| ᠠᠮᠢ ᠠᠬᠤᠢ ᠣᠷᠴᠢᠨ ᠲᠣᠭᠤᠷᠢᠨ ᠤ ᠶᠠᠮᠤᠨ ᠲᠦᠷᠦᠭᠦᠬᠡᠨ ︽ ᠣᠳᠣᠬᠢᠴᠢᠯᠠᠭᠰᠠᠨ ᠠᠮᠢ ᠠᠬᠤᠢ ᠣᠷᠴᠢᠨ ᠲᠤᠭᠤᠷᠢᠨ ᠤ ᠬᠢᠨᠠᠨ ᠬᠡᠮᠵᠢᠯᠲᠡ ᠶᠢᠨ | ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ ︾ ᠢ ᠳᠠᠷᠤᠮᠠᠯᠯᠠᠨ ᠲᠠᠷᠬᠠᠭᠠᠵᠤ ᠂ ︽ ᠬᠤᠶᠠᠷ ᠠᠯᠬᠤᠮ ᠢᠶᠠᠷ ᠶᠠᠪᠤᠬᠤ ︾ | ᠪᠠᠶᠢᠭᠤᠯᠤᠯᠲᠠ ᠶᠢᠨ ᠬᠠᠷᠠᠯᠲᠠ ᠶᠢ ᠳᠤᠷᠠᠳᠤᠨ ᠭᠠᠷᠭᠠᠪᠠ ᠄ ᠢᠷᠡᠭᠡᠳᠦᠢ ᠶᠢᠨ ᠲᠠᠪᠤᠨ ᠵᠢᠯ ᠳᠤ ᠂ ᠣᠳᠣᠬᠢᠴᠢᠯᠠᠭᠰᠠᠨ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠴᠢᠬᠤᠯᠠ ᠠᠬᠢᠯᠲᠠ ᠲᠠᠢ ᠪᠣᠯᠣᠨ᠎ᠠ ︔ 2035 ᠣᠨ ᠪᠣᠯᠬᠤ ᠳᠤ ᠂ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ ᠃ | ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠪᠣᠯ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠮᠥᠨ ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠲᠦᠰᠢᠭ ᠲᠤᠯᠭᠠᠭᠤᠷᠢ ᠮᠥᠨ ᠃ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠠᠮᠢ ᠠᠬᠤᠢ ᠣᠷᠴᠢᠨ | ᠲᠣᠭᠤᠷᠢᠨ ᠤ ᠬᠢᠨᠠᠨ ᠬᠡᠮᠵᠢᠯᠲᠡ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠲᠣᠰ ᠤᠳᠠᠭᠠᠨ ᠤ ᠳᠠᠷᠤᠮᠠᠯᠯᠠᠨ | ᠲᠠᠷᠬᠠᠭᠠᠭᠰᠠᠨ ᠰᠠᠨᠠᠯ ᠨᠢ ᠬᠢᠨᠠᠨ ᠬᠡᠮᠵᠢᠬᠦ ᠶᠢ ᠤᠷᠢᠳ ᠢᠶᠠᠷ ᠬᠡᠷᠡᠭᠵᠢᠭᠦᠯᠬᠦ ᠂ ᠬᠤᠷᠴᠠ ᠰᠡᠷᠭᠡᠭ ᠢᠶᠠᠷ ᠬᠢᠨᠠᠨ ᠬᠡᠮᠵᠢᠬᠦ ᠂ ᠣᠨᠣᠪᠴᠢᠲᠠᠢ ᠪᠠᠷ ᠬᠢᠨᠠᠨ ᠬᠡᠮᠵᠢᠬᠦ ᠪᠠᠷ | ᠤᠳᠤᠷᠢᠳᠤᠮᠵᠢ ᠂ ᠨᠠᠩ ᠥᠨᠳᠥᠷ ᠪᠠᠷᠢᠮᠵᠢᠶ᠎ᠠ ᠪᠠᠷ ᠬᠢᠨᠠᠨ ᠬᠡᠮᠵᠢᠯᠲᠡ ᠶᠢᠨ ᠳ᠋ᠠᠶᠢᠲ᠋ᠠ ᠶᠢᠨ ︽ ᠵᠥᠪ ᠂ ᠣᠨᠣᠪᠴᠢᠲᠠᠶ ᠂ ᠪᠦᠷᠢᠨ ᠂ ᠲᠦᠷᠭᠡᠨ ᠂ ᠰᠢᠨ᠎ᠡ ︾ ᠪᠠᠶᠢᠬᠤ ᠶᠢ | ᠪᠠᠲᠤᠯᠠᠬᠤ ᠪᠠᠷ ᠬᠠᠷᠠᠯᠲᠠ ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠤᠰᠤᠳᠴᠢ ᠪᠥᠭᠡᠳ ᠡᠷᠬᠡ ᠰᠦᠷ ᠲᠠᠢ | ᠲᠤᠰᠬᠠᠬᠤ ᠪᠠᠷ ᠵᠣᠷᠢᠯᠲᠠ ᠪᠣᠯᠭᠠᠵᠤ ᠂ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠪᠣᠬᠢᠷᠲᠤᠯ ᠢ ᠵᠠᠰᠠᠬᠤ ᠂ ᠠᠮᠢ ᠠᠬᠤᠢ ᠶᠢ ᠬᠠᠮᠠᠭᠠᠯᠠᠬᠤ ᠂ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠳᠤ ᠦᠵᠡᠭᠦᠯᠬᠦ ᠲᠤᠰᠠᠯᠠᠬᠤ ᠂ ᠬᠥᠲᠥᠯᠥᠨ ᠳᠠᠭᠠᠭᠤᠯᠬᠤ ᠪᠠ ᠦᠢᠯᠡᠴᠢᠯᠡᠬᠦ ᠦᠢᠯᠡᠳᠦᠯ ᠢ ᠨᠢ ᠨᠠᠩ ᠰᠠᠶᠢᠨ | ᠪᠠᠳᠠᠷᠠᠭᠤᠯᠪᠠ ᠭᠡᠵᠡᠢ ᠃ | ᠲᠤᠰ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠰᠠᠨᠠᠯ ᠳᠤ ︽ ᠬᠤᠶᠠᠷ ᠠᠯᠬᠤᠮ ᠢᠶᠠᠷ ᠶᠠᠪᠤᠬᠤ ︾ ᠬᠠᠷᠠᠯᠲᠠ ᠶᠢ ᠲᠣᠳᠣᠷᠬᠠᠶᠢᠯᠠᠪᠠ ᠄ ᠨᠢᠭᠡᠳᠦᠭᠡᠷ | ᠠᠯᠬᠤᠮ ᠳᠤ ᠂ ᠢᠷᠡᠬᠦ ᠲᠠᠪᠤᠨ ᠵᠢᠯ ᠳᠤ ᠬᠦᠴᠦᠨ ᠢᠶᠠᠨ ᠲᠥᠪᠯᠡᠷᠡᠭᠦᠯᠦᠨ ᠣᠳᠣᠬᠢᠴᠢᠯᠠᠭᠰᠠᠨ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠴᠢᠬᠤᠯᠠ ᠠᠬᠢᠴᠠ ᠲᠠᠢ ᠪᠣᠯᠭᠠᠵᠤ ᠂ ᠣᠭᠲᠠᠷᠭᠤᠢ ᠠᠭᠠᠷ ᠬᠠᠭᠤᠷᠠᠢ ᠳᠠᠯᠠᠢ ᠶᠢ ᠨᠢᠭᠡ ᠴᠣᠭᠴᠠᠵᠢᠭᠤᠯᠤᠭᠰᠠᠨ ᠬᠢᠨᠠᠨ ᠬᠡᠮᠵᠢᠯᠲᠡ ᠶᠢᠨ ᠰᠦᠯᠵᠢᠶᠡᠨ ᠤ | ᠪᠠᠶᠢᠭᠤᠯᠤᠯᠲᠠ ᠶᠢᠨ ᠢᠨᠵᠧᠨᠧᠷᠢᠩ ᠂ ᠬᠢᠨᠠᠨ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠂ ᠦᠨᠳᠦᠰᠦᠨ ᠱᠠᠲᠤ ᠶᠢ | ᠬᠦᠴᠦᠷᠬᠡᠭᠵᠢᠭᠦᠯᠵᠦ ᠳᠤᠲᠠᠭᠳᠠᠯ ᠢ ᠨᠥᠬᠦᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠂ ᠬᠢᠨᠠᠨ ᠬᠡᠮᠵᠢᠯᠲᠡ ᠶᠢᠨ ᠴᠢᠳᠠᠪᠤᠷᠢᠲᠠᠨ ᠢ ᠬᠥᠮᠥᠵᠢᠭᠦᠯᠬᠦ | ᠢᠨᠵᠧᠨᠧᠷᠢᠩ ᠵᠡᠷᠭᠡ ︽ ᠲᠦᠷᠪᠡᠨ ᠶᠡᠭᠡ ᠢᠨᠵᠧᠨᠧᠷᠢᠩ ︾ ᠢ ᠬᠡᠷᠡᠭᠵᠢᠭᠦᠯᠵᠦ ᠂ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠳ᠋ᠢᠭᠢᠲ᠋ᠠᠯᠴᠢᠯᠠᠭᠰᠠᠨ | ᠤᠶᠤᠨᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠂ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠪᠦᠬᠦᠯᠢ ᠴᠣᠭᠴᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ ᠃ ᠬᠤᠶᠠᠳᠤᠭᠠᠷ ᠠᠯᠬᠤᠮ ᠳᠤ ᠂ ᠲᠠᠬᠢᠭᠠᠳ ᠲᠠᠪᠤᠨ ᠵᠢᠯ ᠣᠷᠴᠢᠮ ᠤᠨ ᠴᠠᠭ ᠵᠠᠷᠤᠴᠠᠭᠤᠯᠵᠤ ᠂ 2035 ᠣᠨ ᠪᠣᠯᠬᠤ ᠳᠤ ᠂ | ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ ᠂ ᠠᠮᠢ ᠠᠬᠤᠢ ᠣᠷᠴᠢᠨ | ᠲᠣᠭᠤᠷᠢᠨ ᠤ ᠬᠢᠨᠠᠨ ᠬᠡᠮᠵᠢᠯᠲᠡ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠭᠡᠨ᠎ᠡ ᠭᠡᠪᠡ ᠃ | ᠰᠠᠨᠠᠯ ᠳᠤ ᠬᠢᠨᠠᠨ ᠬᠡᠮᠵᠢᠯᠲᠡ ᠶᠢᠨ ᠰᠦᠯᠵᠢᠶ᠎ᠡ ᠂ ᠬᠢᠨᠠᠨ ᠬᠡᠮᠵᠢᠯᠲᠡ ᠶᠢᠨ ᠮᠡᠷᠭᠡᠵᠢᠯ ᠂ ᠲᠤᠬᠠᠶᠢᠯᠠᠭᠰᠠᠨ ᠠᠵᠢᠯ ᠤᠨ ᠲᠤᠰᠠᠯᠠᠮᠵᠢ ᠂ ᠳ᠋ᠠᠶᠢᠲ᠋ᠠ ᠶᠢᠨ ᠴᠢᠨᠠᠷ ᠂ ᠬᠢᠨᠠᠨ | ᠬᠡᠮᠵᠢᠯᠲᠡ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠭᠤᠣᠯ ᠡᠭᠦᠷᠭᠡ ᠳᠤᠷᠠᠳᠴᠤ ᠂ ᠣᠭᠲᠠᠷᠭᠤᠢ ᠠᠭᠠᠷ ᠬᠠᠭᠤᠷᠠᠢ ᠳᠠᠯᠠᠢ ᠶᠢ ᠨᠢᠭᠡ ᠴᠣᠭᠴᠠᠵᠢᠭᠤᠯᠤᠭᠰᠠᠨ ᠬᠢᠨᠠᠨ | ᠬᠡᠮᠵᠢᠯᠲᠡ ᠶᠢᠨ ᠰᠦᠯᠵᠢᠶ᠎ᠡ ᠶᠢ ᠪᠦᠷᠢᠨᠰᠢᠭᠦᠯᠬᠦ ᠂ ᠳ᠋ᠢᠭᠢᠲ᠋ᠠᠯᠴᠢᠯᠠᠭᠰᠠᠨ ᠤᠶᠤᠨᠴᠢᠯᠠᠭᠰᠠᠨ ᠬᠢᠨᠠᠨ ᠬᠡᠮᠵᠢᠯᠲᠡ ᠶᠢᠨ ᠮᠡᠷᠭᠡᠵᠢᠯ ᠤᠨ ᠰᠢᠨ᠎ᠡ ᠳᠠᠪᠠᠭᠤᠯᠢᠭ ᠢ ᠪᠤᠢ ᠪᠣᠯᠭᠠᠬᠤ | ᠬᠤᠶᠠᠷ ᠭᠤᠣᠯᠳᠠᠯᠭ᠎ᠠ ᠶᠢ ᠰᠠᠶᠢᠲᠤᠷ ᠠᠳᠬᠤᠵᠤ ᠂ ᠬᠢᠨᠠᠨ ᠬᠡᠮᠵᠢᠯᠲᠡ ᠶᠢᠨ ᠳ᠋ᠠᠶᠢᠲ᠋ᠠ ᠶᠢᠨ ᠴᠢᠨᠠᠷ ᠰᠠᠶᠢᠲᠠᠢ ᠂ ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢᠨ ᠥᠨᠳᠥᠷ | ᠪᠦᠲᠦᠮᠵᠢᠲᠡᠢ ᠂ ᠬᠢᠨᠠᠨ ᠬᠡᠮᠵᠢᠯᠲᠡ ᠶᠢᠨ ᠲᠤᠰᠠᠯᠠᠮᠵᠢ ᠶᠢᠨ ᠥᠨᠳᠥᠷ ᠲᠦᠪᠰᠢᠨ ᠢ ᠠᠬᠢᠭᠤᠯᠤᠨ᠎ᠠ ᠭᠡᠵᠦ ᠴᠢᠬᠤᠯᠠᠴᠢᠯᠠᠪᠠ ᠃ | ᠣᠶᠢᠯᠠᠭᠠᠭᠰᠠᠨ ᠢᠶᠠᠷ ᠂ ᠰᠠᠨᠠᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠪᠤᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠬᠤ ᠶᠢᠨ ᠲᠥᠯᠥᠭᠡ ᠂ | ᠠᠮᠢ ᠠᠬᠤᠢ ᠣᠷᠴᠢᠨ ᠲᠣᠭᠤᠷᠢᠨ ᠤ ᠶᠠᠮᠤᠨ ᠪᠠᠰᠠ ︽ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠶᠢᠨ ᠭᠤᠣᠯᠳᠠᠯᠭ᠎ᠠ ︵ ᠮᠤᠵᠢ ᠶᠢᠨ ᠬᠡᠪᠴᠢᠶ᠎ᠡ ︶ ︾ ᠶᠢ ᠰᠤᠳᠤᠯᠤᠨ ᠲᠣᠭᠲᠠᠭᠠᠵᠤ ᠂ ᠬᠦᠷᠢᠶ᠎ᠡ ᠬᠤᠪᠢᠶᠠᠨ ᠪᠣᠳᠠᠲᠠᠢ ᠪᠠᠶᠢᠭᠤᠯᠤᠯᠲᠠ ᠶᠢᠨ | ᠱᠠᠭᠠᠷᠳᠠᠯᠭ᠎ᠠ ᠶᠢ ᠲᠣᠳᠣᠷᠬᠠᠶᠢᠯᠠᠨ ᠨᠠᠷᠢᠯᠢᠭᠵᠢᠭᠤᠯᠵᠤ ᠂ ᠣᠷᠣᠨ ᠨᠤᠲᠤᠭ ᠤᠨ ᠬᠢᠨᠠᠨ ᠬᠡᠮᠵᠢᠯᠲᠡ ᠶᠢᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠭᠠᠷᠳᠠᠴᠠ | ᠬᠠᠩᠭᠠᠵᠤ ᠂ ᠲᠡᠷᠢᠭᠦᠨ ᠤ ᠭᠠᠵᠠᠷ ᠣᠷᠣᠨ ᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠵᠣᠷᠢᠭᠵᠢᠭᠤᠯᠤᠨ ᠂ ᠬᠤᠴᠣᠷᠤᠩᠭᠤᠢ ᠭᠠᠵᠠᠷ ᠣᠷᠣᠨ ᠤ | ᠳᠤᠲᠠᠭᠳᠠᠯ ᠢᠶᠠᠨ ᠨᠥᠬᠦᠪᠦᠷᠢᠯᠡᠬᠦ ᠂ ᠣᠷᠣᠨ ᠨᠤᠲᠤᠭ ᠤᠨ ᠬᠢᠨᠠᠨ ᠬᠡᠮᠵᠢᠯᠲᠡ ᠶᠢᠨ ᠪᠦᠬᠦᠯᠢ ᠴᠣᠭᠴᠠ ᠶᠢᠨ ᠴᠢᠳᠠᠪᠤᠷᠢ ᠶᠢ ᠰᠢᠰᠲ᠋ᠧᠮ ᠲᠠᠢ ᠂ ᠪᠦᠬᠦ ᠲᠠᠯ᠎ᠠ ᠪᠠᠷ | ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠪᠠ ᠃ | | |