| ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠣᠶᠢᠷ᠎ᠠ ᠶᠢᠨ ᠡᠳᠦᠷ ᠬᠤᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠂ ᠬᠤᠨᠠᠨ ᠤ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ | ᠴᠣᠭᠴᠠᠯᠠᠬᠤ ᠳᠤᠮᠳᠠᠬᠢ ᠲᠤᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠᠨ ᠪᠠᠲᠤ ᠡᠵᠡᠮᠳᠡᠵᠦ ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ ᠂ ᠤᠯᠤᠰ ᠤᠨ ᠴᠢᠬᠤᠯᠠ ᠲᠡᠷᠢᠭᠦᠨ ᠤ ᠦᠢᠯᠡᠳᠬᠦ ᠦᠢᠯᠡᠰ ᠤᠨ | ᠥᠨᠳᠦᠷᠯᠢᠭ ᠂ ᠭᠤᠣᠯᠯᠠᠬᠤ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠂ ᠳᠣᠲᠣᠭᠠᠳᠤ | ᠬᠠᠭᠤᠷᠠᠢ ᠶᠢᠨ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ ᠶᠢᠨ ᠥᠨᠳᠦᠷᠯᠢᠭ ᠢ ᠴᠣᠭᠴᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠳᠤᠮᠳᠠ ᠣᠷᠣᠨ ᠤ | ᠭᠠᠵᠠᠷ ᠣᠷᠣᠨ ᠤ ᠬᠥᠭᠵᠢᠯ ᠮᠠᠨᠳᠤᠯ ᠪᠠ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠬᠤ ᠳᠤᠮᠳᠠ ᠭᠠᠪᠰᠢᠭᠠᠶᠢᠯᠠᠨ ᠲᠡᠮᠡᠴᠡᠵᠦ | ᠲᠡᠷᠢᠭᠦᠨ ᠤ ᠬᠢ ᠪᠤᠯᠬᠤ ᠪᠠᠷ ᠴᠢᠷᠮᠠᠶᠢᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠤᠨᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ | ᠭᠡᠵᠦ ᠴᠢᠬᠤᠯᠠᠴᠢᠯᠠᠪᠠ ᠃ | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 18 ᠤ ᠦᠳᠡ ᠶᠢᠨ ᠬᠤᠶᠢᠨ᠎ᠠ ᠂ | ᠰᠢ ᠶᠢᠨ ᠫᠢᠩ ᠳᠤᠮᠳᠠᠳᠤ ᠭᠧᠷᠮᠠᠨ ᠤ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠤᠯᠬᠤ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ ᠬᠢᠵᠠᠭᠠᠷᠲᠤ | ᠺᠤᠮᠫᠠᠨᠢ ᠳᠤ ᠰᠢᠨᠵᠢᠯᠡᠨ ᠪᠠᠶᠢᠴᠠᠭᠠᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 19 ᠤ ᠦᠳᠡ ᠶᠢᠨ ᠬᠤᠶᠢᠨ᠎ᠠ ᠂ | ᠰᠢ ᠶᠢᠨ ᠫᠢᠩ ᠴᠠᠩᠳᠧ ᠬᠤᠳᠠ ᠶᠢᠨ ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠠᠮᠤ ᠪᠤᠳᠠᠭ᠎ᠠ ᠲᠠᠷᠢᠬᠤ | ᠲᠣᠮᠣ ᠡᠷᠦᠭᠡ ᠂ ᠲᠠᠷᠢᠶᠠᠯᠠᠩ ᠤᠨ ᠮᠡᠷᠭᠡᠵᠢᠯᠲᠡᠨ ᠂ ᠦᠨᠳᠦᠰᠦᠨ ᠱᠠᠲᠤᠨ ᠤ ᠺᠠᠳ᠋ᠷ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | 3 ᠰᠠᠷ᠎ᠠ ᠶᠢᠨ 18 ᠠᠴᠠ 21 ᠤ ᠡᠳᠦᠷ ᠪᠤᠯᠲᠠᠯ᠎ᠠ ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠪᠣᠯᠣᠨ | ᠮᠤᠵᠢ ᠶᠢᠨ ᠳᠠᠷᠤᠭ᠎ᠠ ᠮᠣᠣ ᠸᠧᠢ ᠮᠢᠩ ᠤᠨ ᠪᠠᠷ᠎ᠠ ᠪᠤᠯᠣᠯᠭ᠎ᠠ ᠪᠠᠷ ᠤᠷᠢᠳ ᠬᠤᠵᠢᠳ ᠴᠠᠩᠱᠠ ᠂ ᠴᠠᠩᠳᠧ ᠵᠡᠷᠭᠡ ᠭᠠᠵᠠᠷ ᠲᠤ ᠬᠦᠷᠴᠦ ᠂ ᠰᠤᠷᠭᠠᠭᠤᠯᠢ ᠂ ᠠᠵᠤ | ᠠᠬᠤᠶᠢᠯᠠᠯ ᠂ ᠲᠡᠦᠬᠡ ᠰᠣᠶᠣᠯ ᠤᠨ ᠵᠡᠭᠡᠯᠢ ᠲᠣᠭᠤᠷᠢᠭ ᠂ ᠬᠥᠳᠡᠭᠡ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ ᠃ | 18 ᠤ ᠦᠳᠡ ᠶᠢᠨ ᠬᠤᠶᠢᠨ᠎ᠠ ᠂ ᠰᠢ ᠶᠢᠨ ᠫᠢᠩ ᠬᠤᠨᠠᠨ ᠤ ᠨᠢᠭᠡᠳᠦᠭᠡᠷ ᠪᠠᠭᠰᠢ ᠶᠢᠨ ᠳᠡᠭᠡᠳᠦ ᠰᠤᠷᠭᠠᠭᠤᠯᠢ ︵ ᠴᠧᠩ ᠨᠠᠨ ᠪᠢᠴᠢᠭ ᠤᠨ ᠬᠦᠷᠢᠶᠡᠯᠡᠩ | ᠰᠤᠷᠭᠠᠭᠤᠯᠢ ᠶᠢᠨ ᠲᠣᠭᠤᠷᠢᠭ ︶ ᠳᠤ ᠬᠦᠷᠴᠦ ᠰᠢᠨᠵᠢᠯᠡᠨ ᠪᠠᠶᠢᠴᠠᠭᠠᠪᠠ ᠃ ᠲᠤᠰ ᠰᠤᠷᠭᠠᠭᠤᠯᠢ ᠰᠦᠩ ᠤᠯᠤᠰ ᠤᠨ ᠦᠶ᠎ᠡ ᠳᠤ ᠪᠠᠶᠢᠭᠤᠯᠤᠭᠰᠠᠨ ᠴᠧᠩ ᠨᠠᠨ | ᠪᠢᠴᠢᠭ ᠤᠨ ᠬᠦᠷᠢᠶᠡᠯᠡᠩ ᠪᠠᠶᠢᠵᠤ ᠂ ᠣᠶᠢᠷ᠎ᠠ ᠦᠶ᠎ᠡ ᠠᠴᠠ ᠨᠠᠭᠠᠰᠢ ᠨᠢᠭᠡ ᠪᠦᠯᠦᠭ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢ ᠪᠠ | ᠨᠡᠷᠡᠳᠤ ᠪᠠᠭᠰᠢ ᠮᠡᠷᠭᠡᠵᠢᠯᠲᠡᠨ ᠢ ᠬᠥᠮᠥᠵᠢᠭᠦᠯᠵᠡᠢ ᠃ ᠰᠢ ᠶᠢᠨ ᠫᠢᠩ ᠵᠠᠯᠠᠭᠤ ᠨᠠᠰᠤᠨ ᠤ ᠮᠠᠤ ᠽᠧ ᠳ᠋ᠦᠩ ᠭᠤᠣᠯ ᠰᠡᠳᠦᠪᠲᠦ ᠥᠵᠡᠰᠭᠦᠯᠡᠩ ᠢ ᠲᠣᠭᠤᠷᠢᠨ ᠦᠵᠡᠵᠦ ᠂ | ᠳᠡᠭᠡᠳᠦ ᠰᠤᠷᠭᠠᠭᠤᠯᠢ ᠶᠢᠨ ᠬᠥᠭᠵᠢᠯᠲᠡ ᠶᠢᠨ ᠤᠯᠠᠷᠢᠯ ᠬᠤᠪᠢᠰᠤᠯ ᠪᠣᠯᠣᠨ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠪᠠᠶᠢᠬᠤ ᠵᠡᠷᠭᠡ ᠪᠠᠶᠢᠳᠠᠯ ᠢ | ᠣᠶᠢᠯᠠᠭᠠᠪᠠ ᠃ ᠳᠡᠭᠡᠳᠦ ᠰᠤᠷᠭᠠᠭᠤᠯᠢ ᠶᠢᠨ ᠶᠡᠭᠡ ᠲᠢᠩᠬᠢᠮ ᠳᠤ ᠂ ᠰᠢ ᠶᠢᠨ ᠫᠢᠩ ᠪᠠᠭᠰᠢ ᠰᠤᠷᠤᠬᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠪᠠ ᠃ | ᠲᠡᠷᠡ ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ ᠬᠡᠷᠡᠭᠲᠡᠢ ᠃ ᠬᠤᠨᠠᠨ ᠤ ᠨᠢᠭᠡᠳᠦᠭᠡᠷ ᠪᠠᠭᠰᠢ ᠶᠢᠨ | ᠳᠡᠭᠡᠳᠦ ᠰᠤᠷᠭᠠᠭᠤᠯᠢ ᠪᠣᠯ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠥᠷᠨᠢᠭᠦᠯᠬᠦ ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ ᠰᠠᠶᠢᠨ ᠭᠠᠵᠠᠷ ᠮᠥᠨ ᠂ | ᠡᠨᠡ ᠬᠦ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ ᠬᠡᠷᠡᠭᠯᠡᠬᠦ ᠬᠡᠷᠡᠭᠲᠡᠢ ᠃ ᠰᠤᠷᠭᠠᠭᠤᠯᠢ ᠶᠢᠨ ᠬᠢᠨ ᠶᠣᠰᠣ ᠰᠤᠷᠲᠠᠬᠤᠨ ᠢᠶᠠᠷ ᠬᠥᠮᠥᠨ ᠢ | ᠬᠥᠮᠥᠵᠢᠭᠦᠯᠵᠦ ᠂ ᠪᠠᠭᠰᠢ ᠨᠠᠷ ᠰᠢᠯᠢᠳᠡᠭ ᠰᠠᠶᠢᠨ ᠪᠠᠭᠰᠢ ᠪᠤᠯᠬᠤ ᠳᠤ ᠂ ᠰᠤᠷᠤᠬᠴᠢᠳ ᠤᠨ ᠮᠡᠳᠡᠯᠭᠡ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠶᠢ | ᠴᠢᠬᠤᠯᠠᠴᠢᠯᠠᠬᠤ ᠪᠠᠷ ᠪᠠᠷᠠᠬᠤ ᠦᠭᠡᠢ ᠨᠡᠩ ᠴᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠠᠶᠢᠲᠤᠷ ᠣᠷᠣᠵᠤ ᠂ ᠰᠤᠷᠤᠬᠴᠢᠳ ᠤᠨ ᠡᠷᠬᠢᠮ ᠮᠣᠷᠠᠯ ᠲᠠᠢ | ᠪᠣᠯᠵᠤ ᠢᠴᠢᠭᠦᠷᠢ ᠭᠤᠲᠤᠮᠰᠢᠭ ᠢ ᠮᠡᠳᠡᠵᠦ ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠲᠤ ᠪᠤᠢ ᠪᠤᠯᠭᠠᠵᠤ ᠂ ᠡᠬᠡ ᠤᠯᠤᠰ ᠤᠨ ᠢᠶᠠᠨ | ᠲᠥᠯᠥᠭᠡ ᠵᠢᠳᠬᠦᠵᠦ ᠤᠯᠤᠰ ᠢᠶᠠᠨ ᠬᠦᠴᠦᠷᠬᠡᠭᠵᠢᠭᠦᠯᠬᠦ ᠶᠡᠭᠡ ᠬᠦᠰᠡᠯ ᠵᠣᠷᠢᠯᠲᠠ ᠶᠢ ᠪᠤᠢ ᠪᠤᠯᠭᠠᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠤᠯᠬᠤ ᠪᠠᠷ ᠴᠢᠷᠮᠠᠶᠢᠬᠤ ᠶᠢ ᠬᠥᠮᠥᠵᠢᠭᠦᠯᠵᠦ | ᠬᠥᠲᠥᠯᠥᠨ ᠵᠢᠯᠤᠭᠤᠳᠬᠤ ᠬᠡᠷᠡᠭᠲᠡᠢ ᠭᠡᠵᠡᠢ ᠃ | ᠲᠠᠷᠠᠭ᠎ᠠ ᠨᠢ ᠂ ᠰᠢ ᠶᠢᠨ ᠫᠢᠩ ᠪᠠᠰᠹ ᠱᠠᠨ ᠱᠠᠨ ᠳ᠋ᠢᠶᠠᠨ ᡂᠢ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ ᠃ ᠡᠨᠡ ᠪᠣᠯ | ᠯᠢᠲ᠋ᠢ ᠢᠶᠤᠨ ᠳ᠋ᠢᠶᠠᠨ ᡂᠢ ᠶᠢᠨ ᠡᠶᠡᠷᠭᠦ ᠲᠦᠢᠯ ᠤᠨ ᠮᠠᠲ᠋ᠧᠷᠢᠶᠠᠯ ᠢ ᠰᠤᠳᠤᠯᠤᠨ ᠨᠡᠭᠡᠭᠡᠬᠦ ᠂ ᠦᠢᠯᠡᠳᠪᠦᠷᠢᠯᠡᠬᠦ ᠂ ᠪᠣᠷᠣᠯᠠᠭᠤᠯᠬᠤ ᠶᠢ ᠭᠤᠣᠯᠯᠠᠨ ᠡᠵᠡᠩᠨᠡᠵᠦ ᠪᠠᠶᠢᠭ᠎ᠠ | ᠳᠤᠮᠳᠠᠳᠤ ᠭᠧᠷᠮᠠᠨ ᠤ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠪᠣᠯᠣᠨ᠎ᠠ ᠃ ᠰᠢ ᠶᠢᠨ ᠫᠢᠩ ᠲᠤᠬᠠᠢ ᠶᠢᠨ ᠭᠠᠵᠠᠷ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠲᠦᠷᠭᠡᠳᠬᠡᠨ ᠬᠥᠭᠵᠢᠭᠦᠯᠵᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠴᠤ ᠂ ᠠᠵᠤ ᠠᠬᠤᠶᠢᠯᠠᠯ ᠤᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ ᠂ ᠮᠠᠲ᠋ᠧᠷᠢᠶᠠᠯ ᠤᠨ ᠴᠢᠳᠠᠪᠬᠢ ᠶᠢᠨ ᠰᠢᠯᠭᠠᠯᠲᠠ ᠶᠢᠨ ᠪᠠᠶᠢᠳᠠᠯ ᠪᠣᠯᠣᠨ | ᠳ᠋ᠢᠶᠠᠨ ᡂᠢ ᠶᠢᠨ ᠦᠢᠯᠡᠳᠪᠦᠷᠢᠯᠡᠯ ᠤᠨ ᠶᠠᠪᠤᠴᠠ ᠶᠢ ᠣᠶᠢᠯᠠᠭᠠᠪᠠ ᠃ ᠲᠡᠷᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠂ ᠴᠢᠨᠠᠷ ᠰᠠᠶᠢᠲᠠᠢ | ᠬᠥᠭᠵᠢᠯᠲᠡ ᠪᠣᠯ ᠠᠵᠤ ᠠᠬᠤᠶᠢᠯᠠᠯ ᠤᠨ ᠲᠠᠰᠤᠷᠠᠯᠲᠠ ᠦᠭᠡᠢ ᠦᠰᠦᠨ ᠪᠤᠵᠠᠭᠠᠶᠢᠷᠠᠵᠤ ᠂ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ ᠵᠠᠩᠭᠢᠯᠠᠭ᠎ᠠ ᠪᠣᠯᠣᠨ᠎ᠠ ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠂ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠡᠨᠡ ᠲᠠᠯ᠎ᠠ ᠪᠠᠷ ᠴᠥᠮ ᠶᠡᠭᠡ ᠵᠢᠳᠬᠦᠯ ᠴᠢᠷᠮᠠᠶᠢᠯᠭ᠎ᠠ ᠭᠠᠷᠭᠠᠵᠤ | ᠪᠣᠯᠣᠨ᠎ᠠ ᠃ ᠳᠤᠮᠳᠠᠳᠤ ᠤᠯᠤᠰ ᠨᠡᠭᠡᠭᠡᠯᠲᠡ ᠬᠢᠬᠦ ᠡᠭᠦᠳᠡ ᠪᠠᠨ ᠶᠠᠪᠤᠬᠤ ᠳᠤᠳᠤᠮ ᠶᠡᠭᠡ ᠨᠡᠭᠡᠭᠡᠨ᠎ᠡ ᠂ ᠪᠢᠳᠡ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ | ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ ᠂ ᠨᠡᠩ ᠤᠯᠠᠨ ᠭᠠᠳᠠᠭᠠᠳᠤ ᠶᠢᠨ ᠠᠵᠤ ᠠᠬᠤᠶᠢᠯᠠᠯ ᠤᠨ ᠳᠤᠮᠳᠠᠳᠤ ᠤᠯᠤᠰ ᠲᠤ ᠢᠷᠡᠵᠦ ᠪᠡᠯᠡ ᠣᠷᠣᠭᠤᠯᠤᠨ | ᠬᠥᠭᠵᠢᠬᠦ ᠶᠢ ᠪᠠᠶᠠᠷᠯᠠᠨ ᠤᠭᠲᠤᠨ᠎ᠠ ᠭᠡᠵᠦ ᠴᠢᠬᠤᠯᠠᠴᠢᠯᠠᠪᠠ ᠃ | 19 ᠤ ᠡᠳᠦᠷ ᠂ ᠰᠢ ᠶᠢᠨ ᠫᠢᠩ ᠴᠠᠩᠳᠧ ᠬᠤᠳᠠ ᠳᠤ ᠰᠢᠨᠵᠢᠯᠡᠨ ᠪᠠᠶᠢᠴᠠᠭᠠᠪᠠ ᠃ ᠶᠤᠸᠠᠨᠵᠢᠶᠠᠩ ᠮᠥᠷᠡᠨ ᠤ ᠬᠥᠪᠡᠭᠡᠨ ᠳᠤ ᠪᠠᠶᠢᠷᠢᠯᠠᠭᠰᠠᠨ ᠴᠠᠩ ᠳ᠋ᠧ | ᠭᠤᠣᠯ ᠤᠨ ᠵᠡᠭᠡᠯᠢ ᠨᠢ ᠥᠨᠢ ᠤᠳᠠᠭᠠᠨ ᠲᠡᠦᠬᠡ ᠲᠠᠢ ᠪᠠᠶᠢᠵᠤ ᠂ 1943 ᠣᠨ ᠤ ᠴᠠᠩᠳᠧ ᠶᠢᠨ ᠳᠠᠶᠢᠯᠠᠯᠳᠤᠭᠠᠨ ᠳᠤ ᠡᠪᠳᠡᠭᠳᠡᠵᠦ ᠥᠩᠭᠡᠷᠡᠵᠡᠢ ᠃ ᠣᠶᠢᠷ᠎ᠠ ᠶᠢᠨ | ᠵᠢᠯ ᠠᠴᠠ ᠂ ᠴᠠᠩᠳᠧ ᠬᠤᠳᠠ ᠬᠠᠭᠤᠴᠢᠨ ᠵᠡᠭᠡᠯᠢ ᠶᠢᠨ ᠳᠦᠷᠰᠦ ᠪᠠᠶᠢᠳᠠᠯ ᠢ ᠰᠡᠷᠭᠦᠭᠡᠵᠦ ᠂ ᠲᠤᠰ ᠭᠠᠵᠠᠷ ᠢ ᠲᠡᠦᠬᠡ ᠰᠣᠶᠣᠯ ᠤᠨ ᠵᠡᠭᠡᠯᠢ ᠲᠣᠭᠤᠷᠢᠭ ᠪᠣᠯᠭᠠᠨ | ᠴᠣᠭᠴᠠᠯᠠᠪᠠ ᠃ ᠲᠤᠰ ᠡᠳᠦᠷ ᠤᠨ ᠦᠳᠡ ᠶᠢᠨ ᠡᠮᠦᠨ᠎ᠡ ᠂ ᠰᠢ ᠶᠢᠨ ᠫᠢᠩ ᠴᠠᠩ ᠳ᠋ᠧ ᠭᠤᠣᠯ ᠤᠨ ᠵᠡᠭᠡᠯᠢ ᠳᠤ ᠬᠦᠷᠴᠦ ᠂ ᠡᠯ᠎ᠡ ᠵᠦᠢᠯ ᠤᠨ ᠣᠨᠴᠠᠯᠢᠭᠲᠤ ᠢᠳᠡᠭᠡᠨ ᠂ | ᠣᠨᠴᠠ ᠭᠠᠷᠤᠯᠲᠠ ᠂ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠢ ᠪᠠᠶᠢᠴᠠᠭᠠᠨ ᠦᠵᠡᠵᠦ ᠂ ᠳᠡᠯᠭᠡᠭᠦᠷ ᠤᠨ ᠡᠵᠡᠨ ᠪᠣᠯᠣᠨ ᠵᠢᠭᠤᠯᠴᠢᠯᠠᠬᠰᠡᠳ ᠲᠠᠢ | ᠳᠣᠲᠣᠨᠣ ᠪᠠᠷ ᠶᠠᠷᠢᠯᠴᠠᠭᠰᠠᠨ ᠪᠥᠭᠡᠳ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠭᠦᠯᠭᠡ ᠶᠢ ᠰᠣᠨᠢᠷᠬᠠᠵᠤ ᠂ ᠴᠠᠩᠳᠧ ᠶᠢᠨ ᠬᠠᠭᠤᠴᠢᠨ | ᠬᠤᠳᠠ ᠶᠢᠨ ᠵᠡᠭᠡᠯᠢ ᠭᠤᠳᠤᠮᠵᠢ ᠶᠢᠨ ᠰᠡᠷᠭᠦᠭᠡᠨ ᠵᠠᠰᠠᠯᠲᠠ ᠪᠠ ᠠᠰᠢᠭᠯᠠᠯᠲᠠ ᠂ ᠬᠤᠳᠠ ᠶᠢᠨ ᠲᠥᠯᠦᠪᠵᠢᠭᠦᠯᠭᠡ ᠂ ᠤᠰᠤᠨ ᠤ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠵᠠᠰᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠰᠢ ᠶᠢᠨ ᠫᠢᠩ ᠂ ᠤᠯᠠᠨ ᠶᠠᠩᠵᠤ ᠶᠢᠨ ᠣᠷᠣᠨ ᠨᠤᠲᠤᠭ ᠤᠨ ᠣᠨᠴᠠᠯᠢᠭᠲᠤ ᠤᠯᠠᠮᠵᠢᠯᠠᠯᠲᠤ | ᠰᠣᠶᠣᠯ ᠨᠢ ᠭᠡᠷᠡᠯ ᠰᠠᠴᠤᠷᠠᠩᠭᠤᠢ ᠳᠤᠮᠳᠠᠳᠤ ᠶᠢᠨ ᠪᠣᠯᠪᠠᠰᠤᠨ ᠢ ᠬᠠᠮᠲᠤ ᠪᠠᠷ ᠪᠦᠷᠢᠯᠳᠦᠭᠦᠯᠦᠭᠰᠡᠨ ᠪᠥᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢ ᠴᠦ | ᠠᠬᠢᠭᠤᠯᠪᠠ ᠃ ᠴᠠᠩᠳᠧ ᠪᠣᠯ ᠰᠣᠶᠣᠯ ᠤᠨ ᠤᠯᠠᠮᠵᠢᠯᠠᠯ ᠵᠠᠯᠭᠠᠮᠵᠢᠯᠠᠯ ᠲᠠᠢ ᠭᠠᠵᠠᠷ ᠪᠣᠯᠣᠨ᠎ᠠ ᠂ ᠠᠳᠡᠬᠢ ᠴᠤᠭᠤᠷ ᠵᠦᠴᠦᠭᠡ ᠂ ᠥᠨᠳᠥᠷ ᠠᠶᠠᠯᠭᠤᠲᠤ ᠵᠦᠴᠦᠭᠡ ᠂ | ᠪᠦᠷᠢᠶ᠎ᠡ ᠵᠡᠷᠭᠡ ᠶᠢ ᠵᠣᠬᠢᠰᠲᠠᠢ ᠠᠴᠢᠶᠠᠯᠠᠪᠤᠷᠢ ᠪᠠᠷ ᠰᠠᠶᠢᠲᠤᠷ ᠤᠯᠠᠮᠵᠢᠯᠠᠨ ᠠᠰᠢᠭᠯᠠᠵᠤ ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠰᠠᠶᠢᠲᠤᠷ ᠬᠥᠭᠵᠢᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ ᠃ | ᠬᠤᠨᠠᠨ ᠪᠣᠯ ᠪᠦᠭᠦ ᠤᠯᠤᠰ ᠤᠨ 13 ᠠᠮᠤ ᠪᠤᠳᠠᠭᠠᠨ ᠤ ᠭᠤᠣᠯ ᠭᠠᠷᠤᠯᠲᠠ ᠶᠢᠨ ᠮᠤᠵᠢ ᠶᠢᠨ ᠨᠢᠭᠡ ᠪᠠᠶᠢᠵᠤ ᠂ ᠤᠰᠤᠨ ᠲᠤᠲᠤᠷᠭ᠎ᠠ ᠲᠠᠷᠢᠬᠤ ᠲᠠᠯᠠᠪᠠᠢ ᠂ | ᠶᠡᠷᠦᠩᠬᠡᠢ ᠤᠨᠠᠯᠲᠠ ᠨᠢ ᠴᠥᠮ ᠪᠦᠭᠦ ᠤᠯᠤᠰ ᠤᠨ ᠲᠡᠷᠢᠭᠦᠨ ᠳᠤ ᠣᠷᠣᠨ᠎ᠠ ᠃ ᠲᠤᠰ ᠡᠳᠦᠷ ᠤᠨ ᠦᠳᠡ ᠶᠢᠨ ᠬᠤᠶᠢᠨ᠎ᠠ ᠂ ᠰᠢ ᠶᠢᠨ ᠫᠢᠩ ᠴᠠᠩᠳᠧ ᠬᠤᠳᠠ ᠶᠢᠨ | ᠳ᠋ᠢᠩᠴᠧᠩ ᠲᠣᠭᠤᠷᠢᠭ ᠤᠨ ᠰᠢᠶᠧ ᠵᠢᠶᠠ ᠫᠦ᠋ ᠪᠠᠯᠭᠠᠰᠤ ᠶᠢᠨ ᠭᠠᠩ ᠵᠦᠩ ᠫᠢᠩ ᠲᠣᠰᠬᠤᠨ ᠳᠤ ᠬᠦᠷᠴᠦ ᠂ ᠲᠤᠬᠠᠢ ᠶᠢᠨ ᠭᠠᠵᠠᠷ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠲᠦᠮᠡᠨ ᠮᠦ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ ᠂ ᠴᠢᠬᠢ ᠪᠤᠶᠢᠵᠢᠭᠤᠯᠬᠤ ᠪᠠ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠠᠬᠢᠴᠠ ᠶᠢ ᠪᠠᠶᠢᠴᠠᠭᠠᠨ ᠦᠵᠡᠵᠦ ᠂ ᠲᠠᠷᠢᠶᠠᠯᠠᠩ ᠤᠨ ᠣᠳᠣᠬᠢᠴᠢᠯᠠᠯᠲᠠ ᠶᠢ ᠴᠢᠨᠠᠷ ᠰᠠᠶᠢᠲᠠᠢ ᠠᠬᠢᠭᠤᠯᠵᠤ ᠪᠠᠶᠢᠭ᠎ᠠ | ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠠᠮᠤ ᠪᠤᠳᠠᠭ᠎ᠠ ᠲᠠᠷᠢᠬᠤ ᠲᠣᠮᠣ ᠡᠷᠦᠭᠡ ᠂ ᠲᠠᠷᠢᠶᠠᠯᠠᠩ ᠤᠨ ᠮᠡᠷᠭᠡᠵᠢᠯᠲᠡᠨ ᠂ ᠦᠨᠳᠦᠰᠦᠨ ᠱᠠᠲᠤᠨ ᠤ | ᠺᠠᠳ᠋ᠷ ᠲᠠᠢ ᠨᠢᠭᠡᠳ ᠨᠢᠭᠡ ᠪᠠᠷ ᠣᠷᠣᠭᠤᠯᠤᠯᠲᠠ ᠭᠠᠷᠭᠠᠯᠲᠠ ᠶᠢᠨ ᠲᠠᠩᠰᠠ ᠶᠢ ᠪᠤᠳᠤᠵᠠᠢ ᠃ ᠰᠢ ᠶᠢᠨ ᠫᠢᠩ ᠂ ᠮᠠᠨ ᠤ ᠤᠯᠤᠰ 14 ᠳ᠋ᠦᠩᠰᠢᠭᠤᠷ ᠭᠠᠷᠤᠢ ᠬᠥᠮᠥᠨ | ᠠᠮᠠ ᠲᠠᠢ ᠂ ᠠᠮᠤ ᠪᠤᠳᠠᠭᠠᠨ ᠤ ᠠᠮᠤᠷ ᠲᠦᠪᠰᠢᠨ ᠢ ᠡᠷᠬᠡᠪᠰᠢ ᠥᠪᠡᠷ ᠤᠨ ᠪᠡᠶ᠎ᠡ ᠳᠡᠭᠡᠨ ᠲᠦᠰᠢᠭᠯᠡᠵᠦ ᠪᠠᠲᠤᠯᠠᠬᠤ ᠬᠡᠷᠡᠭᠲᠡᠢ ᠂ ᠳᠤᠮᠳᠠᠳᠤᠴᠤᠳ ᠤᠨ ᠪᠤᠳᠠᠭᠠᠨ | ᠠᠶᠠᠭ᠎ᠠ ᠳᠤ ᠭᠤᠣᠯᠳᠠᠭᠤ ᠳᠤᠮᠳᠠᠳᠤ ᠤᠯᠤᠰ ᠤᠨ ᠠᠮᠤ ᠪᠤᠳᠠᠭ᠎ᠠ ᠶᠢ ᠠᠶᠠᠭᠠᠯᠠᠪᠠᠯ ᠵᠣᠬᠢᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠦᠲᠦᠭᠡᠨ | ᠪᠠᠶᠢᠭᠤᠯᠵᠤ ᠂ ᠵᠣᠬᠢᠰᠲᠠᠢ ᠭᠡᠪᠴᠢᠶᠡᠵᠢᠯᠳᠤ ᠡᠵᠡᠩᠨᠡᠯᠲᠡ ᠶᠢ ᠬᠡᠷᠡᠭᠵᠢᠭᠦᠯᠵᠦ ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠵᠢᠱᠢᠶ᠎ᠡ ᠦᠵᠡᠭᠦᠯᠦᠨ ᠬᠥᠲᠥᠯᠥᠨ | ᠳᠠᠭᠠᠭᠤᠯᠬᠤ ᠶᠢ ᠴᠢᠩᠭᠠᠳᠬᠠᠵᠤ ᠂ ᠰᠠᠶᠢᠨ ᠦᠷ᠎ᠡ ᠂ ᠰᠠᠶᠢᠨ ᠠᠵᠠ ᠲᠣᠭᠢᠶᠠᠯ ᠂ ᠰᠠᠶᠢᠨ ᠠᠷᠭ᠎ᠠ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ ᠂ ᠨᠠᠷᠢᠯᠢᠭ | ᠲᠠᠷᠢᠵᠤ ᠨᠢᠮᠪᠠᠢ ᠠᠷᠠᠴᠢᠯᠠᠬᠤ ᠳᠡᠭᠡᠷ᠎ᠡ ᠬᠦᠴᠦ ᠲᠠᠯᠪᠢᠵᠤ ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ ᠂ | ᠠᠮᠤ ᠪᠤᠳᠠᠭ᠎ᠠ ᠲᠠᠷᠢᠭᠠᠳ ᠴᠦ ᠪᠠᠶᠠᠵᠢᠵᠤ ᠳᠡᠶᠢᠯᠭᠦ ᠪᠤᠯᠭᠠᠵᠤ ᠂ ᠡᠭᠦᠨ ᠤ ᠤᠯᠠᠮ ᠢᠶᠠᠷ ᠨᠡᠩ ᠤᠯᠠᠨ ᠲᠠᠷᠢᠶᠠᠴᠢᠨ ᠡᠷᠦᠭᠡ ᠶᠢ ᠲᠠᠲᠠᠵᠤ ᠣᠳᠣᠬᠢᠴᠢᠯᠠᠭᠰᠠᠨ ᠬᠠᠮ | ᠬᠥᠳᠡᠭᠡ ᠠᠵᠤ ᠠᠬᠤᠢ ᠶᠢ ᠬᠥᠭᠵᠢᠭᠦᠯᠬᠦ ᠳᠤ ᠣᠷᠣᠯᠴᠠᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ | ᠵᠠᠮ ᠢᠶᠠᠷ ᠯᠠᠪᠳᠠᠭᠤᠨ ᠪᠠᠲᠤᠲᠠᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠳᠠᠷᠠᠭ᠎ᠠ ᠨᠢ ᠰᠢ ᠶᠢᠨ ᠫᠢᠩ ᠠᠮᠤ ᠪᠤᠳᠠᠭ᠎ᠠ ᠶᠢᠨ ᠲᠣᠮᠣ ᠲᠠᠷᠢᠶᠠᠴᠢᠨ ᠡᠷᠦᠭᠡ ᠳ᠋ᠠᠢ ᠬᠤᠩ ᠤᠨ ᠬᠢᠨ ᠳᠤ ᠬᠦᠷᠴᠦ ᠂ ᠲᠠᠷᠢᠶᠠᠯᠠᠩ ᠤᠨ ᠮᠠᠰᠢᠨ ᠪᠠᠭᠠᠵᠢ ᠪᠣᠯᠣᠨ | ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ ᠪᠡᠯᠡᠳᠬᠡᠯ ᠢ ᠪᠠᠶᠢᠴᠠᠭᠠᠨ ᠦᠵᠡᠭᠰᠡᠨ ᠪᠥᠭᠡᠳ ᠲᠣᠰᠬᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠲᠤ ᠬᠦᠷᠴᠦ ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠂ ᠦᠨᠳᠦᠰᠦᠨ ᠱᠠᠲᠤᠨ ᠤ ᠵᠠᠰᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ ᠃ ᠲᠡᠷᠡ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠤᠨ ᠠᠰᠠᠭᠤᠳᠠᠯ ᠢ ᠡᠷᠡᠰ | ᠴᠡᠭᠴᠡᠯᠡᠨ ᠵᠠᠰᠠᠵᠤ ᠂ ᠴᠡᠷᠢᠭ ᠢ ᠰᠢᠯᠢᠳᠡᠭᠵᠢᠭᠦᠯᠦᠨ ᠵᠠᠰᠠᠭ ᠢ ᠴᠣᠮᠬᠠᠳᠬᠠᠵᠤ ᠂ ᠡᠨᠡ ᠬᠦ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠢ ᠭᠡᠵᠦ | ᠵᠢᠭᠠᠵᠤ ᠭᠠᠷᠭᠠᠵᠠᠢ ᠃ ᠲᠡᠷᠡ ᠂ ᠦᠨᠳᠦᠰᠦᠨ ᠱᠠᠲᠤᠨ ᠤ ᠺᠠᠳ᠋ᠷᠴᠤᠳ ᠢ ᠠᠵᠤ ᠦᠢᠯᠡᠰ ᠤᠨ ᠬᠥᠭᠵᠢᠯᠲᠡ ᠪᠣᠯᠣᠨ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ | ᠤᠯᠠᠨ ᠤ ᠤᠬᠠᠭᠠᠨ ᠬᠠᠮᠲᠤ ᠶᠢᠨ ᠬᠦᠴᠦᠨ ᠳᠤ ᠲᠦᠰᠢᠭᠯᠡᠨ ᠂ ᠲᠠᠷᠢᠶᠠᠴᠢᠨ ᠤᠯᠠᠨ ᠲᠦᠮᠡᠨ ᠳᠤ ᠮᠡᠳᠡᠷᠡᠭᠳᠡᠭᠰᠡᠨ ᠪᠣᠳᠠᠲᠠᠢ ᠠᠮᠵᠢᠯᠲᠠ ᠶᠢ ᠲᠠᠰᠤᠷᠠᠯᠲᠠ ᠦᠭᠡᠢ | ᠭᠠᠷᠭᠠᠭᠠᠷᠠᠢ ᠭᠡᠵᠦ ᠵᠣᠷᠢᠭᠵᠢᠭᠤᠯᠪᠠ ᠃ | ᠠᠶᠠᠷᠯᠠᠬᠤ ᠦᠶ᠎ᠡ ᠳᠤ ᠂ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ ᠶᠡᠷᠦᠩᠬᠡᠢ ᠱᠦᠵᠢ ᠶᠢ ᠦᠳᠡᠨ ᠮᠣᠷᠳᠠᠭᠤᠯᠪᠠ ᠃ ᠰᠢ ᠶᠢᠨ | ᠫᠢᠩ ᠭᠦᠨ ᠰᠡᠳᠬᠢᠯᠭᠡ ᠲᠠᠢ ᠪᠠᠷ ᠤᠯᠠᠨ ᠳᠤ ᠂ ᠨᠠᠮ ᠤᠨ ᠲᠥᠪ ᠬᠤᠷᠢᠶ᠎ᠠ ︽ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠂ ᠯᠠᠪᠲᠠᠢ ᠦᠨᠡᠨ ᠬᠦ ᠬᠦᠴᠦᠲᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ ᠂ ᠤᠯᠠᠨ ᠲᠦᠮᠡᠨ ᠤ ᠠᠩᠬᠠᠷᠴᠤ | ᠪᠠᠶᠢᠭ᠎ᠠ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠳᠤ ᠬᠠᠷᠢᠭᠤᠯᠲᠠ ᠥᠭᠴᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ | ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠤᠨ᠎ᠠ ᠭᠡᠵᠦ ᠬᠡᠯᠡᠪᠡ ᠃ ᠠᠯᠠᠭ᠎ᠠ ᠲᠡᠰᠢᠯᠲᠡ ᠶᠢᠨ ᠲᠠᠭᠤᠨ ᠲᠣᠰᠬᠤᠨ ᠳᠤ ᠤᠳᠠᠲᠠᠯ᠎ᠠ ᠴᠤᠤᠷᠢᠶᠠᠲᠤᠪᠠ ᠃ | 21 ᠤ ᠦᠳᠡ ᠶᠢᠨ ᠡᠮᠦᠨ᠎ᠡ ᠂ ᠰᠢ ᠶᠢᠨ ᠫᠢᠩ ᠬᠤᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ ᠂ ᠬᠤᠨᠠᠨ ᠤ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠶᠢ ᠨᠤᠲᠠᠯᠠᠪᠠ ᠃ | ᠰᠢ ᠶᠢᠨ ᠫᠢᠩ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠭᠤᠣᠯ ᠡᠯᠧᠮᠧᠨ᠋ᠲ ᠮᠥᠨ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ | ᠬᠥᠲᠥᠯᠥᠨ ᠳᠠᠭᠠᠭᠤᠯᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠦᠴᠦᠨ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ | ᠢᠳᠡᠪᠬᠢᠲᠡᠢ ᠣᠷᠣᠭᠤᠯᠤᠨ ᠠᠪᠴᠢᠷᠠᠵᠤ ᠂ ᠵᠠᠩᠭᠢᠯᠠᠭ᠎ᠠ ᠶᠢᠨ ᠬᠦᠷᠢᠶᠡᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ ᠂ ᠰᠢᠨ᠎ᠡ ᠶᠢ | ᠡᠭᠦᠳᠬᠦ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠲᠦᠷᠭᠡᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠃ ᠳᠠᠪᠠᠭᠤᠯᠢᠭ ᠠᠵᠤ | ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ ᠤᠨ ᠪᠣᠭᠤᠮᠲᠠ | ᠰᠢᠪᠲᠤᠯᠬᠤ ᠶᠢ ᠴᠢᠩᠭᠠᠳᠬᠠᠵᠤ ᠂ ᠲᠡᠷᠢᠭᠦᠨ ᠤ ᠦᠢᠯᠡᠳᠬᠦ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠠᠵᠤ ᠦᠢᠯᠡᠰ ᠢ ᠳᠡᠭᠡᠳᠦ | ᠲᠡᠰᠵᠢᠭᠦᠯᠭᠦ ᠂ ᠣᠶᠤᠨᠴᠢᠯᠠᠬᠤ ᠂ ᠪᠣᠬᠢᠷᠳᠤᠯ ᠦᠭᠡᠶᠢᠵᠢᠭᠦᠯᠭᠦ ᠬᠥᠭᠵᠢᠯᠲᠡ ᠶᠢ ᠠᠬᠢᠭᠤᠯᠵᠤ ᠂ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠭᠠᠳ ᠲᠦᠭᠵᠢᠷᠡᠯ ᠤᠨ ᠠᠰᠠᠭᠤᠳᠠᠯ ᠂ ᠬᠥᠭᠵᠢᠯᠲᠡ ᠶᠢᠨ | ᠣᠷᠴᠢᠨ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠪᠡᠷᠰᠢᠶᠡᠯ ᠬᠦᠴᠢᠷᠳᠡᠯ ᠤᠨ ᠠᠰᠠᠭᠤᠳᠠᠯ ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠠᠴᠠ | ᠲᠡᠷᠰᠯᠡᠭᠰᠡᠨ ᠭᠤᠣᠯᠳᠠᠯᠭ᠎ᠠ ᠬᠠᠯᠠᠮᠰᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ | ᠠᠷᠢᠯᠭᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠂ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠃ | ᠬᠤᠨᠠᠨ ᠤ ᠬᠢᠨ ᠥᠭᠡᠷᠡᠴᠢᠯᠡᠯᠲᠡ ᠶᠢ ᠰᠢᠰᠲ᠋ᠧᠮ ᠲᠠᠢ ᠨᠡᠶᠢᠳᠬᠡᠬᠦ ᠶᠢ ᠴᠢᠩᠭᠠᠳᠬᠠᠵᠤ ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠳᠤ ᠨᠡᠩ ᠰᠠᠶᠢᠨ ᠣᠷᠣᠯᠴᠠᠵᠤ ᠂ ᠳᠤᠮᠳᠠ ᠣᠷᠣᠨ ᠤ ᠬᠥᠭᠵᠢᠯ ᠮᠠᠨᠳᠤᠯ ᠪᠣᠯᠣᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ | ᠠᠭᠤᠰᠤᠯᠴᠠᠵᠤ ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠥᠨᠳᠥᠷ | ᠪᠠᠷᠢᠮᠵᠢᠶ᠎ᠠ ᠪᠠᠷ ᠰᠠᠶᠢᠲᠤᠷ ᠪᠦᠲᠦᠭᠡᠨ ᠪᠠᠶᠢᠭᠤᠯᠵᠤ ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠤᠷᠢᠳ ᠢᠶᠠᠷ | ᠬᠡᠷᠡᠭᠵᠢᠭᠦᠯᠬᠦ ᠣᠷᠣᠨ ᠢ ᠬᠦᠴᠦᠯᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃ | ᠰᠢ ᠶᠢᠨ ᠫᠢᠩ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠠᠬᠢ ︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠤᠨ ᠶᠡᠷᠦᠩᠬᠡᠢ ᠭᠠᠷᠳᠠᠴᠠ ᠮᠥᠨ ᠃ ᠬᠤᠨᠠᠨ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ ᠂ ᠦᠷ᠎ᠡ ᠪᠣᠯᠣᠨ ᠲᠠᠷᠢᠶᠠᠨ ᠭᠠᠵᠠᠷ ᠭᠡᠬᠦ ᠬᠤᠶᠠᠷ ᠠᠮᠢᠨ ᠭᠠᠵᠠᠷ ᠢ ᠠᠳᠬᠤᠵᠤ ᠂ ᠦᠷ᠎ᠡ ᠶᠢᠨ ᠦᠢᠯᠡᠰ ᠂ | ᠲᠠᠷᠢᠶᠠᠯᠠᠩ ᠤᠨ ᠮᠠᠰᠢᠨ ᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ ᠃ ᠬᠠᠮ ᠬᠥᠳᠡᠭᠡ ᠠᠵᠤ | ᠠᠬᠤᠢ ᠶᠢᠨ ᠦᠵᠡᠯᠲᠡ ᠂ ᠬᠠᠮ ᠢᠳᠡᠭᠡᠨ ᠤ ᠦᠵᠡᠯᠲᠡ ᠶᠢ ᠪᠠᠷᠢᠮᠲᠠᠯᠠᠵᠤ ᠂ ᠣᠨᠴᠠᠯᠢᠭᠲᠤ ᠲᠠᠷᠢᠶᠠᠯᠠᠩ ᠪᠠ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ | ᠦᠢᠯᠡᠰ ᠢ ᠢᠳᠡᠪᠬᠢᠲᠡᠢ ᠬᠥᠭᠵᠢᠭᠦᠯᠵᠦ ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠬᠤᠲᠠ ᠬᠥᠳᠡᠭᠡ ᠶᠢᠨ | ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ ᠂ ᠬᠤᠰᠢᠭᠤ ᠰᠢᠶᠠᠨ ᠤ ᠠᠵᠤ ᠠᠬᠤᠢ ᠶᠢ ᠪᠤᠵᠠᠭᠠᠶᠢᠷᠠᠭᠤᠯᠤᠨ ᠂ ᠬᠤᠲᠠ ᠬᠥᠳᠡᠭᠡ ᠶᠢᠨ ᠬᠦᠴᠦᠨ ᠵᠦᠢᠯ ᠤᠨ | ᠬᠤᠣᠰ ᠴᠢᠭᠯᠡᠯ ᠢᠶᠠᠷ ᠰᠢᠯᠵᠢᠭᠦ ᠶᠢ ᠰᠢᠯᠤᠭᠤᠳᠬᠠᠵᠤ ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠂ ᠬᠡᠪ ᠵᠠᠩᠰᠢᠯ ᠢ ᠥᠭᠡᠷᠡᠴᠢᠯᠡᠬᠦ ᠶᠢ ᠶᠡᠭᠡ ᠪᠠᠷ ᠠᠬᠢᠭᠤᠯᠬᠤ ᠬᠡᠷᠡᠭᠲᠡᠢ ᠃ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠭᠰᠠᠨ ᠥᠪᠡᠷᠲᠡᠭᠡᠨ ᠵᠠᠰᠠᠬᠤ ᠂ ᠬᠠᠤᠯᠢ ᠪᠠᠷ ᠵᠠᠰᠠᠬᠤ ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠢ ᠪᠦᠷᠢᠨᠰᠢᠭᠦᠯᠵᠦ ᠂ ᠰᠢᠨ᠎ᠡ ᠴᠠᠭ ᠦᠶ᠎ᠡ ᠶᠢᠨ ︽ ᠹᠸᠡᠭᠴᠢᠶᠤᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠬᠦ ᠬᠡᠷᠡᠭᠲᠡᠢ ᠃ ᠳᠠᠭᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ ᠂ ᠭᠡᠪᠴᠢᠶᠡᠵᠢᠲᠤ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠬᠤᠨᠠᠨ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠵᠦ ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ | ᠪᠠᠶᠢᠭᠤᠯᠬᠤ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ ᠂ ᠰᠠᠶᠢᠲᠤᠷ ᠬᠡᠷᠡᠭᠯᠡᠵᠦ ᠂ | ᠬᠤᠪᠢᠰᠬᠠᠯᠲᠤ ᠤᠯᠠᠮᠵᠢᠯᠠᠯ ᠪᠣᠯᠣᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ | ᠳᠠᠭᠠᠭᠤᠯᠵᠤ ᠪᠠᠶᠢᠭᠠᠳ ᠰᠢᠯᠢᠳᠡᠭ ᠤᠯᠠᠮᠵᠢᠯᠠᠯ ᠢ ᠪᠠᠳᠠᠷᠠᠭᠤᠯᠵᠤ ᠂ ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠵᠤ ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠤᠯᠭᠠᠬᠤ ᠬᠡᠷᠡᠭᠲᠡᠢ ᠃ | ᠰᠣᠶᠣᠯ ᠪᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠭᠤᠰᠤᠯᠴᠠᠯ ᠤᠨ ᠪᠦᠲᠦᠮᠵᠢᠲᠡᠢ ᠲᠣᠭᠲᠠᠴᠠ ᠶᠢ ᠬᠠᠶᠢᠨ ᠰᠦᠪᠡᠭᠴᠢᠯᠡᠵᠦ ᠂ ᠰᠢᠨ᠎ᠡ ᠮᠠᠶ᠋ᠢᠭ ᠤᠨ | ᠰᠣᠶᠣᠯ ᠤᠨ ᠡᠵᠡᠩᠨᠡᠯᠲᠡ ᠶᠢᠨ ᠭᠡᠯᠪᠡᠷᠢ ᠪᠠᠶᠢᠳᠠᠯ ᠢ ᠲᠦᠷᠭᠡᠳᠬᠡᠨ ᠬᠥᠭᠵᠢᠭᠦᠯᠵᠦ ᠂ ᠨᠡᠩ ᠤᠯᠠᠨ ᠰᠢᠨ᠎ᠡ ᠰᠣᠶᠣᠯ ᠤᠨ ᠠᠵᠤ ᠦᠢᠯᠡᠰ ᠤᠨ ᠨᠡᠮᠡᠭᠳᠡᠯ ᠤᠨ ᠴᠡᠭ ᠢ | ᠪᠤᠢ ᠪᠤᠯᠭᠠᠬᠤ ᠬᠡᠷᠡᠭᠲᠡᠢ ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠬᠤᠨᠠᠨ ᠤ ᠡᠬᠡ ᠭᠠᠵᠠᠷ ᠤᠨ ᠬᠥᠬᠡᠮᠳᠦᠭ ᠨᠣᠭᠤᠭᠠᠨ | ᠠᠭᠤᠯᠠ ᠤᠰᠤ ᠂ ᠴᠡᠯᠮᠡᠭ ᠲᠡᠭᠷᠢ ᠴᠡᠪᠡᠷ ᠬᠥᠷᠥᠰᠥ ᠶᠢ ᠰᠠᠶᠢᠲᠤᠷ ᠰᠠᠬᠢᠨ ᠬᠠᠮᠠᠭᠠᠯᠠᠵᠤ ᠂ ᠪᠠᠶᠢᠭᠠᠯᠢ ᠶᠢᠨ ᠥᠩᠭᠡ ᠦᠵᠡᠮᠵᠢ ᠪᠠ ᠰᠣᠶᠣᠯ ᠢᠷᠭᠡᠨᠰᠢᠯ ᠵᠠᠩ ᠵᠠᠩᠰᠢᠯ ᠢ | ᠵᠢᠭᠤᠯᠴᠢᠯᠠᠯ ᠤᠨ ᠦᠢᠯᠡᠰ ᠤᠨ ᠥᠨᠢᠳᠡ ᠶᠢᠨ ᠲᠠᠲᠠᠬᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ | ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠵᠥᠪ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ | ᠦᠢᠯᠡᠳᠦᠯᠭᠡᠵᠢᠭᠦᠯᠵᠦ ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ ᠂ ᠨᠠᠮ ᠤᠨ ᠭᠡᠰᠢᠭᠦᠨ ᠺᠠᠳ᠋ᠷᠴᠤᠳ ᠤᠨ | ᠰᠠᠬᠢᠯᠭ᠎ᠠ ᠪᠠᠲᠤ ᠶᠢ ᠰᠤᠷᠤᠯᠴᠠᠬᠤ ᠂ ᠰᠠᠬᠢᠯᠭ᠎ᠠ ᠪᠠᠲᠤ ᠶᠢ ᠮᠡᠳᠡᠬᠦ ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ | ᠵᠢᠯᠤᠭᠤᠳᠴᠤ ᠂ ᠤᠳᠤᠷᠢᠳᠬᠤ ᠺᠠᠳ᠋ᠷᠴᠤᠳ ᠤᠨ ᠵᠥᠪ ᠡᠷᠬᠡ ᠶᠢᠨ ᠦᠵᠡᠯᠲᠡ ᠶᠢ ᠪᠤᠢ ᠪᠤᠯᠭᠠᠬᠤ ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠬᠦ ᠂ ᠬᠠᠤᠯᠢ ᠶᠣᠰᠣᠭᠠᠷ | ᠡᠷᠬᠡ ᠪᠠᠨ ᠬᠡᠷᠡᠭᠯᠡᠬᠦ ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠱᠠᠯᠠᠪᠳᠠᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ | ᠯᠢ ᠭᠠᠨ ᠵᠢᠶᠧ ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ | 3 ᠰᠠᠷ᠎ᠠ ᠶᠢᠨ 20 ᠤ ᠦᠳᠡ ᠶᠢᠨ ᠡᠮᠦᠨ᠎ᠡ ᠂ ᠰᠢ ᠶᠢᠨ ᠫᠢᠩ ᠴᠠᠩᠱᠠ ᠳᠤ ᠰᠠᠭᠤᠭ᠎ᠠ ᠴᠡᠷᠢᠭ ᠠᠩᠭᠢ ᠶᠢᠨ ᠬᠤᠷᠠᠩᠳᠠ ᠠᠴᠠ ᠳᠡᠭᠡᠭᠰᠢᠬᠢ ᠤᠳᠤᠷᠢᠳᠬᠤ | ᠺᠠᠳ᠋ᠷᠴᠤᠳ ᠲᠠᠢ ᠳᠣᠲᠣᠨᠣ ᠪᠠᠷ ᠠᠭᠤᠯᠵᠠᠵᠤ ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢ ᠲᠥᠯᠥᠭᠡᠯᠡᠨ ᠴᠠᠩᠱᠠ ᠳᠤ | ᠰᠠᠭᠤᠭ᠎ᠠ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠤᠯᠠᠨ ᠲᠠᠢ ᠬᠠᠮᠲᠤ ᠭᠡᠷᠡᠯ | ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ ᠃ ᠵᠠᠩ ᠶᠢᠤ ᠰᠢᠶᠠ ᠪᠠᠷ᠎ᠠ ᠪᠣᠯᠵᠤ ᠠᠭᠤᠯᠵᠠᠵᠠᠢ ᠃ | | | |