ᠰᠢ ᠶᠢᠨ ᠫᠢᠩ ᠫᠦᠷᠠᠪᠤᠸᠣ᠋ ᠶᠢᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/3/25
     ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 21 ᠤ ᠴᠠᠭᠢᠯᠭᠠᠨ ᠮᠡᠳᠡᠭᠡ 3 ᠰᠠᠷ᠎ᠠ ᠶᠢᠨ 20 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠦᠷᠠᠪᠤᠸᠣ᠋ · ᠰᠦᠪᠢᠶᠠᠨᠳᠦ᠋ ᠳᠤ ᠴᠠᠭᠢᠯᠭᠠᠨ ᠴᠢᠮᠡᠭᠡ ᠶᠠᠪᠤᠭᠤᠯᠵᠤ ᠂ ᠲᠡᠭᠦᠨ ᠤ ᠪᠦᠭᠦᠳᠡ ᠨᠠᠶᠢᠷᠠᠮᠳᠠᠬᠤ ᠢᠨᠳᠤᠨᠧᠰᠢᠶ᠎ᠠ ᠤᠯᠤᠰ ᠤᠨ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠳᠤ ᠪᠠᠶᠠᠷ ᠬᠦᠷᠭᠡᠪᠡ ᠃    ᠰᠢ ᠶᠢᠨ ᠫᠢᠩ ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠪᠣᠯ ᠤᠯᠠᠮᠵᠢᠯᠠᠯᠲᠤ ᠨᠥᠭᠦᠷᠰᠡᠭ ᠬᠥᠷᠰᠢ ᠤᠯᠤᠰ ᠮᠥᠨ ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠂ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠲᠦᠷᠭᠡᠨ ᠤ ᠵᠠᠮ ᠳᠤ ᠣᠷᠣᠵᠤ ᠂ ᠤᠯᠤᠰ ᠲᠦᠷᠦ ᠶᠢᠨ ᠢᠲᠡᠭᠡᠯᠴᠡᠭᠡ ᠡᠳᠦᠷ ᠢᠷᠡᠬᠦᠶ᠎ᠡ ᠪᠠᠬᠢᠵᠢᠵᠦ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠲᠠᠰᠤᠷᠠᠯᠳᠠ ᠦᠭᠡᠢ ᠭᠦᠨᠵᠡᠭᠡᠶᠢᠷᠡᠵᠦ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ ᠂ ᠬᠤᠶᠠᠷ ᠲᠠᠯ᠎ᠠ ᠪᠠᠷ ᠢᠶᠠᠨ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠨᠡᠭᠡᠭᠡᠪᠡ ᠃ ᠪᠢ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠫᠦᠷᠠᠪᠤᠸᠣ᠋ ᠲᠠᠢ ᠬᠠᠮᠲᠤ ᠪᠠᠷ ᠴᠢᠷᠮᠠᠶᠢᠵᠤ ᠂ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠨᠡᠩ ᠶᠡᠭᠡ ᠦᠷ᠎ᠡ ᠪᠦᠲᠦᠭᠡᠯ ᠣᠯᠬᠤ ᠶᠢ ᠬᠥᠲᠥᠯᠥᠨ ᠳᠠᠭᠠᠭᠤᠯᠵᠤ ᠂ ᠬᠥᠭᠵᠢᠵᠦ ᠪᠠᠶᠢᠭ᠎ᠠ ᠲᠣᠮᠣ ᠤᠯᠤᠰ ᠬᠤᠭᠤᠷᠣᠨᠳᠤ ᠪᠠᠨ ᠬᠤᠪᠢ ᠵᠠᠶᠠᠭ᠎ᠠ ᠪᠠᠨ ᠬᠠᠮᠲᠤᠳᠬᠠᠭᠰᠠᠨ ᠂ ᠪᠦᠯᠬᠦᠮᠳᠡᠨ ᠬᠠᠮᠵᠢᠯᠴᠠᠭᠰᠠᠨ ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠭᠰᠡᠨ ᠬᠡᠪ ᠳᠠᠭᠤᠷᠢᠶᠠᠯ ᠢ ᠪᠤᠢ ᠪᠤᠯᠭᠠᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠲᠣᠭᠲᠠᠭᠤᠨ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ