠨᠢᠭᠡᠳᠦᠭᠡᠷ ᠳᠤᠮᠳᠠᠳᠤ ᠰᠤᠷᠭᠠᠭᠤᠯᠢ ᠠᠴᠠ ᠭᠤᠣᠯᠯᠠᠭᠴᠢ ᠪᠠᠭᠰᠢ ᠶᠢᠨ ᠡᠩᠨᠡᠭᠡ ᠶᠢ ᠵᠠᠯᠭᠠᠭ᠎ᠠ ᠪᠠᠷ ᠲᠣᠮᠢᠯᠠᠵᠤ ᠬᠤᠪᠢᠶᠠᠷᠢ ᠰᠤᠷᠭᠠᠭᠤᠯᠢ ᠳᠤ ᠤᠴᠢᠭᠤᠯᠤᠬᠰᠠᠨ | ᠪᠥᠭᠡᠳ ᠤᠯᠠᠨ ᠵᠢᠯ ᠤᠨ ᠲᠤᠷᠰᠢ ᠬᠠᠶᠢᠨ ᠰᠦᠪᠡᠭᠴᠢᠯᠡᠵᠦ ᠭᠠᠷᠭᠠᠭᠰᠠᠨ ᠥᠪᠡᠷᠮᠢᠴᠡ ᠣᠨᠴᠠᠯᠢᠭ ᠲᠠᠢ ᠰᠤᠷᠭᠠᠭᠤᠯᠢ ᠡᠷᠬᠢᠯᠡᠬᠦ ᠵᠢᠴᠢ ᠬᠠᠮᠢᠶᠠᠷᠤᠯᠲᠠ ᠶᠢᠨ ᠵᠠᠭᠪᠤᠷ ᠢ | ᠬᠤᠪᠢᠶᠠᠷᠢ ᠰᠤᠷᠭᠠᠭᠤᠯᠢ ᠳᠤ ᠨᠡᠪᠴᠢᠭᠦᠯᠵᠡᠢ᠃ | | ︽ ᠰᠤᠷᠭᠠᠭᠤᠯᠢ ᠨᠢ ᠵᠢᠭᠠᠨ ᠰᠤᠷᠭᠠᠯᠲᠠ ᠰᠤᠳᠤᠯᠭᠠᠨ ᠤ ᠬᠠᠮᠢᠶᠠᠷᠤᠯᠲᠠ ᠵᠡᠷᠭᠡ ᠡᠯ᠎ᠡ ᠲᠠᠯ᠎ᠠ ᠪᠠᠷ ᠵᠣᠬᠢᠬᠤ ᠠᠮᠵᠢᠯᠳᠠ ᠪᠦᠲᠦᠮᠵᠢ ᠣᠯᠵᠤ ᠂ ᠨᠡᠶᠢᠳᠡᠯᠢᠭ ᠪᠤᠰᠤ | ᠭᠠᠳᠠᠭᠠᠳᠤ ᠬᠡᠯᠡᠨ ᠤ ᠣᠨᠴᠠᠯᠢᠭᠲᠤ ᠲᠤᠰᠬᠠᠢ ᠮᠡᠷᠭᠡᠵᠢᠯ ᠢ ᠪᠠᠶᠢᠭᠤᠯᠵᠤ ᠂ ᠣᠲᠣ ᠪᠣᠯᠲᠠᠯ᠎ᠠ ᠶᠠᠫᠤᠨ ᠬᠡᠯᠡ ᠂ ᠣᠷᠣᠰ ᠬᠡᠯᠡᠨ ᠵᠢᠭᠠᠳᠠᠭ ᠲᠣᠰ ᠲᠣᠰ ᠨᠢᠭᠡ | ᠣᠨᠴᠠᠯᠢᠭᠲᠤ ᠠᠩᠭᠢ ᠲᠠᠢ ᠪᠣᠯᠤᠭᠰᠠᠨ ᠪᠠᠶᠢᠨ᠎ᠠ ᠃ ᠰᠤᠷᠭᠠᠭᠤᠯᠢ ᠨᠢ ᠣᠲᠣ ᠶᠠᠭ ᠳᠠᠭᠤᠤ ᠬᠥᠭᠵᠢᠮ ᠂ ᠪᠡᠶ᠎ᠡ ᠶᠢᠨ ᠲᠠᠮᠢᠷ ᠂ ᠤᠷᠠᠨ ᠵᠢᠷᠤᠭ ᠤᠨ ᠣᠨᠴᠠ | ᠠᠪᠢᠶᠠᠰ ᠤᠨ ᠲᠤᠷᠰᠢᠯᠲᠠ ᠶᠢᠨ ᠠᠩᠭᠢ ᠶᠢ ᠪᠡᠯᠡᠳᠬᠡᠵᠦ ᠂ ᠪᠦᠯᠦᠭᠯᠡᠯᠵᠢᠬᠦᠯᠦᠭᠰᠡᠨ ᠰᠤᠷᠭᠠᠭᠤᠯᠢ ᠡᠷᠭᠢᠯᠡᠬᠦ ᠵᠢᠷᠭᠤᠭᠠᠨ ᠵᠢᠯ ᠤᠨ ᠨᠢᠭᠡ ᠴᠣᠭᠴᠠᠵᠢᠭᠰᠠᠨ | ᠬᠥᠮᠥᠵᠢᠭᠦᠯᠬᠦ ᠬᠠᠷᠠᠯᠲᠠ ᠶᠢ ᠪᠡᠶᠡᠯᠡᠭᠦᠯᠬᠦ ᠪᠠᠷ ᠪᠣᠶ ᠃ ᠡᠭᠦᠨ ᠠᠴᠠ ᠭᠠᠳᠠᠨ᠎ᠠ ᠂ ᠰᠤᠷᠭᠠᠭᠤᠯᠢ ᠨᠢ ᠬᠠᠮᠢᠶᠠᠷᠤᠯᠲᠠ ᠶᠢᠨ ᠲᠠᠯ᠎ᠠ ᠪᠠᠷ ᠴᠤ ᠰᠢᠪᠲᠤᠯᠤᠯᠲᠠ ᠲᠠᠢ ᠪᠣᠯᠵᠠᠢ ᠂ | ᠵᠢᠱᠢᠶᠡᠯᠡᠪᠡᠯ ᠂ ᠪᠦᠯᠦᠭᠯᠡᠯ ᠤᠨ ᠶᠡᠷᠦᠩᠬᠡᠢ ᠰᠤᠷᠭᠠᠭᠤᠯᠢ ᠨᠢ ᠬᠤᠪᠢᠶᠠᠷᠢ ᠰᠤᠷᠭᠠᠭᠤᠯᠢ ᠳᠤ ᠱᠠᠯᠠᠪᠳᠠᠭᠤᠯᠤᠨ ᠵᠢᠯᠤᠭᠤᠳᠬᠤ ᠮᠡᠳᠡᠭᠡ ᠵᠠᠩᠭᠢ ᠶᠢᠨ ᠭᠠᠵᠠᠷ ᠪᠠᠶᠢᠭᠤᠯᠵᠤ ᠂ | ᠰᠤᠷᠭᠠᠭᠤᠯᠢ ᠶᠢᠨ ᠬᠠᠮᠢᠶᠠᠷᠤᠯᠲᠠ ᠨᠢ ᠮᠠᠰᠢ ᠶᠡᠭᠡ ᠳᠡᠭᠡᠭᠰᠢᠯᠡᠯᠲᠡ ᠲᠠᠢ ᠪᠣᠯᠵᠠᠢ ︾ ᠭᠡᠵᠦ ᠵᠡᠭᠦᠨᠭᠠᠷ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ | ᠬᠤᠪᠢᠶᠠᠷᠢ ᠰᠤᠷᠭᠠᠭᠤᠯᠢ ᠶᠢᠨ ᠭᠦᠢᠴᠡᠳᠬᠡᠬᠦ ᠵᠠᠬᠢᠷᠤᠯ ᠹᠦ᠋ ᠸᠧᠨ ᠷᠦᠢ ᠲᠠᠨᠢᠯᠴᠠᠭᠤᠯᠤᠨ᠎ᠠ ᠃ | ᠵᠡᠭᠦᠨᠭᠠᠷ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠪᠣᠯ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠣᠨ᠎ᠠ ᠃ ᠤᠯᠠᠨ ᠵᠢᠯ ᠤᠨ | ᠲᠤᠷᠰᠢ ᠂ ᠰᠤᠷᠭᠠᠭᠤᠯᠢ ᠨᠢ ᠴᠢᠩᠬᠤᠸᠠ ᠶᠡᠭᠡ ᠰᠤᠷᠭᠠᠭᠤᠯᠢ ᠂ ᠪᠡᠭᠡᠵᠢᠩ ᠶᠡᠭᠡ ᠰᠤᠷᠭᠠᠭᠤᠯᠢ ᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠵᠢᠷᠭᠤᠭᠠᠨ | ᠪᠠᠭᠰᠢ ᠶᠢᠨ ᠶᠡᠭᠡ ᠰᠤᠷᠭᠠᠭᠤᠯᠢ ᠵᠢᠴᠢ ᠮᠤᠵᠢ ᠶᠢᠨ ᠳᠣᠲᠣᠨ᠎ᠠ ᠭᠠᠳᠠᠨᠠᠬᠢ ᠨᠡᠷᠡᠳᠦ ᠰᠤᠷᠭᠠᠭᠤᠯᠢ ᠠᠴᠠ ᠶᠡᠭᠡ ᠬᠡᠮᠵᠢᠶᠡᠨ ᠤ ᠰᠢᠯᠢᠳᠡᠭ ᠪᠠᠭᠰᠢ ᠶᠢ ᠤᠷᠢᠨ | ᠠᠪᠴᠢᠷᠠᠭᠰᠠᠨ ᠤ ᠬᠠᠮᠲᠤ ᠰᠤᠷᠤᠭᠴᠢᠳ ᠤᠨ ᠪᠣᠳᠠᠲᠤ ᠪᠠᠶᠢᠳᠠᠯ ᠳᠤ ᠴᠢᠭᠯᠡᠭᠦᠯᠦᠨ ᠨᠡᠶᠢᠳᠡᠯᠢᠭ ᠪᠤᠰᠤ ᠭᠠᠳᠠᠭᠠᠳᠤ ᠬᠡᠯᠡᠨ ᠤ ᠲᠦᠷᠦᠯ ᠂ ᠪᠡᠶ᠎ᠡ ᠶᠢᠨ ᠲᠠᠮᠢᠷ ᠤᠷᠠᠯᠢᠭ | ᠵᠡᠷᠭᠡ ᠣᠨᠴᠠᠯᠢᠭᠲᠤ ᠬᠢᠴᠢᠶᠡᠯ ᠲᠦᠷᠦᠯ ᠢ ᠨᠡᠭᠡᠭᠡᠭᠰᠡᠨ ᠤ ᠬᠠᠮᠲᠤ ᠶᠡᠭᠡ ᠬᠡᠮᠵᠢᠶᠡᠨ ᠤ ᠲᠡᠷᠢᠭᠦᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠥᠬᠦᠭᠡᠷᠦᠮᠵᠢ ᠶᠢ | ᠲᠣᠬᠢᠷᠠᠭᠤᠯᠵᠤ ᠂ 80 ᠭᠠᠷᠤᠢ ᠨᠡᠶᠢᠭᠡᠮ ᠤᠨ ᠪᠦᠯᠬᠦᠮ ᠪᠠᠶᠢᠭᠤᠯᠵᠤ ᠂ ᠰᠤᠷᠤᠭᠴᠢᠳ ᠤᠨ ᠤᠯᠠᠨ ᠡᠰᠢᠴᠢᠯᠡᠭᠰᠡᠨ ᠬᠥᠭᠵᠢᠯᠲᠡ ᠶᠢ ᠪᠡᠶᠡᠯᠡᠭᠦᠯᠪᠡ᠃ | ᠪᠦᠯᠦᠭᠯᠡᠯᠵᠢᠬᠦᠯᠤᠨ ᠰᠤᠷᠭᠠᠭᠤᠯᠢ ᠡᠷᠭᠢᠯᠡᠬᠦ ᠨᠢ ᠡᠲᠡᠭᠡᠷ ᠣᠯᠠᠨ ᠵᠢᠯ ᠤᠨ ᠲᠤᠷᠰᠢ ᠬᠤᠷᠠᠮᠳᠤᠭᠤᠯᠤᠭᠰᠠᠨ ᠰᠢᠯᠢᠳᠡᠭ ᠵᠥᠭᠡᠯᠡᠨ ᠬᠠᠲᠠᠭᠤ ᠬᠡᠷᠡᠭᠰᠡᠯ ᠤᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠬᠠᠷᠢᠴᠠᠩᠭᠤᠢ ᠪᠠᠭᠤᠷᠠᠢ ᠬᠤᠪᠢᠶᠠᠷᠢ ᠰᠤᠷᠭᠠᠭᠤᠯᠢ ᠳᠤ ᠰᠢᠯᠵᠢᠭᠦᠯᠵᠦ ᠂ ᠬᠤᠪᠢᠶᠠᠷᠢ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ ᠃ | | ︽ ᠪᠦᠯᠦᠭᠯᠡᠯᠵᠢᠬᠦᠯᠤᠨ ᠰᠤᠷᠭᠠᠭᠤᠯᠢ ᠡᠷᠭᠢᠯᠡᠬᠦ ᠪᠠᠷ ᠳᠡᠮᠵᠢᠭᠤᠯᠤᠨ ᠂ 2023 ᠣᠨ ᠳᠤ ᠪᠢᠳᠡ ᠥᠨᠳᠥᠷ ᠳᠤᠮᠳᠠᠳᠤ ᠶᠢᠨ ᠰᠢᠯᠭᠠᠯᠲᠠ ᠶᠢᠨ ᠲᠠᠯ᠎ᠠ ᠪᠠᠷ | ᠰᠢᠪᠲᠤᠯᠤᠯᠲᠠ ᠲᠠᠢ ᠪᠣᠯᠪᠠ ᠃ ᠡᠭᠦᠨ ᠠᠴᠠ ᠭᠠᠳᠠᠨ᠎ᠠ ᠂ ᠪᠢᠳᠡ ᠪᠠᠭᠰᠢ ᠶᠢᠨ ᠲᠠᠯ᠎ᠠ ᠪᠠᠷ ᠴᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ ᠂ ᠶᠡᠷᠦᠩᠬᠡᠢ | ᠰᠤᠷᠭᠠᠭᠤᠯᠢ ᠠᠴᠠ ᠨᠢᠭᠡ ᠪᠦᠯᠦᠭ ᠭᠤᠣᠯᠯᠠᠭᠴᠢ ᠪᠠᠭᠰᠢ ᠶᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠲᠣᠮᠢᠯᠠᠨ ᠪᠠᠭᠰᠢᠯᠠᠭᠤᠯᠵᠤ ᠂ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠡᠯ᠎ᠡ ᠬᠢᠴᠢᠶᠡᠯ ᠳᠦᠷᠤᠯ ᠤᠨᠲ᠋ᠡᠭᠡᠭᠰᠢᠯᠡᠯᠲᠡ ᠶᠢ ᠳᠠᠶᠢᠴᠢᠯᠠᠭᠰᠠᠨ ᠪᠠᠶᠢᠨ᠎ᠠ ᠃ 2024 ᠣᠨ ᠳᠤ ᠂ ᠪᠢᠳᠠ ᠦᠷᠭᠦᠯᠵᠢᠯᠡᠨ | ᠪᠦᠯᠦᠭᠯᠡᠯᠵᠢᠬᠦᠯᠦᠭᠰᠡᠨ ᠰᠤᠷᠭᠠᠭᠤᠯᠢ ᠡᠷᠬᠢᠯᠡᠬᠦ ᠵᠠᠮ ᠢᠶᠠᠷ ᠵᠠᠮᠨᠠᠵᠤ ᠂ ᠰᠤᠷᠤᠭᠴᠢᠳ ᠤᠨ ᠦᠨᠳᠦᠰᠦᠨ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ ᠂ | ᠬᠠᠮᠢᠶᠠᠷᠤᠯᠲᠠ ᠶᠢᠨ ᠲᠠᠯ᠎ᠠ ᠪᠠᠷ ᠴᠤ ᠰᠢᠨ᠎ᠡ ᠶᠢ ᠡᠭᠦᠳᠬᠦ ᠶᠢ ᠡᠷᠢᠯᠬᠢᠯᠡᠨ ᠂ ᠤᠨᠴᠠᠯᠢᠬᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠦ ᠂ ᠰᠤᠷᠤᠭᠴᠢᠳ ᠢ ᠤᠯᠠᠨ ᠡᠰᠢᠲᠦ | ᠣᠨᠴᠠᠯᠢᠭᠲᠤ ᠰᠤᠷᠭᠠᠨ ᠬᠥᠮᠦᠵᠢᠯ ᠤᠨ ᠣᠷᠴᠢᠨ ᠠᠬᠤᠢ ᠳᠤ ᠪᠦᠬᠦ ᠲᠠᠯ᠎ᠠ ᠪᠠᠷ ᠬᠥᠭᠵᠢᠭᠦᠯᠦᠨ᠎ᠡ︾ ᠭᠡᠵᠦ ᠹᠦ᠋ ᠸᠧᠨ ᠷᠦᠢ ᠶᠠᠷᠢᠨ᠎ᠠ᠃ | | 2023 ᠣᠨ ᠠᠴᠠ ᠨᠠᠭᠠᠰᠢ ᠂ ᠵᠡᠭᠦᠨᠭᠠᠷ ᠬᠤᠰᠢᠭᠤ ︽ ᠪᠦᠯᠦᠭᠯᠡᠯᠵᠢᠬᠦᠯᠦᠭᠰᠡᠨ ᠰᠤᠷᠭᠠᠭᠤᠯᠢ ᠡᠷᠭᠢᠯᠡᠬᠦ ︾ ᠬᠤᠷᠳᠤᠳᠬᠠᠯ ᠤᠨ ᠳᠠᠷᠤᠪᠴᠢ ᠶᠢ ᠵᠢᠩᠬᠢᠨᠢ ᠪᠠᠷ | ᠳᠠᠷᠤᠵᠤ ᠂ ᠤᠷᠢᠳ ᠬᠤᠵᠢᠳ ᠲᠦᠷᠪᠡᠨ ᠰᠤᠷᠭᠠᠨ ᠬᠥᠮᠦᠵᠢᠯ ᠤᠨ ᠪᠦᠯᠦᠭᠯᠡᠯ ᠢ ᠪᠠᠶᠢᠭᠤᠯᠵᠤ ᠂ ᠬᠠᠮᠲᠤᠷᠠᠯᠴᠠᠬᠤ ᠂ ᠬᠤᠷᠰᠢᠯᠴᠠᠬᠤ ᠂ ᠬᠤᠪᠢᠶᠠᠨ ᠡᠳ᠋ᠯᠡᠬᠦ ᠂ | ᠬᠠᠮᠲᠤᠪᠠᠷ ᠠᠰᠢᠭ ᠬᠦᠷᠳᠡᠬᠦ ᠰᠤᠷᠭᠠᠨ ᠬᠥᠮᠦᠵᠢᠯ ᠤᠨ ᠪᠦᠯᠦᠭᠯᠡᠯ ᠤᠨ ᠠᠵᠢᠯᠯᠠᠭᠠᠨ ᠤ ᠵᠠᠭᠪᠤᠷ ᠤᠨ ᠪᠠᠲᠤᠯᠠᠭ᠎ᠠ ᠳᠣᠣᠷ᠎ᠠ᠂ ᠣᠷᠣᠨ ᠪᠦᠰᠡ ᠶᠢᠨ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠢᠯᠡᠳᠲᠡ ᠨᠡᠮᠡᠭᠳᠡᠵᠦ ᠂ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠲᠡᠩᠴᠡᠭᠦᠷᠢᠲᠡᠢ ᠬᠥᠭᠵᠢᠯᠲᠡ ᠶᠢᠨ ᠲᠦᠪᠰᠢᠨ ᠪᠦᠬᠦᠯᠢ | ᠴᠣᠭᠴᠠ ᠪᠠᠷ ᠢᠶᠠᠨ ᠳᠡᠭᠡᠭᠰᠢᠯᠡᠵᠦ ᠂ ᠬᠠᠷᠢᠶ᠎ᠠ ᠣᠷᠣᠨ ᠤ ᠤᠯᠠᠨ ᠲᠦᠮᠡᠨ ᠤ ᠰᠤᠷᠭᠠᠨ ᠬᠥᠮᠦᠵᠢᠯ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠳᠤ ᠲᠥᠷᠥᠭᠳᠡᠯ | ᠨᠡᠩ ᠬᠦᠢᠴᠡᠳ ᠂ ᠨᠡᠩ ᠪᠠᠲᠤᠯᠠᠭ᠎ᠠ ᠲᠠᠢ ᠂ ᠨᠡᠩ ᠦᠷᠭᠦᠯᠵᠢᠯᠡᠬᠦ ᠴᠢᠨᠠᠷᠲᠠᠢ ᠪᠤᠯᠤᠬᠰᠠᠨ ᠪᠠᠶᠢᠨ᠎ᠠ᠃ | |