| | ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠡᠮ ᠰᠣᠭᠤᠭ ᠢ ᠪᠠᠭᠠᠰᠬᠠᠵᠤ ᠂ ᠥᠷᠭᠡᠨ ᠣᠯᠠᠨ ᠲᠦᠮᠡᠨ ᠤ ᠡᠮ ᠬᠡᠷᠡᠭᠯᠡᠬᠦ ᠠᠮᠤᠷ | ᠲᠦᠪᠰᠢᠨ ᠢ ᠪᠠᠲᠤᠯᠠᠬᠤ ᠶᠢᠨ ᠲᠤᠰᠠᠳᠠ ᠂ ᠵᠡᠭᠦᠨᠭᠠᠷ ᠬᠤᠰᠢᠭᠤ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠲᠤ ᠭᠡᠷ ᠪᠦᠯᠢ ᠶᠢᠨ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ 58 ᠥᠷᠲᠡᠭᠡ ᠴᠡᠭ ᠭᠠᠷᠭᠠᠵᠤ ᠂ | ᠰᠠᠭᠤᠭᠠᠯᠢ ᠠᠷᠠᠳ ᠤᠨ ᠭᠡᠷ ᠲᠠᠬᠢ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ ᠭᠠᠵᠠᠷ ᠲᠠᠢ ᠪᠤᠯᠭᠠᠪᠠ ᠃ | | ᠶᠢᠩ ᠽᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠱᠤ᠋ ᠭᠤᠸᠠᠩ ᠨᠡᠶᠢᠭᠡᠮ ᠲᠣᠭᠤᠷᠢᠭ ᠤᠨ ᠭᠡᠷ ᠪᠦᠯᠢ ᠶᠢᠨ ᠬᠤᠭᠤᠴᠠᠭ᠎ᠠ ᠨᠢ ᠦᠡᠭᠬᠡᠷᠡᠭᠰᠡᠨ | ᠡᠮ ᠤᠨ ᠵᠦᠢᠯᠡᠰ ᠢ ᠬᠤᠷᠢᠶᠠᠨ ᠠᠪᠬᠤ ᠠᠦ᠋ᠲ ᠮᠠᠰᠢᠨ ᠤ ᠦᠷᠳᠡᠬᠡᠨ ᠳᠤ ᠂ ᠴᠦᠬᠡᠨ ᠪᠤᠰᠤ ᠰᠠᠭᠤᠭᠠᠯᠢ ᠠᠷᠠᠳ ᠬᠤᠭᠤᠴᠠᠭ᠎ᠠ ᠨᠢ ᠥᠩᠭᠡᠷᠡᠭᠰᠡᠨ ᠡᠮ ᠤᠨ | ᠵᠦᠢᠯᠡᠰ ᠢ ᠤᠭᠤᠲᠠ ᠤᠭᠤᠳᠠ ᠪᠠᠷ ᠠᠪᠴᠢᠷᠠᠨ ᠠᠦ᠋ᠲ ᠮᠠᠰᠢᠨ ᠳᠤ ᠰᠠᠪᠠᠯᠠᠵᠦ ᠪᠠᠶᠢᠪᠠ ᠃ ᠭᠡᠷ ᠪᠦᠯᠢ ᠶᠢᠨ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ | ᠬᠤᠷᠢᠶᠠᠨ ᠠᠪᠬᠤ ᠮᠠᠰᠢᠨ ᠢ ᠬᠡᠷᠡᠭᠯᠡᠬᠦ ᠳᠤ ᠲᠥᠬᠦᠮ ᠲᠦᠳᠡ ᠂ ᠰᠠᠭᠤᠭᠠᠯᠢ ᠠᠷᠠᠳ ᠵᠥᠪᠬᠡᠨ ᠭᠠᠷ ᠤᠳᠠᠰᠤᠨ ᠤ ᠵᠢᠷᠬᠢᠶ᠎ᠠ ᠶᠢᠨ ᠰᠢᠷᠪᠢᠬᠦ ᠴᠢᠳᠠᠮᠵᠢ ᠪᠠᠷ ᠳᠡᠯᠭᠡᠴᠡ | ᠳᠡᠭᠡᠷᠡᠬᠢ ᠡᠷᠢᠶᠠᠨ ᠴᠤᠬᠤᠷ ᠢ ᠰᠢᠷᠪᠢᠪᠠᠯ ᠨᠡᠬᠡᠬᠡᠭᠳᠡᠴᠢᠬᠡᠨᠠ ᠃ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ ᠬᠢᠵᠦ ᠤᠷᠤᠭᠤᠯᠤᠬᠰᠠᠨ ᠤ ᠲᠠᠷᠠᠭ᠎ᠠ ᠡᠮ ᠤᠨ | ᠬᠠᠶᠢᠷᠴᠠᠭ ᠤᠨ ᠬᠦᠨᠳᠦ ᠨᠢ ᠠᠶᠠᠨᠳᠠᠭᠠᠨ ᠢᠯᠡᠷᠡᠬᠦ ᠶᠢᠨ ᠲᠠᠭᠠᠤ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠥᠩᠭᠦ ᠪᠠ ᠤᠯᠭᠤᠬᠤ ᠱᠠᠩᠨᠠᠯ ᠤᠨ ᠮᠥᠩᠭᠦ ᠶᠢᠨ | ᠪᠦᠬᠦ ᠠᠰᠢᠭ ᠣᠷᠣᠯᠭ᠎ᠠ ᠶᠢ ᠪᠤᠳᠤᠵᠦ ᠦᠭᠳᠡᠭ ᠃ | | 《ᠥᠩᠭᠡᠷᠡᠭᠰᠡᠨ ᠳᠤ ᠮᠠᠨ ᠤ ᠭᠡᠷ ᠲᠤ ᠬᠤᠭᠤᠴᠠᠭ᠎ᠠ ᠨᠢ ᠦᠡᠭᠬᠡᠷᠡᠭᠰᠡᠨ ᠡᠮ ᠤᠨ ᠵᠦᠢᠯᠡᠰ ᠠᠷᠪᠢᠨ ᠪᠠᠶᠢᠪᠠ ᠂ ᠬᠤᠭᠤᠴᠠᠭ᠎ᠠ ᠨᠢ ᠦᠡᠭᠬᠡᠷᠡᠭᠰᠡᠨ ᠡᠮ ᠤᠨ | ᠵᠦᠢᠯᠡᠰ ᠣᠷᠴᠢᠨ ᠲᠣᠭᠤᠷᠢᠨ ᠢ ᠬᠦᠨᠳᠦ ᠨᠣᠴᠢᠲᠠᠢ ᠪᠠᠷ ᠪᠤᠬᠢᠷᠳᠤᠭᠤᠯᠳᠠᠭ ᠢ ᠮᠡᠳᠡᠬᠦ ᠪᠤᠯᠬᠤᠷ ᠶᠠᠭᠠᠬᠢᠵᠤ ᠰᠢᠢᠳᠪᠦᠷᠢᠯᠡᠬᠦ ᠪᠠᠨ ᠤᠯᠵᠦ ᠶᠠᠳᠠᠵᠦ ᠪᠠᠶᠢᠪᠠ ᠂ ᠨᠡᠶᠢᠭᠡᠮ | ᠲᠣᠭᠤᠷᠢᠭ ᠲᠤ ᠬᠤᠭᠤᠴᠠᠭ᠎ᠠ ᠨᠢ ᠦᠡᠭᠬᠡᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ ᠥᠷᠲᠡᠭᠡ ᠭᠠᠷᠭᠠᠬᠰᠠᠨ ᠠᠴᠠ ᠪᠢᠳᠠᠨ ᠳᠤ ᠮᠠᠰᠢ ᠳᠥᠭᠦᠮ ᠪᠣᠯᠵᠤ ᠂ | ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ ᠭᠠᠵᠠᠷ ᠲᠠᠢ ᠪᠤᠯᠤᠬᠰᠠᠨ ᠮᠥᠷᠲᠡᠭᠡᠨ ᠪᠢᠳᠡᠨ ᠳᠤ ᠪᠠᠰᠠ ᠪᠠᠭ᠎ᠠ ᠰᠠᠭ᠎ᠠ ᠠᠰᠢᠭ ᠤᠷᠤᠯᠭ᠎ᠠ | ᠬᠦᠷᠳᠡᠬᠡᠵᠦ ᠪᠠᠶᠢᠨ᠎ᠠ ᠂ ᠡᠨᠡ ᠨᠢ ᠶᠡᠭᠡ ᠳᠥᠭᠦᠮ ᠪᠠᠶᠢᠨ᠎ᠠ 》ᠭᠡᠵᠦ ᠰᠠᠭᠤᠭᠠᠯᠢ ᠠᠷᠠᠳ ᠵᠠᠩ ᠹᠠᠩ ᠶᠠᠷᠢᠨ᠎ᠠ ᠃ | | ᠶᠢᠩ ᠽᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠲᠣᠭᠤᠷᠢᠭ ᠲᠤ 52 ᠰᠠᠭᠤᠭᠠᠯᠢ ᠠᠷᠠᠳ ᠤᠨ ᠲᠣᠭᠤᠷᠢᠭ ᠂ 1580 ᠠᠰᠠᠷ ᠤᠨ | ᠤᠷᠤᠴᠠ ᠲᠠᠢ ᠪᠠᠶᠢᠵᠦ ᠂ ᠪᠠᠶᠢᠩᠭᠤ ᠰᠠᠭᠤᠭ᠎ᠠ ᠬᠥᠮᠥᠨ ᠠᠮᠠ 28842 ᠡᠷᠦᠬᠡ ᠪᠤᠢ ᠃ ᠣᠳᠣᠬᠠᠨ ᠳᠤ ᠂ ᠨᠡᠶᠢᠭᠡᠮ ᠲᠣᠭᠤᠷᠢᠭ ᠤᠨ ᠬᠤᠭᠤᠴᠠᠭ᠎ᠠ ᠨᠢ | ᠦᠡᠭᠬᠡᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ ᠦᠷᠲᠡᠭᠡ ᠨᠢ ᠰᠠᠭᠤᠭᠠᠯᠢ ᠠᠷᠠᠳ ᠲᠤ ᠶᠡᠭᠡ ᠪᠠᠷ ᠬᠦᠷᠢᠶᠡᠯᠡᠭᠳᠡᠵᠦ ᠂ ᠤᠯᠠᠨ ᠢᠶᠠᠷ ᠢᠶᠠᠨ ᠭᠡᠷ ᠲᠠᠬᠢ | ᠬᠤᠭᠤᠴᠠᠭ᠎ᠠ ᠨᠢ ᠦᠡᠭᠬᠡᠷᠡᠭᠰᠡᠨ ᠡᠮ ᠤᠨ ᠵᠦᠢᠯᠡᠰ ᠢ ᠴᠡᠪᠡᠷᠯᠡᠨ ᠂ ᠡᠨᠡᠬᠦ ᠠᠵᠢᠯ ᠳᠤ ᠢᠳᠡᠪᠬᠢᠲᠡᠢ ᠣᠷᠣᠯᠴᠠᠵᠤ ᠪᠠᠶᠢᠨ᠎ᠠ ᠃ | ︽ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠪᠠᠷ ᠂ ᠵᠡᠭᠦᠨᠭᠠᠷ ᠬᠤᠰᠢᠭᠤᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠡᠷ ᠪᠦᠯᠢ ᠶᠢᠨ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ ᠠᠵᠢᠯ ᠢ | ᠴᠢᠬᠤᠯᠠᠴᠢᠯᠠᠭᠰᠠᠭᠠᠷ ᠢᠷᠡᠪᠡ ᠃ 2023 ᠣᠨ ᠤ ᠰᠡᠭᠦᠯᠴᠢ ᠪᠠᠷ ᠪᠠᠯᠭᠠᠰᠤᠨ ᠤ ᠲᠣᠭᠤᠷᠢᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠂ ᠨᠡᠶᠢᠭᠡᠮ | ᠲᠣᠭᠤᠷᠢᠭ ᠲᠤ ᠭᠡᠷ ᠪᠦᠯᠢ ᠶᠢᠨ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ ᠮᠠᠰᠢᠨ ᠢ 5 ᠤᠷᠤᠭᠤᠯᠤᠨ ᠲᠤᠬᠢᠷᠠᠭᠤᠯᠬᠤ ᠶᠢᠨ ᠲᠠᠭᠠᠤ | ᠨᠡᠶᠢᠲᠡ ᠶᠢᠨ ᠠᠰᠠᠷᠠᠮᠵᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠩᠨᠠᠯ ᠤᠯᠭᠤᠬᠰᠠᠨ ᠠᠴᠠ ᠰᠠᠭᠤᠭᠠᠯᠢ ᠠᠷᠠᠳ ᠤᠨ ᠬᠦᠷᠢᠶᠡᠯᠡᠯ ᠪᠠ ᠳᠡᠮᠵᠢᠯᠭᠡ ᠶᠢ ᠶᠡᠭᠡ | ᠪᠠᠷ ᠣᠯᠪᠠ ᠃ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠪᠣᠯ ᠬᠤᠤᠷ ᠲᠠᠢ ᠬᠠᠶᠠᠭᠳᠠᠮᠠᠯ ᠡᠳ᠋ ᠲᠤ ᠲᠤᠭᠠᠴᠠᠬᠳᠠᠬᠤ ᠪᠤᠯᠬᠤᠷ ᠡᠨᠡ ᠬᠦ ᠬᠤᠷᠢᠶᠠᠨ ᠠᠪᠬᠤ | ᠠᠷᠭ᠎ᠠ ᠬᠡᠮᠵᠢᠶ᠎ᠡ ᠨᠢ ᠠᠷᠠᠳ ᠲᠦᠮᠡᠨ ᠤ ᠡᠷᠡᠭᠦᠯ ᠮᠡᠨᠳᠦ ᠵᠢᠴᠢ ᠡᠮ ᠤᠨ ᠵᠦᠢᠯᠡᠰ ᠤᠨ ᠠᠮᠤᠷ ᠲᠦᠪᠰᠢᠨ ᠲᠠᠢ ᠬᠤᠯᠪᠤᠬᠳᠠᠵᠦ ᠪᠠᠶᠢᠬᠤ ᠪᠤᠯᠬᠤᠷ ᠪᠢᠳᠠ ᠥᠷᠭᠡᠨ | ᠣᠯᠠᠨ ᠬᠤᠲᠠ ᠶᠢᠨ ᠠᠷᠠᠳ ᠢ ᠡᠮ ᠢᠶᠠᠨ ᠠᠮᠤᠷ ᠲᠦᠪᠰᠢᠨ ᠬᠡᠷᠡᠭᠯᠡᠵᠦ ᠂ ᠣᠷᠴᠢᠨ ᠲᠣᠭᠤᠷᠢᠨ ᠢ ᠬᠠᠮᠠᠭᠠᠯᠠᠬᠤ ᠪᠣᠭᠤᠮᠲᠠ ᠶᠢ ᠬᠠᠮᠲᠤ ᠪᠠᠷ ᠰᠠᠶᠢᠲᠤᠷ ᠰᠠᠬᠢᠵᠦ ᠂ | ᠡᠷᠡᠭᠦᠯ ᠡᠩᠬᠡ ᠶᠢᠨ ᠵᠡᠭᠦᠨᠭᠠᠷ ᠢᠶᠠᠨ ᠰᠠᠶᠢᠳᠤᠷ ᠬᠠᠮᠠᠭᠠᠯᠠᠨ ᠴᠤᠬᠴᠠᠯᠠᠬᠤ ᠶᠢ ᠠᠳᠡ ᠠᠴᠠ ᠤᠷᠢᠶᠠᠯᠠᠵᠤ ᠪᠠᠶᠢᠨ᠎ᠠ ᠃ ᠳᠠᠷᠠᠭᠠᠴᠢ ᠪᠠᠷ ᠂ ᠪᠢᠳᠡ ᠰᠢᠨ᠎ᠡ ᠡᠬᠦᠳᠦᠯᠳᠡ | ᠶᠢᠨ ᠠᠷᠭ᠎ᠠ ᠪᠠᠷᠢᠯ ᠢ ᠰᠦᠪᠡᠭᠴᠢᠯᠡᠵᠦ ᠂ ᠠᠯᠢ ᠴᠢᠳᠠᠬᠤ ᠪᠠᠷ ᠡᠨᠡᠬᠦ ᠠᠵᠢᠯ ᠢᠶᠠᠨ ᠦᠨᠳᠦᠰᠦᠨ ᠱᠠᠳᠤᠨ ᠤ ᠰᠢᠶᠠᠩ ᠪᠠᠯᠭᠠᠰᠤᠨ ᠳᠤ ᠬᠦᠷᠳᠡᠯ᠎ᠠ ᠦᠷᠬᠦᠯᠵᠢᠯᠡᠬᠦᠯᠦᠨᠠ ︾ | ᠭᠡᠵᠦ ᠵᠡᠭᠦᠨᠭᠠᠷ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠡᠮ ᠤᠨ ᠵᠦᠢᠯᠡᠰ ᠡᠮᠴᠢᠯᠡᠭᠡᠨ ᠤ ᠪᠠᠭᠠᠵᠢ ᠬᠡᠷᠡᠭᠰᠡᠯ ᠤᠨ | ᠬᠢᠨᠠᠯᠲᠠ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠸᠠᠩ ᠵᠢᠢ ᠷᠦᠩ ᠶᠠᠷᠢᠨ᠎ᠠ ᠃ | ᠣᠶᠢᠯᠠᠭᠠᠭᠰᠠᠨ ᠢᠶᠠᠷ ᠂ ᠵᠡᠭᠦᠨᠭᠠᠷ ᠬᠤᠰᠢᠭᠤ ᠭᠡᠷ ᠪᠦᠯᠢ ᠶᠢᠨ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ ᠴᠡᠭ ᠭᠠᠷᠭᠠᠵᠤ ᠂ ᠭᠡᠷ | ᠪᠦᠯᠢ ᠶᠢᠨ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ ᠣᠶᠤᠨᠴᠢ ᠪᠠᠷ ᠬᠤᠷᠢᠶᠠᠨ ᠠᠪᠬᠤ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ︽ | ᠲᠤᠬᠳᠠᠬᠰᠠᠨ ᠴᠡᠭ ᠲᠤ ᠬᠤᠷᠢᠶᠠᠨ ᠠᠪᠬᠤ ᠂ ᠮᠡᠳᠡᠭᠡ ᠵᠠᠩᠬᠢᠵᠢᠭᠤᠯᠤᠨ ᠲᠠᠩᠰᠠᠯᠠᠭᠤᠯᠬᠤ ᠂ ᠱᠠᠩᠨᠠᠨ ᠵᠣᠷᠢᠭᠵᠢᠭᠤᠯᠬᠤ ᠂ ᠨᠢᠭᠡᠳᠦᠯᠲᠡᠢ ᠤᠰᠠᠳᠬᠠᠬᠤ ᠂ ᠭᠦᠢᠯᠭᠡᠭᠡᠨ ᠤ | ᠴᠢᠭᠯᠡᠯ ᠢ ᠨᠡᠬᠡᠵᠦ ᠪᠤᠯᠬᠤ ︾ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯᠡᠰ ᠢ ᠬᠤᠷᠢᠶᠠᠨ ᠠᠪᠬᠤ ᠲᠣᠭᠲᠠᠴᠠ ᠶᠢ ᠪᠤᠢ ᠪᠤᠯᠭᠠᠵᠦ ᠂ ᠬᠤᠷᠢᠶᠠᠨ ᠠᠪᠤᠭᠰᠠᠨ | ᠡᠮ ᠤᠨ ᠵᠦᠢᠯᠡᠰ ᠢᠶᠠᠨ ᠲᠥᠪᠯᠡᠷᠡᠭᠦᠯᠦᠨ ᠬᠤᠣᠷ ᠦᠭᠡᠢ ᠰᠢᠢᠳᠪᠤᠷᠢᠯᠡᠬᠦ ᠪᠠᠷ ᠪᠠᠶᠢᠨ᠎ᠠ ᠃ | |