| ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ︽ ᠠᠷᠪᠢᠯᠠᠵᠤ ᠠᠮᠢᠳᠤᠷᠠᠬᠤ ᠳᠠᠳᠬᠠᠯ ᠲᠠᠢ | ᠪᠤᠯᠬᠤ ᠴᠢᠬᠤᠯᠠ ᠱᠠᠭᠠᠷᠳᠠᠯᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ ︾ ︵ ᠳᠣᠷᠣᠭᠰᠢ ︽ ᠲᠥᠰᠥᠯ ︾ ᠭᠡᠵᠦ | ᠳᠥᠭᠦᠮᠴᠢᠯᠡᠨ᠎ᠡ ︶ ᠢ ᠨᠡᠶᠢᠲᠡᠯᠡᠵᠦ ᠂ ᠲᠥᠰᠥᠪ ᠢ ᠴᠢᠩᠭ᠎ᠠ ᠭᠦᠢᠴᠡᠳᠬᠡᠬᠦ ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠵᠢᠷᠤᠮᠵᠢᠭᠤᠯᠬᠤ ᠂ ︽ ᠭᠤᠷᠪᠠᠨ | ᠵᠦᠢᠯ ᠤᠨ ᠠᠯᠪᠠᠨ ᠵᠠᠷᠤᠳᠠᠯ ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠂ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠥᠪᠡᠷ ᠤᠨ ᠥᠷᠲᠡᠭ ᠢ | ᠪᠠᠭᠤᠷᠠᠭᠤᠯᠬᠤ ᠂ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ | ᠴᠢᠩᠭᠠᠳᠬᠠᠬᠤ ᠵᠡᠷᠭᠡ 7 ᠲᠠᠯ᠎ᠠ ᠪᠠᠷ ᠲᠣᠳᠣᠷᠬᠠᠢ ᠲᠣᠭᠲᠠᠭᠠᠯ ᠭᠠᠷᠭᠠᠵᠤ ᠂ ᠠᠷᠪᠢᠯᠠᠵᠤ ᠠᠮᠢᠳᠤᠷᠠᠬᠤ ᠱᠠᠭᠠᠷᠳᠠᠯᠭ᠎ᠠ ᠶᠢ ᠡᠳᠦᠷ ᠲᠤᠲᠤᠮ ᠤᠨ ᠦᠢᠯᠡᠴᠢᠯᠡᠭᠡᠨ ᠤ | ᠪᠠᠲᠤᠯᠠᠭ᠎ᠠ ᠶᠢᠨ ᠠᠵᠢᠯ ᠤᠨ ᠪᠦᠭᠦ ᠶᠠᠪᠤᠴᠠ ᠂ ᠡᠯ᠎ᠡ ᠲᠠᠯ᠎ᠠ ᠳᠤ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠵᠤ | ᠠᠮᠢᠳᠤᠷᠠᠬᠤ ᠶᠢ ᠪᠠᠶᠢᠭᠤᠯᠭ᠎ᠠ ᠶᠢᠨ ᠶᠠᠪᠤᠳᠠᠯ ᠤᠨ ᠰᠢᠰᠲ᠋ᠧᠮ ᠳᠤ ᠳᠠᠳᠬᠠᠯ ᠪᠠ ᠬᠡᠪ ᠤᠨ ᠪᠠᠶᠢᠳᠠᠯ ᠪᠤᠯᠭᠠᠬᠤ ᠶᠢ ᠠᠬᠢᠭᠤᠯᠪᠠ ᠃ | ︽ ᠲᠥᠰᠥᠯ ︾ ᠳᠤ ᠂ ᠲᠥᠷᠥᠯ ᠵᠦᠢᠯ ᠤᠨ ᠵᠠᠷᠤᠯᠭ᠎ᠠ ᠳᠤ ᠪᠦᠭᠦ ᠶᠠᠪᠤᠴᠠ ᠶᠢᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠂ | ᠦᠨᠡᠯᠡᠭᠰᠡᠨ ᠦᠷ᠎ᠡ ᠳ᠋ᠦᠩ ᠢ ᠲᠥᠰᠥᠪ ᠤᠨ ᠲᠣᠬᠢᠷᠠᠭᠤᠯᠤᠯᠲᠠ ᠲᠠᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ᠎ᠠ ᠃ ᠲᠥᠰᠥᠪ ᠢ ᠭᠦᠢᠴᠡᠳᠬᠡᠭᠰᠡᠨ | ᠠᠬᠢᠴᠠ ᠶᠢ ᠰᠠᠷ᠎ᠠ ᠪᠠᠷ ᠨᠡᠶᠢᠲᠡᠯᠡᠵᠦ ᠂ ᠭᠤᠷᠪᠠᠨ ᠰᠠᠷ᠎ᠠ ᠳᠠᠷᠠᠭᠠᠯᠠᠨ ᠵᠠᠷᠤᠯᠭ᠎ᠠ ᠶᠢᠨ ᠠᠬᠢᠴᠠ ᠨᠢ ᠬᠠᠮᠤᠭ ᠤᠨ ᠳᠣᠣᠷ᠎ᠠ ᠱᠠᠭᠠᠷᠳᠠᠯᠭ᠎ᠠ ᠳᠤ ᠭᠦᠷᠦᠭᠰᠡᠨ ᠦᠭᠡᠢ | ᠮᠥᠷᠲᠡᠭᠡᠨ ᠭᠦᠢᠴᠡᠳ ᠰᠢᠯᠲᠠᠭᠠᠨ ᠦᠭᠡᠢ ᠪᠣᠯ ᠂ ᠵᠠᠷᠤᠳᠠᠯ ᠢ ᠨᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠬᠡᠷᠡᠭᠯᠡᠨ᠎ᠡ ᠃ ᠵᠢᠯ ᠤᠨ ᠡᠴᠦᠰ ᠤᠨ ᠳ᠋ᠦᠩᠨᠡᠨ | ᠰᠢᠯᠵᠢᠭᠦᠯᠦᠭᠰᠡᠨ ᠪᠡᠯᠡ ᠮᠥᠩᠭᠦ ᠨᠢ ᠨᠡᠯᠢᠶᠡᠳ ᠠᠷᠪᠢᠨ ᠪᠥᠭᠡᠳ ᠵᠦᠢ ᠵᠣᠬᠢᠰᠲᠠᠢ ᠰᠢᠯᠲᠠᠭᠠᠨ ᠦᠭᠡᠢ ᠪᠠᠶᠢᠪᠠᠯ ᠂ ᠲᠠᠷᠠᠭᠠᠴᠢ ᠶᠢᠨ ᠵᠢᠯ ᠤᠨ ᠲᠥᠰᠥᠪ ᠤᠨ | ᠲᠣᠬᠢᠷᠠᠭᠤᠯᠤᠯᠲᠠ ᠶᠢᠨ ᠪᠡᠯᠡ ᠮᠥᠩᠭᠦ ᠶᠢ ᠵᠣᠬᠢᠬᠤ ᠬᠠᠷᠢᠴᠠᠯ ᠢᠶᠠᠷ ᠲᠣᠬᠢᠷᠠᠭᠤᠯᠤᠨ ᠬᠠᠰᠤᠵᠤ ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ | ᠳᠡᠭᠡᠭᠰᠢᠯᠡᠭᠦᠯᠦᠨ᠎ᠡ ᠃ ᠡᠭᠦᠨ ᠤ ᠵᠡᠷᠭᠡ ᠪᠠᠷ ︽ ᠭᠤᠷᠪᠠᠨ ᠵᠦᠢᠯ ᠤᠨ ᠠᠯᠪᠠᠨ ᠵᠠᠷᠤᠳᠠᠯ ︾ ᠤᠨ ᠵᠠᠷᠤᠯᠭ᠎ᠠ ᠶᠢᠨ ᠵᠦᠢᠯᠡᠰ ᠤᠨ ᠴᠢᠬᠤᠯᠠ ᠴᠢᠨᠠᠷ ᠂ ᠵᠦᠢ ᠶᠣᠰᠣᠴᠢ | ᠴᠢᠨᠠᠷ ᠢ ᠴᠢᠩᠭ᠎ᠠ ᠬᠢᠨᠠᠨ ᠬᠠᠷᠭᠤᠭᠤᠯᠵᠤ ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡᠨ ᠳᠤ ᠲᠣᠰᠣ ᠨᠡᠮᠡᠬᠦ ᠂ ᠰᠡᠯᠪᠢᠨ ᠵᠠᠰᠠᠬᠤ ᠂ ᠳᠠᠭᠠᠳᠬᠠᠯ ᠳᠤ ︽ ᠭᠤᠷᠪᠠᠨ | ᠲᠣᠭᠲᠠᠭᠰᠠᠨ ᠴᠡᠭ ︾ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠡᠷᠡᠭᠵᠢᠭᠦᠯᠵᠦ ᠂ ᠠᠯᠪᠠᠨ ᠶᠠᠪᠤᠳᠠᠯ ᠤᠨ ᠵᠣᠴᠢᠯᠠᠭ᠎ᠠ ᠳᠤ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ ᠨᠠᠮ ᠵᠠᠰᠠᠭ ᠤᠨ ᠪᠠᠶᠢᠭᠤᠯᠭ᠎ᠠ ᠶᠢᠨ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠤᠨ ᠵᠣᠴᠢᠯᠠᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ︾ | ᠢ ᠴᠢᠩᠭ᠎ᠠ ᠬᠡᠷᠡᠭᠵᠢᠭᠦᠯᠵᠦ ᠂ ︽ ᠭᠤᠷᠪᠠᠨ ᠵᠦᠢᠯ ᠤᠨ ᠠᠯᠪᠠᠨ ᠵᠠᠷᠤᠳᠠᠯ ︾ ᠤᠨ ᠵᠠᠷᠤᠯᠭ᠎ᠠ ᠶᠢᠨ ᠪᠣᠭᠤᠮᠲᠠ ᠶᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ ᠂ | ᠵᠠᠷᠤᠵᠤ ᠪᠤᠯᠬᠤ ᠦᠭᠡᠢ ᠵᠣᠭᠤᠰ ᠢ ᠶᠠᠭᠠᠬᠢᠭᠰᠠᠨ ᠴᠤ ᠵᠠᠷᠤᠬᠤ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠪᠠ ᠃ | ︽ ᠲᠥᠰᠥᠯ ︾ ᠳᠤ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠂ ᠠᠯᠪᠠᠨ ᠤ ᠰᠢᠷᠡᠭᠡ ᠰᠠᠨᠳᠠᠯᠢ ᠂ | ᠺᠤᠮᠫᠢᠦ᠋ᠲ᠋ᠧᠷ ᠂ ᠳᠠᠷᠤᠮᠠᠯᠯᠠᠬᠤ ᠮᠠᠰᠢᠨ ᠵᠡᠷᠭᠡ ᠠᠯᠪᠠᠨ ᠲᠥᠬᠦᠭᠡᠷᠦᠮᠵᠢ ᠨᠢ ᠬᠠᠭᠤᠴᠢᠨ ᠢ ᠵᠠᠰᠠᠵᠤ ᠬᠠᠭᠤᠴᠢᠨ ᠢ ᠠᠰᠢᠭᠯᠠᠬᠤ ᠵᠠᠷᠴᠢᠮ ᠢ ᠪᠠᠷᠢᠮᠲᠠᠯᠠᠵᠤ ᠂ ᠺᠠᠳ᠋ᠷ | ᠠᠵᠢᠯᠲᠠᠨ ᠠᠵᠢᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠠᠷᠪᠢᠯᠠᠨ ᠭᠠᠮᠨᠠᠬᠤ ᠣᠶᠢᠯᠠᠭᠠᠭᠳᠠᠬᠤᠨ ᠲᠠᠢ ᠪᠤᠯᠭᠠᠵᠤ ᠂ ᠠᠷᠪᠢᠯᠠᠨ ᠭᠠᠮᠨᠠᠬᠤ ᠳᠠᠳᠬᠠᠯ ᠲᠠᠢ | ᠪᠤᠯᠭᠠᠬᠤ ᠬᠡᠷᠡᠭᠲᠡᠢ ᠃ ᠠᠯᠪᠠᠯᠠᠬᠤ ᠭᠡᠷ ᠪᠠᠶᠢᠰᠢᠩ ᠤᠨ ᠳᠠᠯᠳᠠ ᠬᠦᠴᠦᠨ ᠢ ᠦᠷᠭᠦᠯᠵᠢᠯᠡᠨ ᠭᠦᠨᠵᠡᠭᠡᠢ ᠠᠭᠤᠳᠠᠯᠵᠤ ᠂ ᠰᠢᠨ᠎ᠡ ᠪᠠᠷ ᠨᠡᠮᠡᠭᠳᠡᠬᠦ ᠠᠯᠪᠠᠯᠠᠬᠤ ᠭᠡᠷ | ᠪᠠᠶᠢᠰᠢᠩ ᠤᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠵᠤ ᠂ ᠲᠣᠰ ᠵᠢᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠭᠠᠳᠠᠨ᠎ᠠ ᠲᠦᠷᠢᠶᠡᠰᠦᠯᠡᠭᠰᠡᠨ | ᠭᠡᠷ ᠬᠥᠷᠥᠩᠭᠡ ᠶᠢ ᠳᠠᠭᠢᠨ 20% ᠪᠠᠷ ᠬᠠᠰᠤᠵᠤ ᠂ ᠲᠦᠷᠢᠶᠡᠰᠦᠨ ᠮᠥᠩᠭᠦ ᠶᠢᠨ ᠵᠠᠷᠤᠯᠭ᠎ᠠ ᠶᠢ ᠠᠷᠪᠢᠯᠠᠬᠤ ᠪᠠᠷ ᠴᠢᠷᠮᠠᠶᠢᠬᠤ ᠬᠡᠷᠡᠭᠲᠡᠢ ᠃ ︽ ᠨᠠᠮ ᠵᠠᠰᠠᠭ ᠤᠨ ᠶᠡᠭᠡ | ᠬᠦᠷᠢᠶᠡᠨ ᠳᠤ ᠪᠠᠷᠢᠯᠭ᠎ᠠ ᠪᠠᠶᠢᠭᠤᠯᠬᠤ ᠦᠭᠡᠢ ᠣᠨ ︾ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ 2024 ᠣᠨ ᠤ ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠶᠡᠭᠡ ᠳᠤᠮᠳᠠ ᠵᠡᠷᠭᠡ ᠶᠢᠨ ᠰᠡᠯᠪᠢᠨ ᠵᠠᠰᠠᠬᠤ ᠲᠥᠷᠥᠯ ᠵᠦᠢᠯ ᠂ ᠲᠣᠪᠴᠢᠶ᠎ᠠ ᠳᠤ ᠬᠠᠷᠢᠶᠠᠯᠠᠭᠳᠠᠬᠤ ᠰᠡᠯᠪᠢᠨ ᠵᠠᠰᠠᠬᠤ ᠲᠥᠷᠥᠯ ᠵᠦᠢᠯ ᠢ ᠴᠢᠩᠭ᠎ᠠ | ᠬᠢᠨᠠᠨ ᠬᠠᠷᠭᠤᠭᠤᠯᠵᠤ ᠂ ᠴᠢᠩᠭ᠎ᠠ ᠬᠠᠮᠢᠶᠠᠷᠴᠤ ᠂ ᠴᠢᠬᠤᠯᠠ ᠦᠭᠡᠢ ᠪᠣᠯ ᠬᠡᠷᠡᠭᠵᠢᠭᠦᠯᠬᠦ ᠦᠭᠡᠢ ᠪᠠᠶᠢᠵᠤ ᠂ ᠰᠡᠯᠪᠢᠨ ᠵᠠᠰᠠᠵᠤ ᠥᠭᠡᠷᠡᠴᠢᠯᠡᠬᠦ ᠪᠡᠯᠡ ᠮᠥᠩᠭᠦ ᠶᠢ ᠪᠦᠭᠦ | ᠲᠠᠯ᠎ᠠ ᠪᠠᠷ ᠠᠷᠪᠢᠯᠠᠵᠤ ᠂ ᠠᠷᠪᠢᠯᠠᠵᠤ ᠪᠤᠯᠬᠤ ᠵᠣᠭᠤᠰ ᠢ ᠪᠦᠭᠦᠨ ᠢ ᠠᠷᠪᠢᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ ᠃ | |