| ᠲᠥᠷᠥ ᠶᠢᠨ ᠶᠠᠪᠤᠳᠠᠯ ᠤᠨ ᠬᠤᠷᠢᠶ᠎ᠠ ᠲᠦᠷᠦᠭᠦᠬᠡᠨ ᠴᠣᠬᠤᠯᠠᠪᠤᠷᠢ ᠥᠭᠴᠦ ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠣᠷᠣᠨ ᠪᠠᠶᠢᠭᠤᠯᠬᠤ ᠶᠢ ᠵᠥᠪᠰᠢᠶᠡᠷᠡᠪᠡ ᠃ | ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠲᠠᠯᠠᠪᠠᠢ 9.03 ᠲᠡᠭᠰᠢ ᠳᠦᠷᠪᠡᠯᠵᠢᠨ ᠺᠢᠯᠣᠮᠧᠳ᠋ᠷ ᠪᠠᠶᠢᠵᠤ ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠷᠢᠶᠡᠨ ᠬᠤᠲᠠ ᠶᠢᠨ ᠳᠤᠮᠳᠠᠳᠤ ᠮᠣᠩᠭᠤᠯ ᠤᠨ ᠬᠢᠯᠢ ᠶᠢᠨ ᠵᠠᠰᠠᠮᠠᠯ ᠵᠠᠮ ᠤᠨ ᠪᠣᠭᠤᠮᠲᠠ ᠶᠢᠨ ᠪᠠᠷᠠᠭᠤᠨ ᠬᠤᠶᠢᠲᠤ ᠲᠠᠯ᠎ᠠ ᠳᠤ ᠪᠠᠶᠢᠷᠢᠯᠠᠵᠤ ᠪᠤᠢ ᠃ | ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠶᠢ ᠵᠡᠭᠦᠨ ᠂ ᠪᠠᠷᠠᠭᠤᠨ ᠬᠤᠶᠠᠷ ᠲᠣᠭᠤᠷᠢᠭ ᠬᠤᠪᠢᠶᠠᠵᠤ ᠂ ᠴᠢᠳᠠᠮᠵᠢ ᠶᠢᠨ ᠪᠠᠶᠢᠷᠢ | ᠲᠣᠭᠲᠠᠭᠠᠯᠲᠠ ᠶᠣᠰᠣᠭᠠᠷ ᠣᠷᠣᠨ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠶᠢᠨ ᠵᠡᠷᠭᠡ ᠪᠠᠷ ᠣᠷᠣᠨ ᠪᠦᠰᠡ ᠶᠢᠨ ᠬᠤᠭᠤᠷᠣᠨᠳᠣ ᠲᠤᠰᠠᠭᠠᠷᠯᠠᠬᠤ | ᠲᠥᠭᠦᠭᠡᠷᠦᠮᠵᠢ ᠪᠠᠶᠢᠭᠤᠯᠤᠨ᠎ᠠ ᠃ ᠡᠭᠦᠨ ᠳᠤ ᠵᠡᠭᠦᠨ ᠣᠷᠣᠨ ᠤ ᠲᠠᠯᠠᠪᠠᠢ ᠨᠢ 4.31 ᠲᠡᠭᠰᠢ ᠳᠦᠷᠪᠡᠯᠵᠢᠨ ᠺᠢᠯᠣᠮᠧᠳ᠋ᠷ ᠂ ᠪᠠᠷᠠᠭᠤᠨ ᠣᠷᠣᠨ ᠤ ᠲᠠᠯᠠᠪᠠᠢ ᠨᠢ 4.72 | ᠲᠡᠭᠰᠢ ᠳᠦᠷᠪᠡᠯᠵᠢᠨ ᠺᠢᠯᠣᠮᠧᠳ᠋ᠷ ᠪᠣᠯᠣᠨ᠎ᠠ ᠃ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠶᠢᠨ ᠬᠡᠪᠴᠢᠶ᠎ᠡ ᠶᠢ ᠪᠤᠲᠠᠲᠠᠢ ᠵᠠᠭᠠᠭ | ᠴᠡᠭ ᠤᠨ ᠪᠠᠶᠢᠷᠢᠰᠢᠯ ᠢᠶᠠᠷ ᠡᠵᠡᠮᠳᠡᠵᠦ ᠂ ᠵᠠᠭᠠᠭ ᠴᠡᠭ ᠤᠨ ᠪᠠᠶᠢᠷᠢᠰᠢᠯ ᠢ ᠬᠤᠳᠠᠯᠳᠤᠭᠠᠨ ᠤ ᠶᠠᠪᠤᠳᠠᠯ ᠤᠨ ᠶᠠᠮᠣᠨ ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ | ᠬᠠᠷᠢᠭᠤᠴᠠᠨ ᠨᠡᠶᠢᠲᠡᠯᠡᠨ᠎ᠡ ᠃ | ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠶᠣᠰᠣᠭᠠᠷ ᠂ ᠲᠤᠰ ᠭᠠᠵᠠᠷ ᠤᠨ ᠣᠨᠴᠠᠯᠢᠭᠲᠤ ᠳᠠᠪᠠᠭᠤᠯᠢᠭ ᠲᠠᠭᠠᠨ ᠰᠠᠭᠤᠷᠢᠯᠠᠨ ᠂ ᠤᠯᠠᠨ ᠤᠯᠤᠰ ᠤᠨ ᠠᠷᠠᠯᠵᠢᠶ᠎ᠠ ᠂ ᠤᠯᠠᠨ ᠤᠯᠤᠰ ᠤᠨ ᠪᠠᠷᠠᠭᠠᠨ ᠤ ᠭᠦᠢᠯᠭᠡᠭᠡ ᠂ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ᠰᠢᠭᠦᠯᠦᠨ ᠪᠣᠯᠪᠠᠰᠤᠷᠠᠭᠤᠯᠤᠯᠲᠠ ᠂ ᠬᠢᠯᠢ ᠠᠯᠤᠰᠯᠠᠭᠰᠠᠨ ᠵᠢᠭᠤᠯᠴᠢᠯᠠᠯ ᠵᠢᠴᠢ ᠬᠤᠯᠪᠣᠭᠳᠠᠯ ᠪᠦᠬᠦᠢ | ᠢᠵᠢ ᠪᠦᠷᠢᠳᠦᠭᠰᠡᠨ ᠦᠢᠯᠡᠴᠢᠯᠡᠭᠡ ᠶᠢ ᠭᠤᠣᠯᠳᠠᠯᠭ᠎ᠠ ᠲᠠᠢ ᠬᠥᠭᠵᠢᠭᠦᠯᠵᠦ ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠢ | ᠠᠬᠢᠭᠤᠯᠵᠤ ᠂ ᠬᠢᠯᠢ ᠳᠠᠭᠠᠤ ᠭᠠᠵᠠᠷ ᠣᠷᠣᠨ ᠤ ᠥᠨᠳᠥᠷ ᠲᠦᠪᠰᠢᠨ ᠪᠦᠬᠦᠢ ᠨᠡᠭᠡᠭᠡᠯᠲᠡᠲᠤ ᠲᠠᠪᠴᠠᠩ ᠂ ︽ ᠨᠢᠭᠡ ᠪᠦᠰᠡ ᠨᠢᠭᠡ ᠵᠠᠮ ︾ ᠤᠨ ᠳᠤᠮᠳᠠᠳᠤ ᠮᠣᠩᠭᠤᠯ | ᠤᠷᠤᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠴᠡᠭ ᠂ ᠳᠤᠮᠳᠠᠳᠤ ᠮᠣᠩᠭᠤᠯ ᠤᠨ ᠨᠥᠭᠦᠷᠰᠡᠭ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠢ | ᠡᠭᠦᠳᠴᠦ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ | ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠳᠤ ᠬᠦᠷᠢᠶ᠎ᠡ ᠲᠣᠣᠷ ᠪᠠ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠪᠠᠷ | ᠳᠠᠮᠵᠢᠭᠤᠯᠤᠨ ᠪᠢᠲᠡᠭᠦᠮᠵᠢᠯᠡᠭᠰᠡᠨ ᠬᠠᠮᠢᠶᠠᠷᠤᠯᠲᠠ ᠶᠠᠪᠤᠭᠤᠯᠤᠨ᠎ᠠ ᠃ ᠳᠤᠮᠳᠠᠳᠤ ᠮᠣᠩᠭᠤᠯ ᠤᠨ ᠵᠠᠰᠠᠭ ᠤᠨ ᠣᠷᠳᠣᠨ ᠤ ᠬᠤᠭᠤᠷᠣᠨᠳᠣᠭᠢ ᠬᠡᠯᠡᠯᠴᠡᠭᠡᠷ ᠤᠨ ᠪᠣᠯᠵᠤᠭ᠎ᠠ | ᠶᠣᠰᠣᠭᠠᠷ ᠂ ᠮᠣᠩᠭᠤᠯ ᠤᠨ ᠲᠠᠯ᠎ᠠ ᠲᠠᠢ ᠬᠠᠮᠲᠤᠷᠠᠨ ᠬᠤᠶᠠᠷ ᠲᠠᠯ᠎ᠠ ᠶᠢᠨ ᠣᠷᠣᠨ ᠪᠦᠰᠡ ᠶᠢᠨ ᠬᠤᠭᠤᠷᠣᠨᠳᠣᠭᠢ ᠬᠢᠯᠢ ᠠᠯᠤᠰᠯᠠᠭᠰᠠᠨ ᠲᠥᠬᠦᠭᠡᠷᠦᠮᠵᠢ ᠶᠢ ᠪᠠᠶᠢᠭᠤᠯᠵᠤ ᠂ | ᠬᠢᠯᠢ ᠶᠢᠨ ᠬᠠᠮᠠᠭᠠᠯᠠᠯᠲᠠ ᠂ ᠪᠣᠭᠤᠮᠲᠠ ᠶᠢᠨ ᠪᠠᠶᠢᠴᠠᠭᠠᠯᠲᠠ ᠵᠢᠴᠢ ᠬᠤᠯᠪᠣᠭᠳᠠᠯ ᠪᠦᠬᠦᠢ ᠪᠠᠶᠢᠴᠠᠭᠠᠨ ᠰᠢᠯᠭᠠᠬᠤ ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠂ | ᠠᠮᠤᠷ ᠲᠦᠪᠰᠢᠨ ᠤ ᠪᠠᠶᠢᠴᠠᠭᠠᠯᠲᠠ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ ᠂ ᠮᠣᠩᠭᠤᠯ ᠤᠨ ᠲᠠᠯ᠎ᠠ ᠶᠢᠨ ᠣᠷᠣᠨ ᠪᠦᠰᠡ ᠶᠢᠨ ᠠᠵᠢᠯᠲᠠᠨ ᠂ | ᠡᠳ᠋ ᠪᠠᠷᠠᠭ᠎ᠠ ᠶᠢᠨ ᠳᠥᠭᠦᠮ ᠳᠥᠲᠡ ᠨᠡᠪᠲᠡᠷᠡᠬᠦ ᠶᠢ ᠡᠮᠬᠢ ᠵᠢᠷᠤᠮ ᠲᠠᠢ ᠠᠬᠢᠭᠤᠯᠤᠨ᠎ᠠ ᠃ | ᠴᠣᠬᠤᠯᠠᠪᠤᠷᠢ ᠳᠤ ᠂ ᠬᠠᠮᠲᠤᠷᠠᠯᠴᠠᠭᠠᠨ ᠤ ᠣᠷᠣᠨ ᠤ ᠳᠤᠮᠳᠠᠳᠤ ᠶᠢᠨ ᠲᠠᠯ᠎ᠠ ᠶᠢᠨ ᠣᠷᠣᠨ ᠪᠦᠰᠡ ᠳᠤ ᠬᠤᠯᠪᠣᠭᠳᠠᠯ ᠪᠦᠬᠦᠢ ᠳᠡᠮᠵᠢᠯᠭᠡ ᠶᠢᠨ ᠲᠥᠷᠥ ᠶᠢᠨ | ᠪᠣᠳᠣᠯᠭ᠎ᠠ ᠬᠡᠷᠡᠭᠵᠢᠭᠦᠯᠬᠦ ᠶᠢ ᠵᠥᠪᠰᠢᠶᠡᠷᠡᠪᠡ ᠃ ᠣᠯᠠᠨ ᠤᠯᠤᠰ ᠤᠨ ᠡᠮᠴᠢᠯᠡᠭᠡᠨ ᠤ ᠤᠷᠢᠳ ᠢᠶᠠᠷ ᠬᠡᠷᠡᠭᠵᠢᠭᠦᠯᠬᠦ ᠣᠷᠣᠨ ᠪᠠᠶᠢᠭᠤᠯᠬᠤ ᠶᠢ ᠳᠡᠮᠵᠢᠵᠦ ᠂ ᠡᠮᠴᠢᠯᠡᠭᠡᠨ ᠤ | ᠰᠢᠨ᠎ᠡ ᠮᠡᠷᠭᠡᠵᠢᠯ ᠂ ᠰᠢᠨ᠎ᠡ ᠡᠮ ᠤᠨ ᠵᠦᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠵᠣᠷᠢᠭᠵᠢᠭᠤᠯᠤᠨ᠎ᠠ ᠃ ᠬᠠᠮᠲᠤᠷᠠᠯᠴᠠᠭᠠᠨ ᠤ ᠣᠷᠣᠨ ᠤ ᠬᠢᠯᠢ ᠠᠯᠤᠰᠯᠠᠭᠰᠠᠨ | ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠢ ᠰᠤᠳᠤᠯᠤᠨ ᠲᠥᠯᠥᠪᠵᠢᠭᠦᠯᠵᠦ ᠪᠦᠲᠦᠭᠡᠨ ᠪᠠᠶᠢᠭᠤᠯᠬᠤ ᠶᠢ ᠳᠡᠮᠵᠢᠨ᠎ᠡ ᠃ ᠤᠯᠠᠨ ᠤᠯᠤᠰ ᠤᠨ ᠰᠣᠶᠣᠯ | ᠤᠷᠠᠯᠢᠭ ᠤᠨ ᠪᠦᠲᠦᠭᠡᠯ ᠢ ᠳᠡᠯᠭᠡᠨ ᠦᠵᠡᠭᠦᠯᠭᠦ ᠂ ᠦᠨ᠎ᠡ ᠬᠠᠶᠠᠨ ᠬᠤᠳᠠᠯᠳᠤᠬᠤ ᠂ ᠠᠷᠠᠯᠵᠢᠶᠠᠯᠠᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ ᠃ | ᠣᠷᠣᠨ ᠨᠤᠲᠤᠭ ᠤᠨ ᠬᠢᠨ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠵᠡᠷᠭᠡ ᠣᠲᠣ ᠶᠢᠨ ᠪᠠᠶᠢᠭ᠎ᠠ ᠪᠡᠯᠡ ᠮᠥᠩᠭᠦ ᠶᠢᠨ | ᠠᠷᠭ᠎ᠠ ᠵᠠᠮ ᠢᠶᠠᠷ ᠳᠠᠮᠵᠢᠭᠤᠯᠤᠨ ᠂ ᠬᠠᠮᠲᠤᠷᠠᠯᠴᠠᠭᠠᠨ ᠤ ᠣᠷᠣᠨ ᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠳᠡᠮᠵᠢᠨ᠎ᠠ ᠃ ᠢᠵᠢ ᠪᠦᠷᠢᠳᠦᠭᠦᠯᠬᠦ ᠮᠥᠩᠭᠦᠨ | ᠭᠦᠢᠯᠭᠡᠭᠡᠨ ᠤ ᠦᠢᠯᠡᠴᠢᠯᠡᠭᠡᠨ ᠢ ᠳᠡᠮᠵᠢᠵᠦ ᠂ ᠳᠤᠮᠳᠠᠳᠤ ᠶᠢᠨ ᠪᠡᠯᠡ ᠶᠢᠨ ᠪᠠ ᠭᠠᠳᠠᠭᠠᠳᠤ ᠪᠡᠯᠡ ᠶᠢᠨ ᠪᠠᠩᠬᠢ ᠶᠢᠨ ᠪᠠᠶᠢᠭᠤᠯᠤᠮᠵᠢ ᠶᠢᠨ ᠣᠷᠣᠵᠤ ᠰᠠᠭᠤᠬᠤ ᠶᠢ | ᠵᠣᠷᠢᠭᠵᠢᠭᠤᠯᠤᠨ ᠂ ᠠᠷᠠᠳ ᠤᠨ ᠬᠥᠷᠥᠩᠭᠡ ᠶᠢᠨ ᠣᠷᠣᠨ ᠤ ᠳᠣᠲᠣᠷᠠᠬᠢ ᠮᠥᠩᠭᠦᠨ ᠭᠦᠢᠯᠭᠡᠭᠡᠨ ᠤ ᠦᠢᠯᠡᠰ ᠲᠤ ᠣᠷᠣᠬᠤ ᠶᠢ ᠳᠡᠮᠵᠢᠵᠦ ᠂ ᠬᠢᠯᠢ ᠠᠯᠤᠰᠯᠠᠨ ᠪᠡᠯᠡ | ᠣᠷᠣᠭᠤᠯᠵᠤ ᠪᠡᠯᠡ ᠴᠤᠭᠯᠠᠭᠤᠯᠬᠤ ᠲᠤᠬᠠᠶᠢᠯᠠᠭᠰᠠᠨ ᠠᠵᠢᠯ ᠪᠠ ᠬᠤᠪᠢ ᠬᠥᠮᠥᠨ ᠤ ᠥᠪᠡᠷ ᠤᠨ ᠪᠠ ᠭᠠᠳᠠᠭᠠᠳᠤ ᠶᠢᠨ ᠵᠣᠭᠤᠰ ᠢ ᠰᠣᠯᠢᠬᠤ ᠲᠤᠬᠠᠶᠢᠯᠠᠭᠰᠠᠨ | ᠠᠵᠢᠯ ᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠥᠷᠨᠢᠭᠦᠯᠬᠦ ᠶᠢ ᠳᠡᠮᠵᠢᠵᠦ ᠂ ᠠᠷᠠᠳ ᠤᠨ ᠵᠣᠭᠤᠰ ᠤᠨ ᠬᠢᠯᠢ ᠠᠯᠤᠰᠯᠠᠨ ᠬᠡᠷᠡᠭᠯᠡᠬᠦ ᠶᠢ ᠥᠷᠭᠡᠳᠬᠡᠨ᠎ᠡ ᠃ | ᠬᠢᠯᠢ ᠶᠢᠨ ᠭᠠᠳᠠᠨᠠᠬᠢ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠶᠢ ᠵᠥᠪᠰᠢᠶᠡᠷᠡᠵᠦ ᠂ ᠥᠨᠳᠥᠷ ᠲᠦᠪᠰᠢᠨ ᠪᠦᠬᠦᠢ ᠤᠯᠠᠨ | ᠤᠯᠤᠰ ᠤᠨ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠦᠨ᠎ᠡ ᠃ ᠦᠨᠡᠨ ᠬᠦ ᠬᠡᠷᠡᠭᠴᠡᠭᠡ ᠱᠠᠭᠠᠷᠳᠠᠯᠭ᠎ᠠ ᠲᠠᠢ ᠦᠶ᠎ᠡ ᠳᠤ ᠲᠠᠰ ᠳᠠᠷᠠᠭᠠᠯᠠᠯ | ᠶᠣᠰᠣᠭᠠᠷ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠪᠠᠶᠢᠭᠤᠯᠬᠤ ᠶᠢ ᠳᠡᠮᠵᠢᠨ᠎ᠡ ᠭᠡᠵᠦ ᠳᠤᠷᠠᠳᠪᠠ ᠃ | | |