ᠮᠠᠨ ᠤ ᠣᠷᠣᠨ ᠤ ᠴᠢᠬᠤᠯᠠ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/3/22
     ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠠᠴᠠ ᠣᠶᠢᠯᠠᠭᠠᠭᠰᠠᠨ ᠢᠶᠠᠷ ᠂ ᠮᠠᠨ ᠤ ᠣᠷᠣᠨ 2023 ᠣᠨ ᠳᠤ ᠴᠢᠬᠤᠯᠠ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠨ ᠬᠤᠷᠢᠶᠠᠨ ᠴᠤᠭᠯᠠᠭᠤᠯᠬᠤ ᠲᠦᠰᠦᠯ ᠢ ᠡᠬᠢᠯᠡᠨ ᠬᠡᠷᠡᠭᠵᠢᠭᠦᠯᠦᠭᠰᠡᠨ ᠠᠴᠠ ᠨᠠᠭᠠᠰᠢ ᠂ ᠬᠥᠯᠥᠨ ᠪᠤᠶᠢᠷ ᠬᠤᠲᠠ ᠂ ᠬᠢᠩᠭᠠᠨ ᠠᠶᠢᠮᠠᠭ ᠂ ᠲᠦᠩᠯᠢᠶᠣᠣ ᠬᠤᠲᠠ ᠂ ᠰᠢᠯᠢ ᠶᠢᠨ ᠭᠤᠣᠯ ᠠᠶᠢᠮᠠᠭ ᠵᠡᠷᠭᠡ 4 ᠠᠶᠢᠮᠠᠭ ᠬᠤᠲᠠ ᠶᠢᠨ ᠬᠡᠭᠡᠷ᠎ᠡ ᠶᠢᠨ ᠨᠡᠶᠢᠳᠡᠮ ᠪᠠᠶᠢᠴᠠᠭᠠᠯᠲᠠ ᠪᠠ ᠡᠬᠢ ᠪᠠᠶᠠᠯᠢᠭ ᠢ ᠬᠤᠷᠢᠶᠠᠨ ᠴᠤᠭᠯᠠᠭᠤᠯᠬᠤ ᠡᠭᠦᠷᠭᠡ ᠪᠠᠨ ᠨᠢᠭᠡᠨᠲᠡ ᠪᠡᠶᠡᠯᠡᠭᠦᠯᠦᠭᠰᠡᠨ ᠪᠠᠶᠢᠨ᠎ᠠ ᠃ ᠬᠢᠶᠠᠭ ᠂ ᠶᠦᠷᠬᠦᠭ ᠂ ᠶᠠᠪᠠᠭᠠᠨ ᠬᠢᠶᠠᠭ ᠂ ᠴᠢᠷᠭᠡᠯᠵᠢ ᠂ ᠰᠢᠪᠧᠷᠢᠶ᠎ᠠ ᠶᠠᠪᠠᠭᠠᠨ ᠬᠢᠶᠠᠭ ᠢ ᠪᠠᠭᠲᠠᠭᠠᠭᠰᠠᠨ ᠴᠢᠬᠤᠯᠠ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠨᠡᠶᠢᠳᠡ 950 ᠬᠤᠪᠢ ᠴᠤᠭᠯᠠᠭᠤᠯᠬᠤ ᠶᠢᠨ ᠬᠠᠮᠲᠤ ᠬᠢᠨᠠᠨ ᠲᠣᠭᠲᠠᠭᠠᠵᠤ ᠦᠨᠡᠯᠡᠬᠦ ᠪᠠ ᠳᠠᠩᠰᠠᠯᠠᠵᠤ ᠬᠥᠮᠦᠷᠭᠡᠯᠡᠬᠦ ᠠᠵᠢᠯ ᠤᠳ ᠢᠶᠠᠨ ᠨᠢᠭᠡᠨᠲᠡ ᠠᠯᠬᠤᠮ ᠠᠯᠬᠤᠮ ᠢᠶᠠᠷ ᠥᠷᠨᠢᠭᠦᠯᠵᠡᠢ ᠃    ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠪᠠ ᠴᠤᠭᠯᠠᠭᠤᠯᠤᠯᠲᠠ ᠪᠣᠯ ᠥᠪᠥᠷ ᠮᠣᠩᠭᠤᠯ ᠤᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ ᠂ ᠡᠪᠡᠰᠦᠨ ᠤ ᠪᠦᠯᠦᠭᠯᠡᠯ ᠤᠨ ᠲᠥᠷᠥᠯ ᠂ ᠤᠷᠭᠤᠬᠤ ᠣᠷᠴᠢᠨ ᠨᠥᠭᠦᠴᠡᠯ ᠂ ᠤᠷᠭᠤᠯᠲᠠ ᠶᠢᠨ ᠪᠠᠶᠢᠳᠠᠯ ᠂ ᠬᠠᠳᠠᠭᠠᠯᠠᠯᠲᠠ ᠶᠢᠨ ᠪᠠᠶᠢᠳᠠᠯ ᠂ ᠣᠷᠴᠢᠨ ᠨᠥᠭᠦᠴᠡᠯ ᠤᠨ ᠨᠥᠯᠥᠭᠡᠯᠡᠯ ᠵᠡᠷᠭᠡ ᠲᠠᠯ᠎ᠠ ᠨᠤᠭᠤᠳ ᠲᠤ ᠬᠢᠭᠰᠡᠨ ᠨᠢᠭᠡ ᠤᠳᠠᠭᠠᠨ ᠤ ᠪᠥᠬᠦ ᠲᠠᠯ᠎ᠠ ᠶᠢᠨ ᠪᠠᠶᠢᠴᠠᠭᠠᠯᠲᠠ ᠮᠥᠨ ᠂ ᠲᠡᠷᠡ ᠨᠢ ᠬᠡᠭᠡᠷ᠎ᠡ ᠶᠢᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠠᠮᠤᠷ ᠲᠦᠪᠰᠢᠨ ᠢᠶᠠᠷ ᠬᠠᠳᠠᠭᠠᠯᠠᠬᠤ ᠪᠠ ᠵᠦᠢ ᠵᠣᠬᠢᠰᠲᠠᠢ ᠠᠰᠢᠭᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠲᠤᠰ ᠠᠵᠢᠯ ᠨᠢ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠡᠷᠬᠡ ᠶᠢ ᠰᠢᠢᠳᠪᠦᠷᠢᠯᠡᠬᠦ ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠣᠨ᠎ᠠ ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ