| | | ᠵᠢᠷᠤᠭ ᠄ 3 ᠰᠠᠷ᠎ᠠ ᠶᠢᠨ 19 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ | ᠭᠦᠸᠧ ᠴᠢᠤᠸᠠᠨ ᠱᠢ ᠡᠯ ᠯᠢᠶᠠᠨ ᠴᠧᠩ ᠰᠢᠶᠠᠩ ᠤᠨ ᠰᠠᠨ ᠱᠢ ᠴᠢᠩ ᠳ᠋ᠢ ᠶᠢᠨ ᠴᠸᠤ ᠷᠧᠨ ᠭᠧ ᠳ᠋ᠠᠨ ᠤ ᠪᠠᠷᠳᠠᠭᠠᠳᠤ ᠪᠠᠷᠢᠯᠭ᠎ᠠ ᠶᠢᠨ ᠪᠠᠷᠲᠠᠭᠠᠲᠤ ᠬᠡᠰᠡᠭ ᠲᠤ | ᠬᠦᠷᠴᠦ ᠬᠠᠲᠤᠨ ᠭᠤᠣᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ ᠃ ᠶᠤᠸᠠᠢ ᠴᠧᠨ ᠶᠠᠨ ᠰᠡᠭᠦᠳᠡᠷᠯᠡᠪᠡ | 3 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ ᠭᠦᠸᠧ | ᠴᠢᠤᠸᠠᠨ ᠨᠠᠷ ᠤᠷᠢᠳ ᠬᠤᠵᠢᠳ ᠳ᠋ᠠ ᠯᠦ ᠠᠵᠤ ᠦᠢᠯᠡᠰ ᠤᠨ ᠬᠦᠷᠢᠶᠡᠯᠡᠩ ᠤᠨ ᠲᠢᠶᠠᠨ ᠷᠦᠨ ᠬᠢᠮᠢ ᠶᠢᠨ ᠪᠣᠷᠳᠣᠭᠤᠷ ᠤᠨ ᠺᠣᠮᠫᠠᠨᠢ ᠂ ᠢ ᠭᠤᠤ ᠰᠢᠨᠵᠢᠯᠡᠬᠦ | ᠤᠬᠠᠭᠠᠨ ᠮᠡᠷᠭᠡᠵᠢᠯ ᠤᠨ ᠺᠣᠮᠫᠠᠨᠢ ᠂ ᠱᠢ ᠡᠯ ᠯᠢᠶᠠᠨ ᠴᠧᠩ ᠰᠢᠶᠠᠩ ᠤᠨ ᠰᠠᠨ ᠱᠢ ᠴᠢᠩ ᠳ᠋ᠢ ᠶᠢᠨ ᠬᠠᠲᠤᠨ ᠭᠤᠣᠯ ᠤᠨ ᠪᠠᠷᠲᠠᠭᠠᠲᠤ ᠪᠠᠷᠢᠯᠭ᠎ᠠ ᠶᠢᠨ ᠬᠡᠰᠡᠭ ᠂ | ᠬᠠᠷ᠎ᠠ ᠪᠤᠯᠤᠩ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠣᠷᠣᠨ ᠂ ᠳ᠋ᠠ ᠯᠦ ᠪᠠᠯᠭᠠᠰᠤ ᠶᠢᠨ ᠤᠯᠠᠭᠠᠨᠪᠤᠯᠠᠭ ᠤᠢ ᠰᠢᠭᠤᠢ ᠶᠢᠨ ᠲᠠᠯᠠᠪᠠᠢ ᠵᠢᠴᠢ | ᠦᠷ᠎ᠡ ᠴᠢᠬᠢ ᠪᠣᠶᠢᠵᠢᠭᠤᠯᠬᠤ ᠰᠠᠭᠤᠷᠢᠨ ᠭᠠᠵᠠᠷ᠂ 110 ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠠᠬᠤᠢ ᠲᠠᠯᠠᠪᠠᠢ ᠂ | ᠶᠢᠩ ᠽᠧ ᠵᠡᠭᠡᠯᠢ ᠭᠤᠳᠤᠮᠵᠢ ᠶᠢᠨ ᠬᠤᠢ ᠲᠦᠩ ᠰᠠᠭᠤᠭᠠᠯᠢ ᠲᠣᠭᠤᠷᠢᠭ ᠂ ᠰᠢᠩ ᠯᠦᠩ ᠵᠡᠭᠡᠯᠢ ᠭᠤᠳᠤᠮᠵᠢ ᠶᠢᠨ ᠪᠧᠢ ᠶᠤᠸᠠᠨ ᠰᠠᠭᠤᠭᠠᠯᠢ ᠲᠣᠭᠤᠷᠢᠭ ᠵᠡᠷᠭᠡ | ᠭᠠᠵᠠᠷ ᠤᠳ ᠲᠤ ᠬᠦᠷᠴᠦ ᠂ ᠠᠶᠤᠯᠭᠦᠢ ᠦᠢᠯᠡᠳᠪᠦᠷᠢᠯᠡᠯ ᠂ ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠂ ᠤᠢ ᠰᠢᠭᠤᠢ ᠨᠤᠲᠤᠭ ᠪᠡᠯᠴᠢᠭᠡᠷ ᠤᠨ ᠭᠠᠯ | ᠳᠤᠶᠢᠮᠠᠷ ᠢ ᠰᠡᠷᠭᠡᠶᠢᠯᠡᠬᠦ ᠂ ᠰᠠᠭᠤᠭᠠᠯᠢ ᠠᠷᠠᠳ ᠤᠨ ᠲᠣᠭᠤᠷᠢᠭ ᠤᠨ ᠭᠠᠯ ᠢ ᠰᠡᠷᠭᠡᠶᠢᠯᠡᠬᠦ ᠠᠮᠤᠷ ᠲᠦᠪᠰᠢᠨ᠂ ᠬᠠᠳᠤᠨ ᠭᠤᠣᠯ ᠤᠨ ᠳᠤᠬᠤᠢ ᠶᠢᠨ ᠪᠣᠭᠤᠮᠲᠠ | ᠰᠢᠪᠲᠤᠯᠬᠤ ᠳᠠᠶᠢᠯᠠᠯᠳᠤᠭᠠᠨ᠂ ᠭᠡᠷᠡᠯᠴᠢ ᠸᠣᠯᠲ ᠢᠶᠠᠷ ᠡᠯᠡᠰᠦ ᠶᠢ ᠵᠠᠰᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠠᠬᠢᠭᠤᠯᠤᠭᠰᠠᠨ | ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠦ᠋ ᠰᠢᠦᠢ ᠳ᠋ᠦᠩ ᠂ ᠤᠶᠤᠨᠪᠢᠯᠢᠭ᠌ ᠂ ᠭᠦᠸᠧ ᠷᠦᠢ ᠂ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠵᠢᠴᠢ ᠵᠠᠷᠢᠮ ᠰᠢᠶᠠᠩ ᠪᠠᠯᠭᠠᠰᠤ | ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠳ ᠣᠷᠣᠯᠴᠠᠵᠠᠢ ᠃ | | | ᠵᠢᠷᠤᠭ ᠄ 3 ᠰᠠᠷ᠎ᠠ ᠶᠢᠨ 19 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ | ᠭᠦᠸᠧ ᠴᠢᠤᠸᠠᠨ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠳ᠋ᠠ ᠯᠦ ᠠᠵᠤ ᠦᠢᠯᠡᠰ ᠤᠨ ᠬᠦᠷᠢᠶᠡᠯᠡᠩ ᠤᠨ ᠢ ᠭᠤᠤ ᠰᠢᠨᠵᠢᠯᠡᠬᠦ ᠤᠬᠠᠭᠠᠨ | ᠮᠡᠷᠭᠡᠵᠢᠯ ᠤᠨ ᠺᠣᠮᠫᠠᠨᠢ ᠳᠤ ᠬᠦᠷᠴᠦ ᠂ ᠠᠵᠤ ᠠᠬᠤᠶᠢᠯᠠᠯ ᠤᠨ ᠠᠮᠤᠷ ᠲᠦᠪᠰᠢᠨ ᠤ ᠪᠠᠶᠢᠴᠠᠭᠠᠭᠴᠢ ᠶᠢᠨ ᠠᠵᠢᠯ ᠤᠨ ᠡᠳᠦᠷ ᠤᠨ ᠲᠡᠮᠳᠡᠭᠯᠡᠯ ᠢ ᠪᠠᠶᠢᠴᠠᠭᠠᠵᠤ | ᠪᠠᠶᠢᠭ᠎ᠠ ᠨᠢ ᠃ ᠶᠤᠸᠠᠢ ᠴᠧᠨ ᠶᠠᠨ ᠰᠡᠭᠦᠳᠡᠷᠯᠡᠪᠡ | ᠸᠠᠩ ᠭᠦᠸᠧ ᠴᠢᠤᠸᠠᠨ ᠵᠢᠭᠠᠵᠤ ᠭᠠᠷᠭᠠᠬᠤ ᠳᠠᠭᠠᠨ ᠂ ︽ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ | ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ ᠂ ᠠᠵᠤ ᠠᠬᠤᠶᠢᠯᠠᠯ ᠤᠨ ᠠᠮᠤᠷ ᠲᠦᠪᠰᠢᠨ ᠢ | ᠠᠳᠬᠤᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠳᠡ ᠦᠭᠡᠢ ᠴᠢᠩᠭᠠᠳᠬᠠᠨ ᠂ ᠪᠡᠯᠡ ᠣᠷᠣᠭᠤᠯᠤᠯᠲᠠ ᠪᠣᠯᠣᠨ ᠲᠥᠬᠦᠭᠡᠷᠦᠮᠵᠢ ᠶᠢᠨ | ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ ᠂ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠤᠨ ᠂ ᠠᠵᠢᠯᠲᠠᠨ ᠢ ᠲᠣᠭᠲᠠᠭᠤᠨ ᠪᠠᠶᠢᠯᠭᠠᠬᠤ ᠶᠢ ᠪᠠᠲᠤᠯᠠᠵᠤ ᠂ | ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ︔ ᠬᠦᠷᠢᠶᠡᠯᠡᠩ ᠲᠣᠭᠤᠷᠢᠭ ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠠᠳᠬᠤᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ ᠂ ᠠᠵᠤ ᠠᠬᠤᠶᠢᠯᠠᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯᠲᠠᠨ ᠤ ᠪᠣᠳᠠᠳᠠᠢ ᠬᠢᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠬᠢᠨᠠᠯᠲᠠ ᠬᠠᠮᠢᠶᠠᠷᠤᠯᠲᠠ ᠶᠢ ᠴᠢᠭᠯᠡᠭᠦᠯᠤᠯᠳᠤ ᠴᠢᠨᠠᠷᠲᠠᠢ ᠪᠠᠷ | ᠴᠢᠩᠭᠠᠷᠠᠭᠤᠯᠵᠤ ᠂ ᠠᠰᠠᠭᠤᠳᠠᠯ ᠢ ᠢᠯᠡᠷᠡᠭᠦᠯᠬᠦ ᠂ ᠬᠢᠨᠠᠯᠲᠠ ᠲᠠᠯᠪᠢᠵᠤ ᠬᠠᠯᠠᠨ ᠰᠠᠶᠢᠵᠢᠷᠠᠭᠤᠯᠬᠤ ᠪᠠ ᠪᠢᠳᠡᠬᠦᠮᠵᠢᠯᠡᠭᠰᠡᠨ ᠬᠠᠮᠢᠶᠠᠷᠤᠯᠳᠠ ᠶᠢᠨ ᠦᠢᠯᠡᠳᠦᠯ ᠪᠠ | ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠃ | ᠬᠠᠲᠤᠨ ᠭᠤᠣᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠲᠣᠭᠤᠷᠢᠨ ᠪᠠᠶᠢᠴᠠᠭᠠᠵᠤ ᠬᠢᠨᠠᠨ ᠬᠡᠮᠵᠢᠬᠦ ᠡᠷᠴᠢᠮ ᠪᠠᠤᠳᠠᠭᠠ ᠶᠢ ᠤᠯᠠᠮ ᠨᠢᠭᠡ ᠠᠯᠬᠤᠮ | ᠨᠡᠮᠡᠭᠳᠡᠬᠦᠯᠵᠤ ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠂ ᠠᠶᠤᠯᠲᠠᠢ ᠪᠠᠷᠢᠯᠭ᠎ᠠ ᠶᠢ ᠬᠠᠮᠠᠭᠠᠯᠠᠬᠤ ᠂ ᠵᠢᠵᠢᠭᠦᠷᠯᠡᠨ ᠰᠠᠬᠢᠬᠤ ᠂ ᠭᠤᠣᠯ ᠢ ᠲᠣᠭᠤᠷᠢᠨ | ᠭᠠᠮᠰᠢᠭ ᠢ ᠰᠡᠷᠭᠡᠶᠢᠯᠡᠬᠦ ᠵᠡᠷᠭᠡ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠬᠠᠲᠤᠨ ᠭᠤᠣᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠮᠤᠷ | ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠃ | ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠠᠷᠭ᠎ᠠ | ᠵᠠᠮ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ ᠂ ᠬᠥᠪᠴᠢ ᠶᠢᠨ ᠡᠯᠡᠰᠦ ᠶᠢ ᠰᠡᠷᠭᠡᠶᠢᠯᠡᠨ ᠵᠠᠰᠠᠵᠤ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠠᠳᠬᠤᠬᠤ ᠬᠡᠷᠡᠭᠲᠡᠢ︔ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠤ ᠤᠨᠲᠠᠷᠠᠭᠠᠬᠤ ︽ ᠠᠮᠤᠷ ᠲᠦᠪᠰᠢᠨ ᠤ ᠬᠥᠪᠴᠢ ︾ ᠶᠢ ᠴᠠᠭ | ᠢᠮᠠᠭᠲᠠ ᠴᠢᠩᠭᠠᠯᠠᠵᠤ ᠂ ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ | ᠭᠡᠷᠡᠭᠳᠡᠢ ︔ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠴᠣᠩᠬᠤᠪᠴᠢ ᠶᠢᠨ ᠠᠵᠠ ᠲᠣᠬᠢᠶᠠᠯᠳᠤ ᠬᠤᠭᠤᠴᠠᠭ᠎ᠠ ᠶᠢ ᠵᠠᠪᠳᠤᠨ ᠠᠳᠬᠤᠵᠤ ᠂ | ᠲᠦᠷᠭᠡᠨ ᠠᠵᠢᠯᠯᠠᠬᠤ ᠂ ᠶᠡᠬᠡᠪᠡᠷ ᠠᠵᠢᠯᠯᠠᠵᠤ ᠲᠦᠷᠭᠡᠨ ᠬᠥᠭᠵᠢᠬᠦ ᠶᠢ ᠴᠢᠩᠭ᠎ᠠ ᠠᠳᠬᠤᠵᠤ ᠂ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠲᠦᠷᠦᠯ ᠵᠦᠢᠯ ᠢ | ᠲᠦᠷᠭᠡᠨ ᠪᠦᠲᠦᠭᠡᠨ ᠪᠠᠶᠢᠭᠤᠯᠬᠤ ᠂ ᠡᠷᠲᠡ ᠠᠴᠠ ᠲᠣᠣᠷ ᠲᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠭᠡᠷᠡᠭᠳᠡᠢ᠃ | ᠰᠠᠭᠤᠭᠠᠯᠢ ᠠᠷᠠᠳ ᠤᠨ ᠲᠣᠭᠤᠷᠢᠭ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ ᠂ ᠵᠢᠭᠰᠠᠭᠠᠨ | ᠪᠠᠶᠢᠴᠠᠭᠠᠵᠤ ᠭᠠᠷᠭᠠᠭᠰᠠᠨ ᠬᠡᠮ ᠰᠣᠭᠤᠭ ᠢ ᠠᠰᠠᠭᠤᠳᠠᠯ ᠢᠶᠠᠷ ᠦᠵᠡᠵᠦ ᠂ ᠠᠳᠡᠯ ᠢᠶᠠᠷ ᠦᠵᠡᠵᠦ ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠲᠤ ᠣᠷᠣᠭᠤᠯᠬᠤ ᠂ | ︽ ᠨᠢᠰᠭᠡ ᠤᠲᠠᠰᠤ ︾ ᠪᠠᠷ ᠴᠠᠬᠢᠯᠭᠠᠨ ᠴᠡᠨᠡᠭᠯᠡᠬᠦ ᠵᠡᠷᠭᠡ ᠠᠮᠤᠷ ᠲᠦᠪᠰᠢᠨ ᠤ ᠬᠡᠮ ᠰᠣᠭᠤᠭ ᠢ ᠴᠢᠩᠭ᠎ᠠ ᠴᠡᠭᠴᠡᠯᠡᠨ ᠵᠠᠰᠠᠵᠤ ᠂ ᠣᠯᠠᠨ ᠲᠦᠮᠡᠨ ᠤ ᠬᠡᠷᠡᠭᠴᠡᠭᠡ | ᠱᠠᠭᠠᠷᠳᠠᠯᠭ᠎ᠠ ᠳᠤ ᠰᠠᠭᠤᠷᠢᠯᠠᠨ ᠂ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠴᠡᠨᠡᠭᠯᠡᠬᠦ ᠱᠣᠩ ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠣᠭᠰᠤᠭᠠᠬᠤ | ᠭᠠᠵᠠᠷ ᠵᠡᠷᠭᠡ ᠰᠠᠭᠤᠷᠢ ᠳᠦᠬᠦᠭᠡᠷᠤᠮᠵᠢ ᠶᠢ ᠭᠦᠢᠴᠡᠳ ᠲᠣᠬᠢᠷᠠᠭᠤᠯᠤᠨ ᠨᠥᠬᠦᠪᠦᠷᠢᠯᠡᠬᠦ ᠬᠡᠷᠡᠭᠲᠡᠢ ᠭᠡᠪᠡ ᠃ | | ᠵᠢᠷᠤᠭ ᠄ 3 ᠰᠠᠷ᠎ᠠ ᠶᠢᠨ 19 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ | ᠭᠦᠸᠧ ᠴᠢᠤᠸᠠᠨ ᠵᠡᠭᠦᠨᠭᠠᠷ ᠵᠣᠣ ᠪᠠᠯᠭᠠᠰᠤᠨ ᠤ ᠤᠯᠠᠭᠠᠨᠬᠠᠳᠠ ᠨᠡᠭᠦᠷᠡᠰᠦᠨ ᠠᠭᠤᠷᠬᠠᠢ ᠳᠤ ᠢᠷᠡᠵᠦ ᠂ ᠪᠦᠬᠦ ᠬᠤᠰᠢᠭᠤᠨ ᠤ ᠭᠠᠵᠠᠷ ᠰᠢᠷᠣᠢ ᠶᠢᠨ ᠲᠠᠲᠠᠪᠤᠷᠢᠯᠠᠯᠲᠠ | ᠶᠢᠨ ᠨᠥᠬᠦᠪᠦᠷᠢ ᠪᠠ ᠲᠥᠪᠬᠢᠨᠡᠭᠦᠯᠬᠦ ᠠᠵᠢᠯ ᠤᠨ ᠴᠢᠨᠠᠷᠵᠢᠯ ᠦᠷ᠎ᠡ ᠪᠦᠲᠦᠮᠵᠢ ᠶᠢ ᠵᠢᠷᠤᠮᠵᠢᠭᠤᠯᠤᠨ ᠳᠡᠭᠡᠭᠰᠢᠯᠡᠭᠦᠯᠬᠦ ᠲᠤᠬᠠᠢ ᠲᠤᠰᠬᠠᠢ ᠱᠠᠯᠠᠪᠳᠠᠭᠤᠯᠤᠬᠰᠠᠨ | ᠪᠠᠶᠢᠴᠠᠭᠠᠯᠲᠠ ᠥᠷᠨᠢᠭᠦᠯᠦᠭᠰᠡᠨ ᠪᠥᠭᠡᠳ ᠠᠬᠤᠢ ᠲᠠᠯᠠᠪᠠᠶ ᠳᠤ ᠠᠯᠪᠠᠯᠠᠬᠤ ᠬᠤᠷᠠᠯ ᠬᠢᠵᠡᠢ ᠃ ᠶᠤᠸᠠᠢ ᠴᠧᠨ ᠶᠠᠨ ᠰᠡᠭᠦᠳᠡᠷᠯᠡᠪᠡ | ᠡᠨᠡ ᠬᠤᠭᠤᠴᠠᠭᠠᠨ ᠳᠤ ᠂ ᠸᠠᠩ ᠭᠦᠸᠧ ᠴᠢᠤᠸᠠᠨ ᠨᠠᠷ ᠪᠠᠰᠠ ᠵᠡᠭᠦᠨᠭᠠᠷ ᠵᠣᠣ ᠪᠠᠯᠭᠠᠰᠤᠨ ᠤ ᠬᠦᠨ ᠭᠤᠤ ᠨᠡᠭᠦᠷᠡᠰᠦᠨ ᠠᠭᠤᠷᠬᠠᠢ ᠂ ᠤᠯᠠᠭᠠᠨᠬᠠᠳᠠ ᠨᠡᠭᠦᠷᠡᠰᠦᠨ | ᠠᠭᠤᠷᠬᠠᠢ ᠂ ᠨᠤᠸᠠᠨ ᠱᠦᠢ ᠰᠢᠶᠠᠩ ᠳᠤ ᠭᠦᠨᠵᠡᠭᠡᠶᠢᠷᠡᠵᠦ ᠂ ᠪᠥᠬᠦ ᠬᠤᠰᠢᠭᠤᠨ ᠤ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠨᠥᠬᠦᠪᠦᠷᠢ ᠪᠠ ᠲᠥᠪᠬᠢᠨᠡᠭᠦᠯᠬᠦ | ᠠᠵᠢᠯ ᠤᠨ ᠴᠢᠨᠠᠷᠵᠢᠯ ᠦᠷ᠎ᠡ ᠪᠦᠲᠦᠮᠵᠢ ᠶᠢ ᠵᠢᠷᠤᠮᠵᠢᠭᠤᠯᠤᠨ ᠳᠡᠭᠡᠭᠰᠢᠯᠡᠭᠦᠯᠬᠦ ᠲᠠᠯ᠎ᠠ ᠪᠠᠷ ᠲᠤᠰᠬᠠᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠰᠠᠨ ᠤ ᠬᠠᠮᠲᠤ | ᠠᠬᠤᠢ ᠲᠠᠯᠠᠪᠠᠶ ᠳᠤ ᠠᠯᠪᠠᠯᠠᠬᠤ ᠬᠤᠷᠠᠯ ᠢ ᠬᠤᠷᠠᠯᠳᠤᠭᠤᠯᠪᠠ ᠃ ᠳᠡᠷᠡ ᠴᠢᠬᠤᠯᠠᠴᠢᠯᠠᠬᠤ ᠳᠠᠭᠠᠨ ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠵᠢᠴᠢ ᠭᠠᠵᠠᠷ ᠰᠢᠷᠣᠢ | ᠬᠡᠷᠡᠭᠯᠡᠬᠦ ᠠᠵᠤ ᠠᠬᠤᠶᠢᠯᠠᠯ ᠤᠳ ︽ ᠵᠡᠭᠦᠨᠭᠠᠷ ᠬᠤᠰᠢᠭᠤᠨ ᠤ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠨᠥᠬᠦᠪᠦᠷᠢ ᠣᠯᠭᠤᠵᠤ ᠲᠥᠪᠬᠢᠨᠡᠭᠦᠯᠬᠦ ᠪᠠ ᠬᠢᠨᠠᠯᠲᠠ | ᠲᠠᠯᠪᠢᠵᠤ ᠬᠠᠮᠢᠶᠠᠷᠬᠤ ᠠᠷᠭ᠎ᠠ ︾ ᠶᠢᠨ ᠡᠯ᠎ᠡ ᠵᠦᠢᠯ ᠵᠤᠷᠪᠤᠰ ᠤᠨ ᠲᠣᠭᠲᠠᠭᠠᠯ ᠢ ᠡᠷᠡᠰ ᠭᠤᠶᠢᠪᠢᠰᠢ ᠦᠭᠡᠢ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ | ᠦᠨᠳᠦᠰᠦᠯᠡᠵᠦ ᠂ ᠪᠥᠬᠦ ᠬᠤᠰᠢᠭᠤᠨ ᠤ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠨᠥᠬᠦᠪᠦᠷᠢ ᠣᠯᠭᠤᠵᠤ ᠲᠥᠪᠬᠢᠨᠡᠭᠦᠯᠬᠦ ᠠᠵᠢᠯ ᠢ ᠬᠠᠤᠯᠢ ᠲᠣᠭᠲᠠᠭᠠᠯ ᠶᠣᠰᠣᠭᠠᠷ ᠂ | ᠡᠷᠬᠡ ᠲᠡᠭᠰᠢ ᠲᠥᠪ ᠭᠤᠥᠯᠴᠢ ᠪᠠᠷ ᠥᠷᠨᠢᠭᠦᠯᠬᠦ ᠶᠢ ᠠᠬᠢᠭᠤᠯᠵᠤ ᠂ ᠪᠠᠲᠤᠯᠠᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠲᠥᠰᠥᠯ ᠢ ᠤᠯᠠᠮ ᠨᠢᠭᠡ ᠠᠯᠬᠤᠮ | ᠨᠠᠷᠢᠯᠢᠭᠵᠢᠭᠤᠯᠤᠨ ᠲᠡᠭᠦᠯᠳᠡᠷᠵᠢᠭᠦᠯᠵᠦ ᠂ ᠠᠵᠢᠯᠯᠠᠭᠠᠨ ᠢ ᠵᠢᠷᠤᠮᠵᠢᠭᠤᠯᠬᠤ ᠶᠠᠪᠤᠴᠠ ᠂ ᠪᠠᠶᠢᠩᠭᠤ ᠲᠣᠬᠢᠶᠠᠯᠳᠤᠬᠤ ᠠᠰᠠᠭᠤᠳᠠᠯ ᠢ ᠰᠢᠢᠳᠪᠦᠷᠢᠯᠡᠬᠦ ᠲᠥᠰᠥᠯ ᠵᠡᠷᠭᠡ | ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠳᠲᠡᠷ ᠲᠦᠷᠭᠡᠨ ᠰᠤᠳᠤᠯᠤᠨ ᠲᠣᠭᠲᠠᠭᠠᠵᠤ ᠂ ᠭᠠᠵᠠᠷ ᠰᠢᠷᠣᠢ ᠬᠡᠷᠡᠭᠯᠡᠬᠦ ᠠᠵᠤ | ᠠᠬᠤᠶᠢᠯᠠᠯ ᠳᠤ ᠦᠨᠡᠨ ᠬᠦ ᠰᠠᠶᠢᠲᠤᠷ ᠦᠢᠯᠡᠴᠢᠯᠡᠨ ᠪᠠᠲᠤᠯᠠᠭ᠎ᠠ ᠬᠠᠩᠭᠠᠵᠤ ᠂ ᠭᠠᠵᠠᠷ ᠢᠶᠠᠨ ᠲᠠᠲᠠᠪᠤᠷᠢᠯᠠᠭᠳᠠᠭᠰᠠᠨ ᠣᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠰᠠᠶᠢᠲᠤᠷ ᠬᠠᠮᠠᠭᠠᠯᠠᠬᠤ ᠭᠡᠷᠡᠭᠳᠡᠢ ᠃ ᠬᠠᠤᠯᠢ ᠪᠠ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ | ᠴᠢᠩᠭᠠᠳᠬᠠᠵᠤ ᠂ ᠺᠠᠳ᠋ᠷ ᠤᠨ ᠰᠠᠬᠢᠯᠭ᠎ᠠ ᠪᠠᠲᠤ ᠶᠢ ᠵᠥᠷᠢᠴᠡᠭᠰᠡᠨ ᠂ ᠠᠵᠤ ᠠᠬᠤᠶᠢᠯᠠᠯ ᠤᠨ ᠲᠣᠭᠲᠠᠭᠠᠯ ᠢ ᠵᠥᠷᠢᠴᠡᠭᠰᠡᠨ ᠂ ᠣᠯᠠᠨ ᠲᠦᠮᠡᠨ ᠤ ᠬᠠᠤᠯᠢ ᠶᠢ | ᠵᠥᠷᠢᠴᠡᠭᠰᠡᠨ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠ ᠲᠡᠭᠦᠨ ᠢ ᠲᠤᠯᠭᠠᠨ ᠰᠢᠢᠳᠪᠦᠷᠢᠯᠡᠵᠦ ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠲᠥᠷᠥᠯ ᠵᠦᠢᠯ ᠤᠨ ᠭᠠᠵᠠᠷ ᠰᠢᠷᠣᠢ ᠲᠠᠲᠠᠪᠤᠷᠢᠯᠠᠬᠤ ᠠᠵᠢᠯ ᠢ ᠴᠢᠨᠠᠷᠵᠢᠯ ᠲᠠᠢ ᠪᠦᠭᠡᠳ ᠥᠨᠳᠥᠷ ᠪᠦᠲᠦᠮᠵᠢᠲᠡᠶ ᠪᠠᠷ | ᠪᠡᠶᠡᠯᠡᠭᠦᠯᠵᠦ ᠂ ᠪᠥᠬᠦ ᠬᠤᠰᠢᠭᠤᠨ ᠤ ᠭᠠᠵᠠᠷ ᠰᠢᠷᠣᠢ ᠲᠠᠲᠠᠪᠤᠷᠢᠯᠠᠬᠤ ᠠᠵᠢᠯ ᠢ ᠪᠥᠬᠦ ᠲᠠᠯ᠎ᠠ ᠪᠠᠷ ᠂ ᠣᠯᠠᠨ ᠠᠷᠭ᠎ᠠ ᠵᠠᠮ ᠢᠶᠠᠷ ᠵᠢᠷᠤᠮᠵᠢᠭᠤᠯᠤᠨ ᠳᠡᠭᠡᠭᠰᠢᠯᠡᠭᠦᠯᠬᠦ | ᠬᠡᠷᠡᠭᠲᠡᠢ ᠭᠡᠪᠡ ᠃ | |