ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤᠯᠤᠰ ᠲᠦᠷᠦ ᠶᠢᠨ ᠵᠥᠪᠯᠡᠯᠭᠡᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ ᠵᠠᠩ ᠶᠠᠨ ᠺᠦᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/3/22
    3 ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠦᠷᠦ ᠶᠢᠨ ᠵᠥᠪᠯᠡᠯᠭᠡᠨ ᠬᠠᠮᠲᠤ ᠪᠠᠷ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ ᠃    ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠬᠰᠠᠨ ᠪᠥᠭᠡᠳ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠤ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠬᠤᠷᠠᠯ ᠢ ᠡᠷᠭᠢᠯᠡᠵᠦ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠧᠩ ᠳ᠋ᠦᠩ ᠪᠦᠸᠧ ᠂ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ ᠃    ᠬᠤᠷᠠᠯ ᠠᠴᠠ 2023 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠭᠰᠡᠨ ᠦᠷ᠎ᠡ ᠳ᠋ᠦᠩ ᠢ ᠵᠠᠷᠯᠠᠵᠤ ᠂ 2023 ᠣᠨ ᠤ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠠᠵᠢᠯ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠡᠪᠯᠡᠯ ᠤᠨ ᠬᠤᠷᠢᠶ᠎ᠠ ᠂ ᠪᠤᠭᠤᠲᠤ ᠬᠤᠳᠠ ᠶᠢᠨ ᠵᠠᠰᠠᠭ ᠤᠨ ᠣᠷᠳᠣᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ ᠃    ᠬᠤᠷᠠᠯ ᠠᠴᠠ ᠂ ᠡᠯ᠎ᠡ ᠳᠠᠭᠠᠭᠠᠨ ᠡᠷᠭᠢᠯᠡᠭᠦ ᠨᠢᠭᠡᠴᠢ ᠶᠢᠨ ᠬᠢᠨ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠢᠯᠡ ᠲᠣᠳᠣ ᠶᠠᠰᠤ ᠴᠢᠨᠠᠷ ᠤᠨ ᠤᠳᠤᠷᠢᠳᠤᠮᠵᠢ ᠶᠢ ᠪᠤᠶ ᠪᠤᠯᠭᠠᠵᠤ ᠂ ᠰᠠᠨᠠᠯ ᠳᠤᠷᠠᠳᠤᠯᠭ᠎ᠠ ᠶᠢ ᠭᠦᠢᠴᠡᠳᠬᠡᠬᠦ ᠰᠢᠨ᠎ᠡ ᠶᠢ ᠡᠭᠦᠳᠬᠦ ᠠᠷᠭ᠎ᠠ ᠬᠢᠳᠡᠯ ᠢ ᠰᠦᠪᠡᠭᠴᠢᠯᠡᠨ ᠪᠠᠬᠢᠵᠢᠭᠦᠯᠵᠦ ᠂ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠱᠠᠯᠠᠪᠳᠠᠭᠤᠯᠤᠨ ᠭᠦᠢᠴᠡᠳᠬᠡᠬᠦ ᠦᠢᠯᠡᠳᠦᠯ ᠢ ᠪᠠᠳᠠᠷᠠᠭᠤᠯᠵᠤ ᠂ ᠨᠠᠩ ᠣᠯᠠᠨ ᠰᠠᠨᠠᠯ ᠳᠤᠷᠠᠳᠤᠯᠭ᠎ᠠ ᠰᠠᠨᠠᠭᠤᠯᠭ᠎ᠠ ᠶᠢ ᠨᠠᠮ ᠵᠠᠰᠠᠭ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠣᠩᠭᠤᠯᠲᠠ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ