| | ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠵᠢᠴᠢ ᠴᠢᠨᠠᠷ ᠰᠠᠶᠢᠳᠡᠢ ᠬᠥᠭᠵᠢᠯᠲᠡ ᠶᠢ ᠠᠬᠢᠭᠤᠯᠬᠤ ᠶᠢᠨ | ᠲᠤᠰᠠᠳᠠ ᠂ ᠦᠢᠷ᠎ᠠ ᠶᠢᠨ ᠡᠳᠦᠷ ᠂ ᠵᠡᠭᠦᠨᠭᠠᠷ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠡᠷᠡᠭ ᠰᠢᠢᠳᠪᠤᠷᠢᠯᠡᠭᠴᠢᠳ ᠬᠡᠷᠡᠭ ᠤᠨ ᠲᠤᠬᠠᠢ ᠶᠢᠨ ᠲᠠᠯᠠᠪᠤᠷ | ᠲᠤ ᠬᠦᠨᠵᠡᠬᠡᠶᠢᠷᠡᠨ ᠂ ᠴᠢᠩ ᠱᠦᠢ ᠴᠤᠸᠠᠨ ᠭᠤᠣᠯ ᠤᠨ ᠵᠠᠮ ᠳᠤ ᠪᠠᠷᠢᠯᠭ᠎ᠠ ᠶᠢᠨ ᠬᠤᠭ ᠨᠣᠪᠰᠢ ᠶᠢ ᠬᠠᠤᠯᠢ ᠪᠤᠰᠤ ᠪᠠᠷ ᠣᠪᠣᠭᠠᠯᠠᠵᠤ ᠤᠷᠬᠢᠬᠰᠠᠨ ᠲᠤᠬᠠᠢ ᠵᠠᠰᠠᠭ | ᠵᠠᠬᠢᠷᠭᠠᠨ ᠤ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠢᠯᠡ ᠪᠠᠷ ᠬᠡᠷᠡᠴᠢᠯᠡᠭᠡ ᠰᠤᠨᠤᠰᠬᠤ ᠬᠤᠷᠠᠯ ᠬᠢᠪᠠ ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠲᠥᠯᠥᠭᠡᠯᠡᠭᠴᠢ ᠂ ᠠᠷᠠᠳ ᠤᠨ ᠬᠢᠨᠠᠯᠲᠠ ᠲᠠᠯᠪᠢᠭᠴᠢ ᠂ | ᠬᠠᠤᠯᠢᠴᠢ ᠶᠢᠨ ᠲᠥᠯᠥᠭᠡᠯᠡᠭᠴᠢ ᠂ ︽ ᠨᠠᠶᠢᠳᠠ ᠶᠢᠨ ᠲᠥᠯᠥᠭᠡ ᠰᠡᠳᠬᠢᠯ ᠲᠠᠯᠪᠢᠬᠤ ︾ ᠰᠠᠶᠢᠨ ᠳᠤᠷᠠᠴᠤᠳ ᠤᠨ ᠲᠥᠯᠥᠭᠡᠯᠡᠭᠴᠢ ᠵᠢᠴᠢ ᠬᠠᠮᠢᠶ᠎ᠠ ᠪᠦᠬᠦᠢ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠲᠥᠯᠥᠭᠡᠯᠡᠭᠴᠢ ᠵᠡᠷᠭᠡ ᠬᠥᠮᠦᠰ ᠲᠤᠬᠠᠢ ᠶᠢᠨ ᠭᠠᠵᠠᠷ ᠤᠨ ᠣᠯᠠᠨ ᠲᠦᠮᠡᠨ ᠲᠠᠢ ᠬᠠᠮᠲᠤ ᠪᠠᠷ ᠭᠡᠷᠡᠴᠢᠯᠡᠭᠡ ᠰᠣᠨᠣᠰᠬᠤ ᠳᠤ | ᠣᠷᠣᠯᠴᠠᠪᠠ ᠃ | | | ᠴᠢᠩ ᠱᠦᠢ ᠴᠤᠸᠠᠨ ᠭᠤᠣᠯ ᠤᠨ ᠵᠠᠮ ᠪᠣᠯ ᠱᠠᠭᠳᠠᠷ ᠪᠠᠯᠭᠠᠰᠤᠨ ᠤ ᠬᠠᠲᠤᠨ ᠭᠤᠣᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠠᠶᠢᠵᠦ ᠂ ᠤᠰᠤᠨ ᠤ | ᠡᠬᠢ ᠰᠤᠷᠪᠤᠯᠵᠢ ᠶᠢ ᠬᠠᠳᠠᠭᠠᠯᠠᠬᠤ ᠂ ᠣᠷᠣᠨ ᠪᠦᠰᠡ ᠶᠢᠨ ᠠᠭᠤᠷ ᠠᠮᠢᠰᠬᠤᠯ ᠢ ᠲᠤᠬᠢᠷᠠᠭᠤᠯᠤᠨ ᠡᠵᠡᠮᠳᠡᠬᠦ ᠂ ᠠᠮᠢᠳᠤ ᠪᠣᠳᠠᠰ ᠤᠨ ᠡᠬᠢ ᠪᠠᠶᠠᠯᠢᠭ ᠤᠨ | ᠦᠷᠬᠦᠯᠵᠢᠯᠡᠭᠰᠡᠨ ᠬᠥᠭᠵᠢᠯᠲᠡ ᠶᠢ ᠠᠬᠢᠭᠤᠯᠬᠤ ᠵᠡᠷᠭᠡ ᠣᠯᠠᠨ ᠵᠦᠢᠯ ᠤᠨ ᠠᠮᠢ ᠠᠬᠤᠢ ᠶᠢᠨ ᠴᠢᠳᠠᠮᠵᠢ ᠶᠢ ᠠᠴᠢᠶᠠᠯᠠᠵᠤ ᠪᠤᠢ ᠃ 2023 ᠣᠨ ᠤ 6 ᠰᠠᠷ᠎ᠠ ᠳᠤ ᠂ | ᠵᠡᠭᠦᠨᠭᠠᠷ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠬᠦᠷᠬᠡ ᠲᠤᠰᠢᠶᠠᠯ ᠢᠶᠠᠨ ᠭᠦᠢᠴᠡᠳᠬᠡᠬᠦ ᠶᠠᠪᠤᠴᠠ ᠳᠤ ᠂ ᠥᠪᠥᠷ ᠮᠣᠩᠭᠤᠯ ᠤᠨ ᠳᠤᠮᠳᠠᠳᠤ ᠤᠯᠤᠰ ᠤᠨ | ᠲᠡᠮᠦᠷ ᠵᠠᠮ ᠤᠨ ᠡᠨᠧᠷᠭᠢ ᠶᠢᠨ ᠬᠦᠭᠵᠢᠬᠦᠯᠦᠯᠳᠠ ᠶᠢᠨ ᠬᠢᠵᠠᠭᠠᠷᠲᠤ ᠺᠣᠮᠫᠠᠨᠢ ᠶᠢᠨ ᠪᠦᠲᠦᠭᠡᠨ ᠪᠠᠶᠢᠭᠤᠯᠤᠬᠰᠠᠨ ᠡᠤ ᠽᠢ ᠸᠡᠨ ᠲᠡᠮᠦᠷ ᠵᠠᠮ ᠤᠨ ᠲᠤᠰᠬᠠᠢ | ᠱᠤᠭᠤᠮ ᠤᠨ ᠪᠠᠷᠢᠯᠭ᠎ᠠ ᠶᠢᠨ ᠲᠥᠷᠥᠯ ᠵᠦᠢᠯ ᠨᠢ ᠪᠠᠷᠢᠯᠭ᠎ᠠ ᠶᠢᠨ ᠶᠠᠪᠤᠴᠠ ᠳᠤ ᠶᠡᠭᠡ ᠬᠡᠮᠵᠢᠶᠡᠨ ᠤ ᠬᠠᠶᠠᠭᠳᠠᠮᠠᠯ ᠴᠢᠯᠠᠭᠤ ᠵᠢᠴᠢ ᠬᠠᠶᠠᠭᠳᠠᠮᠠᠯ ᠰᠢᠷᠣᠢ ᠶᠢ ᠲᠤᠰ | ᠭᠤᠣᠯ ᠤᠨ ᠵᠠᠮ ᠳᠤ ᠴᠢᠳᠬᠤᠬᠰᠠᠨ ᠢ ᠪᠠᠶᠢᠴᠠᠭᠠᠵᠦ ᠢᠯᠡᠷᠡᠬᠦᠯᠪᠡ ᠃ 2023 ᠣᠨ ᠤ 10 ᠰᠠᠷ᠎ᠠ ᠶᠢᠨ 10 ᠤ ᠡᠳᠦᠷ ᠂ ᠵᠡᠭᠦᠨᠭᠠᠷ ᠬᠤᠰᠢᠭᠤᠨ ᠤ ᠠᠷᠠᠳ ᠤᠨ | ᠪᠠᠶᠢᠴᠠᠭᠠᠬᠤ ᠬᠤᠷᠢᠶ᠎ᠠ ᠲᠤᠰ ᠬᠡᠷᠡᠭ ᠲᠤ ᠬᠠᠤᠯᠢ ᠶᠣᠰᠣᠭᠠᠷ ᠵᠠᠰᠠᠭ ᠵᠠᠬᠢᠷᠭᠠᠨ ᠤ ᠨᠠᠶᠢᠳᠠ ᠶᠢᠨ ᠠᠰᠠᠷᠠᠮᠵᠢ ᠶᠢᠨ ᠵᠠᠭᠠᠯᠳᠤᠯᠭ᠎ᠠ ᠬᠢᠪᠠ ᠃ | ᠬᠡᠷᠡᠴᠢᠯᠡᠭᠡ ᠰᠣᠨᠣᠰᠬᠤ ᠬᠤᠷᠠᠯ ᠳᠡᠭᠡᠷ᠎ᠡ ᠂ ᠬᠡᠷᠡᠭ ᠰᠢᠢᠳᠪᠤᠷᠢᠯᠡᠭᠴᠢᠳ ᠠᠴᠠ ᠲᠤᠰ ᠬᠡᠷᠡᠭ ᠤᠨ ᠪᠣᠳᠠᠲᠤ ᠬᠡᠷᠡᠭ ᠢ ᠮᠠᠭᠠᠳᠯᠠᠨ ᠲᠤᠭᠳᠠᠭᠠᠬᠤ ᠂ ᠭᠡᠷᠡᠴᠢ ᠪᠠᠷᠢᠮᠲᠠ | ᠴᠤᠬᠯᠠᠭᠤᠯᠬᠤ ᠂ ᠬᠠᠤᠯᠢ ᠴᠠᠭᠠᠵᠠ ᠶᠢ ᠬᠡᠷᠡᠭᠯᠡᠬᠦ ᠂ ᠵᠠᠰᠠᠭ ᠵᠠᠬᠢᠷᠭᠠᠨ ᠤ ᠡᠭᠦᠷᠭᠡ ᠲᠤᠰᠢᠶᠠᠯ ᠢᠶᠠᠨ ᠬᠦᠢᠴᠡᠳᠬᠡᠬᠦ ᠵᠡᠷᠭᠡ ᠪᠠᠶᠢᠳᠠᠯ ᠢ ᠬᠤᠷᠠᠯ ᠳᠤ ᠣᠷᠣᠯᠴᠠᠭᠰᠠᠳ ᠲᠤ | ᠲᠤᠳᠤᠷᠬᠠᠶᠢᠯᠠᠨ ᠥᠭᠦᠯᠡᠵᠦ ᠂ ᠭᠡᠷᠡᠴᠢᠯᠡᠭᠡ ᠰᠤᠨᠤᠰᠤᠬᠴᠢᠳ ᠡᠯ᠎ᠡ ᠲᠠᠯ᠎ᠠ ᠶᠢᠨ ᠲᠣᠭᠠᠴᠢᠯᠲᠠ ᠶᠢ ᠰᠣᠨᠣᠰᠤᠭᠰᠠᠨ ᠤ ᠳᠠᠷᠠᠭ᠎ᠠ ᠂ ᠲᠤᠬᠠᠢ ᠶᠢᠨ ᠭᠠᠵᠠᠷ ᠲᠤᠨᠢ | ᠠᠵᠢᠭᠯᠠᠵᠤ ᠦᠵᠡᠬᠡᠳ ᠰᠠᠨᠠᠯ ᠨᠢᠭᠡᠲᠡᠢ ᠢᠯᠡᠷᠬᠡᠶᠢᠯᠡᠬᠦ ᠳᠡᠭᠡᠨ ᠂ ︽ ᠤᠯᠠᠨ ᠲᠦᠮᠡᠨ ᠲᠠᠢ ᠦᠢᠷᠠᠳᠤᠬᠰᠠᠨ ︾ ᠭᠡᠷᠡᠴᠢᠯᠡᠭᠡ ᠰᠣᠨᠣᠰᠬᠤ ᠠᠷᠭ᠎ᠠ ᠬᠡᠯᠪᠡᠷᠢ ᠨᠢ ᠤᠯᠠᠨ | ᠳᠤ ᠬᠠᠤᠯᠢᠵᠢᠯ ᠤᠨ ᠬᠦᠴᠦᠨ ᠢ《 ᠦᠴᠦᠬᠡᠨ ᠴᠦ ᠵᠦᠷᠢᠶ᠎ᠠ ᠦᠬᠡᠢ 》 ᠪᠠᠷ ᠮᠡᠳᠡᠷᠡᠬᠦᠯᠪᠠ ᠬᠡᠪᠡ ᠃ | | ᠦᠢᠷ᠎ᠠ ᠶᠢᠨ ᠵᠢᠯ ᠳᠤ ᠂ ᠵᠡᠭᠦᠨᠭᠠᠷ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ︽ ᠡᠵᠢ ᠭᠤᠣᠯ ᠢᠶᠠᠨ ᠰᠠᠬᠢᠨ ᠬᠠᠮᠠᠭᠠᠯᠠᠵᠦ ᠂ ᠵᠡᠭᠦᠨᠭᠠᠷ ᠲᠤ ᠪᠠᠳᠤᠯᠠᠭ᠎ᠠ | ᠬᠠᠨᠭ᠍ᠭᠠᠬᠤ ︾ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠨᠡᠷᠡᠲᠦ ᠲᠡᠮᠳᠡᠭ ᠢ ᠭᠤᠣᠯᠳᠠᠯᠭ᠎ᠠ ᠲᠠᠢ ᠪᠣᠢ ᠪᠣᠯᠭᠠᠵᠤ ᠂ ᠬᠠᠲᠤᠨ ᠭᠤᠣᠯ ᠤᠨ ᠰᠠᠪᠠ ᠭᠠᠵᠠᠷ ᠤᠨ ᠣᠷᠣᠨ | ᠪᠦᠰᠡ ᠠᠯᠤᠰᠯᠠᠭᠰᠠᠨ ᠠᠮᠢ ᠠᠬᠤᠢ ᠶᠢᠨ ᠣᠷᠴᠢᠨ ᠲᠤᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠳᠠ ᠶᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢ | ᠪᠠᠶᠢᠭᠤᠯᠪᠠ ᠃ ︽ ᠡᠵᠢ ᠭᠤᠤᠯ ᠢᠶᠠᠨ ᠰᠠᠬᠢᠨ ᠬᠠᠮᠠᠭᠠᠯᠠᠬᠤ ︾ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠵᠢᠵᠢᠭ ᠲᠡᠰ ᠲᠠᠷᠠᠭᠠᠯᠠᠯ ᠢ ᠰᠤᠳᠤᠯᠤᠨ ᠨᠡᠭᠡᠭᠡᠵᠦ ᠂ | ᠬᠠᠲᠤᠨ ᠭᠤᠣᠯ ᠤᠨ ᠰᠠᠪᠠ ᠭᠠᠵᠠᠷ ᠤᠨ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠲᠣᠭᠤᠷᠢᠨ ᠪᠠᠶᠢᠴᠠᠭᠠᠬᠤ ᠠᠵᠢᠯ ᠤᠨ ᠥᠷᠲᠡᠭᠡ ᠶᠢ ᠪᠠᠶᠢᠭᠤᠯᠤᠨ ᠂ ᠬᠠᠲᠤᠨ | ᠭᠤᠣᠯ ᠤᠨ ᠰᠠᠪᠠ ᠭᠠᠵᠠᠷ ᠤᠨ ︽ ᠭᠤᠣᠯ ᠤᠨ ᠳᠠᠷᠤᠭ᠎ᠠ + ᠪᠠᠶᠢᠴᠠᠭᠠᠬᠴᠢ ᠳᠠᠷᠤᠭ᠎ᠠ ︾ ᠶᠢᠨ ᠭᠤᠣᠯ ᠴᠠᠬᠳᠠᠬᠤ ᠲᠤᠰᠬᠠᠢ ᠠᠵᠢᠯᠯᠠᠭ᠎ᠠ ᠶᠢ ᠣᠯᠠᠨ ᠤᠳᠠᠭ᠎ᠠ | ᠥᠷᠨᠢᠭᠦᠯᠪᠡ ᠃ ᠬᠠᠲᠤᠨ ᠭᠤᠣᠯ ᠤᠨ ᠲᠤᠬᠤᠢ ᠶᠢᠨ ᠴᠢᠨᠠᠷ ᠰᠠᠶᠢᠳᠡᠢ ᠬᠥᠭᠵᠢᠯᠲᠡ ᠶᠢᠨ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠬᠠᠮᠠᠭᠠᠯᠠᠯᠲᠠ ᠶᠢᠨ ᠠᠵᠢᠯ ᠤᠨ | ᠲᠠᠰᠤᠭ + ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠲᠦᠷᠭᠡᠨ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠢ ᠪᠠᠶᠢᠭᠤᠯᠵᠦ ᠂ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠨᠠᠶᠢᠳᠠ ᠶᠢᠨ ᠠᠰᠠᠷᠠᠮᠵᠢ ᠶᠢᠨ ᠬᠠᠮᠠᠭᠠᠯᠠᠯᠲᠠ ᠶᠢᠨ ᠡᠷᠴᠢᠮ ᠢ ᠭᠤᠣᠯᠳᠠᠯᠭ᠎ᠠ ᠲᠠᠢ | ᠴᠢᠩᠭᠠᠷᠠᠭᠤᠯᠪᠠ ᠃ | | ᠤᠳᠤᠬᠠᠨ ᠪᠣᠯᠲᠠᠯ᠎ᠠ ᠂ ᠬᠠᠲᠤᠨ ᠭᠤᠣᠯ ᠤᠨ ᠵᠠᠮ ᠲᠤᠳᠤᠷ᠎ᠠ ᠬᠠᠤᠯᠢ ᠪᠤᠰᠤ ᠪᠠᠷ ᠬᠠᠶᠢᠷ ᠴᠢᠯᠠᠭᠤ ᠣᠪᠣᠭᠠᠯᠠᠵᠤ ᠂ ᠬᠠᠤᠯᠢ ᠪᠤᠰᠤ ᠪᠠᠷ ᠡᠯᠡᠰᠦ ᠮᠠᠯᠳᠠᠬᠰᠠᠨ | ᠬᠡᠷᠡᠭ ᠤᠨ ᠰᠦᠪᠡᠭᠴᠢ ᠶᠢ 9 ᠬᠤᠪᠢ ᠪᠠᠶᠢᠴᠠᠭᠠᠨ ᠢᠯᠡᠷᠡᠬᠦᠯᠵᠦ ᠂ 9 ᠬᠤᠪᠢ ᠶᠢ ᠨᠢ ᠬᠡᠷᠡᠭ ᠪᠤᠯᠭᠠᠨ ᠲᠠᠩᠰᠠᠯᠠᠵᠦ ᠂ ᠵᠠᠭᠠᠯᠳᠤᠬᠤ ᠠᠴᠠ ᠡᠮᠦᠨᠡᠬᠢ ᠪᠠᠶᠢᠴᠠᠭᠠᠬᠤ | ᠰᠠᠨᠠᠭᠤᠯᠭ᠎ᠠ ᠶᠢ 9 ᠬᠤᠪᠢ ᠨᠠᠶᠢᠳᠠᠯᠠᠵᠦ ᠂ ᠴᠡᠭᠴᠡᠯᠡᠨ ᠰᠠᠶᠢᠵᠢᠷᠠᠭᠤᠯᠬᠤ ᠰᠠᠨᠠᠯ ᠢ 9 ᠬᠤᠪᠢ ᠬᠤᠷᠢᠶᠠᠵᠦ ᠂ ᠭᠤᠣᠯ ᠤᠨ ᠵᠠᠮ ᠲᠤᠳᠤᠷ᠎ᠠ ᠬᠠᠤᠯᠢ ᠪᠤᠰᠤ ᠪᠠᠷ ᠡᠯᠡᠰᠦ | ᠣᠪᠣᠭᠠᠯᠠᠭᠰᠠᠨ 9 ᠴᠡᠭ ᠢ ᠴᠡᠪᠡᠷᠯᠡᠨ ᠠᠷᠢᠯᠭᠠᠵᠦ ᠂ ᠬᠠᠤᠯᠢ ᠪᠤᠰᠤ ᠪᠠᠷ ᠡᠯᠡᠰᠦ ᠮᠠᠯᠲᠠᠬᠤ ᠲᠥᠬᠦᠭᠡᠷᠦᠮᠵᠢ ᠤᠬᠰᠠᠷᠠᠬᠰᠠᠨ 2 ᠭᠠᠵᠠᠷ ᠢ ᠨᠤᠷᠠᠭᠠᠵᠤ ᠂ 110 | ᠭᠠᠷᠤᠢ ᠮᠦ ᠭᠤᠣᠯ ᠤᠨ ᠵᠠᠮ ᠢ ᠰᠡᠷᠭᠦᠭᠡᠪᠡ ᠃ | | |