| ᠪᠥᠬᠦ ᠤᠯᠤᠰ ᠲᠤ 100 ᠣᠷᠴᠢᠮ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ︽ ᠳᠠᠭᠠᠭᠤᠯᠤᠭᠴᠢ ᠰᠢᠶᠠᠨ ︾ ᠢ ᠪᠤᠶᠢᠵᠢᠭᠤᠯᠵᠤ ᠂ 1000 | ᠣᠷᠴᠢᠮ ᠰᠢᠶᠠᠨ ᠤ ᠬᠡᠪᠴᠢᠶᠡᠨ ᠳᠠᠬᠢ ᠳ᠋ᠢᠭᠢᠲ᠋ᠠᠯᠴᠢᠯᠠᠭᠰᠠᠨ ᠭᠦᠢᠯᠭᠡᠭᠡᠨ ᠤ ᠬᠦᠲᠦᠴᠢ ᠠᠵᠤ ᠠᠬᠤᠶᠢᠯᠠᠯ ᠢ ᠪᠤᠶᠢᠵᠢᠭᠤᠯᠤᠨ ᠂ 1000 ᠣᠷᠴᠢᠮ ᠰᠢᠶᠠᠨ ᠤ | ᠬᠡᠪᠴᠢᠶᠡᠨ ᠳᠠᠬᠢ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠰᠠᠭᠤᠷᠢᠨ ᠢ ᠪᠠᠶᠢᠭᠤᠯᠵᠤ ᠂ 10000 ᠣᠷᠴᠢᠮ ᠬᠥᠳᠡᠭᠡ ᠲᠣᠰᠬᠤᠨ ᠤ | ᠡᠯᠧᠺᠳ᠋ᠷᠣᠨ ᠬᠤᠳᠠᠯᠳᠤᠭᠠᠨ ᠤ ᠳᠠᠭᠠᠭᠤᠯᠤᠭᠴᠢ ᠶᠢ ᠪᠤᠶᠢᠵᠢᠭᠤᠯᠤᠨ᠎ᠠ ᠁ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 9 ᠰᠠᠯᠠᠭ᠎ᠠ ᠮᠥᠴᠢᠷ ᠣᠶᠢᠷ᠎ᠠ ᠳᠤ ︽ | ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ︾ ︵ ᠳᠣᠷᠣᠭᠰᠢ ︽ ᠰᠠᠨᠠᠯ ︾ | ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠵᠤ ᠂ ᠳᠡᠭᠡᠷᠡᠬᠢ 5 ᠵᠢᠯ ᠤᠨ ᠬᠤᠭᠤᠴᠠᠭᠠᠲᠤ ᠡᠭᠦᠷᠭᠡ ᠶᠢᠨ ᠬᠠᠷᠠᠯᠲᠠ ᠶᠢ ᠳᠤᠷᠠᠳᠪᠠ ᠃ ᠬᠤᠳᠠᠯᠳᠤᠭᠠᠨ ᠤ | ᠶᠠᠪᠤᠳᠠᠯ ᠤᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠭᠠᠵᠠᠷ ᠣᠷᠣᠨ ᠲᠠᠢ | ᠬᠠᠮᠲᠤ ᠪᠠᠷ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢᠨ ᠢᠨᠵᠧᠨᠧᠷᠢᠩ ᠢ ᠬᠡᠷᠡᠭᠵᠢᠭᠦᠯᠵᠦ ᠂ ᠰᠢᠶᠠᠨ ᠰᠢᠶᠠᠩ | ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠪᠠ ᠲᠦᠷᠭᠡᠨ ᠢᠯᠡᠭᠡᠯᠲᠡ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ | ᠲᠦᠷᠭᠡᠳᠬᠡᠨ ᠨᠠᠪᠲᠠᠷᠡᠭᠦᠯᠵᠦ ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠬᠢᠭᠡᠳ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠠᠮᠵᠢᠯᠴᠠᠨ | ᠬᠥᠭᠵᠢᠬᠦ ᠶᠢ ᠬᠥᠲᠥᠯᠥᠨ ᠵᠢᠯᠤᠭᠤᠳᠴᠤ ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠨ ᠨᠡᠮᠡᠷᠢᠯᠡᠨ᠎ᠡ ᠭᠡᠵᠡᠢ ᠃ | 3000 ᠰᠢᠬᠠᠮ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠢ ᠪᠠᠶᠢᠭᠤᠯᠪᠠ | ᠬᠤᠳᠠᠯᠳᠤᠭᠠᠨ ᠤ ᠶᠠᠪᠤᠳᠠᠯ ᠤᠨ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠶᠢ ᠦᠨᠳᠦᠰᠦᠯᠡᠪᠡᠯ ᠂ 2023 ᠣᠨ ᠳᠤ ᠂ ᠪᠥᠬᠦ ᠤᠯᠤᠰ ᠤᠨ ᠬᠥᠳᠡᠭᠡ | ᠲᠣᠰᠬᠤᠨ ᠤ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 2.5 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ | 12.9% ᠪᠠᠷ ᠨᠡᠮᠡᠭᠳᠡᠨ ᠂ 2014 ᠣᠨ ᠤ ᠬᠢ ᠠᠴᠠ 13 ᠳᠠᠬᠢᠨ ᠰᠢᠬᠠᠮ ᠨᠡᠮᠡᠭᠳᠡᠵᠡᠢ ︔ ᠪᠥᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠲᠤᠭ᠎ᠠ 5870.3 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 12.5% ᠪᠠᠷ | ᠨᠡᠮᠡᠭᠳᠡᠨ ᠂ ᠪᠠᠷᠤᠭ 2014 ᠣᠨ ᠤ 5 ᠳᠠᠬᠢᠨ ᠪᠣᠯᠵᠠᠢ ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠤ ᠬᠦᠭᠵᠢᠭᠦᠯᠦᠯᠲᠡ ᠶᠢᠨ ᠵᠤᠷᠭᠠᠨ ᠤ ᠬᠠᠷᠢᠭᠤᠴᠠᠯᠭᠠᠲᠠᠨ ᠤ ᠬᠡᠯᠡᠬᠦ ᠪᠠᠷ ᠂ ᠬᠥᠳᠡᠭᠡ ᠲᠣᠰᠬᠤᠨ ᠤ | ᠡᠯᠧᠺᠳ᠋ᠷᠣᠨ ᠬᠤᠳᠠᠯᠳᠤᠭ᠎ᠠ ᠶᠢ ᠬᠥᠭᠵᠢᠭᠦᠯᠬᠦ ᠨᠢ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠂ ᠬᠥᠳᠡᠭᠡ ᠲᠣᠰᠬᠤᠨ ᠤ ᠤᠳᠤ ᠦᠶ᠎ᠡ ᠶᠢᠨ ᠭᠦᠢᠯᠭᠡᠭᠡᠨ ᠤ | ᠲᠣᠭᠲᠠᠯᠴᠠᠭ᠎ᠠ ᠶᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠂ ᠲᠠᠷᠢᠶᠠᠯᠠᠩ ᠠᠵᠤ ᠠᠬᠤᠢ ᠶᠢᠨ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠂ | ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠪᠦᠲᠦᠮᠵᠢᠲᠡᠢ ᠭᠠᠷᠳᠠᠴᠠ ᠮᠥᠨ ᠂ ᠬᠥᠳᠡᠭᠡ ᠲᠣᠰᠬᠤᠨ ᠤ ᠬᠡᠷᠡᠭᠯᠡᠭᠡ ᠶᠢ ᠠᠬᠢᠭᠤᠯᠬᠤ ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠬᠦᠴᠦᠲᠡᠢ ᠲᠤᠰᠠᠯᠠᠮᠵᠢ ᠮᠥᠨ ᠭᠡᠵᠡᠢ ᠃ ᠣᠶᠢᠷ᠎ᠠ ᠶᠢᠨ ᠵᠢᠯ ᠤᠳ ᠲᠤ ᠂ | ᠬᠤᠳᠠᠯᠳᠤᠭᠠᠨ ᠤ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ | ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠦᠯᠲᠡ ᠶᠢ ᠬᠡᠷᠡᠭᠵᠢᠭᠦᠯᠵᠦ ᠂ ᠨᠡᠶᠢᠲᠡ 1489 ᠰᠢᠶᠠᠨ ᠳᠤ ᠰᠢᠶᠠᠨ ᠤ ᠱᠠᠲᠤᠨ ᠤ | ᠡᠯᠧᠺᠳ᠋ᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ 3000 ᠰᠢᠬᠠᠮ | ᠪᠠᠶᠢᠭᠤᠯᠵᠤ ᠂ ᠲᠣᠰᠬᠤᠨ ᠤ ᠱᠠᠲᠤᠨ ᠤ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ 15.8 ᠲᠦᠮᠡ ᠶᠢ ᠳᠠᠪᠠᠵᠤ ᠂ ᠰᠢᠶᠠᠨ ᠬᠥᠳᠡᠭᠡ ᠲᠣᠰᠬᠤᠨ ᠢ | ᠬᠠᠮᠤᠷᠤᠭᠰᠠᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡ ᠪᠠ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠲᠣᠭᠲᠠᠯᠴᠠᠭ᠎ᠠ ᠶᠢ ᠪᠠᠶᠢᠭᠤᠯᠪᠠ ᠃ ︽ ᠰᠠᠨᠠᠯ ︾ ᠢ ᠳᠠᠷᠤᠮᠠᠯᠯᠠᠨ ᠲᠠᠷᠬᠠᠭᠠᠭᠰᠠᠨ ᠨᠢ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠶᠢ ᠬᠦᠲᠦᠯᠦᠨ | ᠵᠢᠯᠣᠭᠤᠳᠴᠤ ᠪᠠᠶᠢᠭᠠᠳ ᠳ᠋ᠢᠭᠢᠲ᠋ᠠᠯᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠤᠨ ᠢᠭᠲᠤᠷᠢᠭᠤᠯᠬᠤ ᠶᠢ ᠪᠡᠶᠡᠯᠡᠭᠦᠯᠬᠦ ᠳᠤ ᠠᠰᠢᠭᠲᠠᠢ ᠂ ᠪᠠᠰᠠ ᠲᠠᠷᠢᠶᠠᠴᠢᠳ ᠤᠨ | ᠣᠷᠣᠯᠭ᠎ᠠ ᠪᠠ ᠬᠥᠳᠡᠭᠡ ᠲᠣᠰᠬᠤᠨ ᠤ ᠬᠡᠷᠡᠭᠯᠡᠭᠡ ᠬᠤᠣᠰ ᠳᠡᠭᠡᠭᠰᠢᠯᠡᠯᠲᠡ ᠳᠤ ᠬᠦᠴᠦᠨ ᠨᠡᠮᠡᠷᠢᠯᠡᠬᠦ ᠳᠤ ᠠᠰᠢᠭᠲᠠᠢ ᠶᠤᠮ ᠃ | ︽ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠶᠢᠨ ᠬᠥᠭᠵᠢᠯᠲᠡ ᠨᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ ᠃ ︾ | ᠬᠤᠳᠠᠯᠳᠤᠭᠠᠨ ᠤ ᠶᠠᠪᠤᠳᠠᠯ ᠤᠨ ᠶᠠᠮᠤᠨ ᠤ ᠤᠯᠠᠨ ᠤᠯᠤᠰ ᠤᠨ ᠠᠷᠠᠯᠵᠢᠶ᠎ᠠ ᠠᠵᠤ ᠠᠬᠤᠢ ᠶᠢᠨ ᠬᠠᠮᠲᠤᠷᠠᠯᠴᠠᠭᠠᠨ ᠤ ᠰᠤᠳᠤᠯᠭᠠᠨ ᠤ ᠬᠦᠷᠢᠶᠡᠯᠡᠩ ᠤᠨ ᠭᠦᠢᠯᠭᠡᠭᠡ | ᠬᠢᠭᠡᠳ ᠬᠡᠷᠡᠭᠯᠡᠭᠡᠨ ᠤ ᠰᠤᠳᠤᠯᠭᠠᠨ ᠤ ᠭᠠᠵᠠᠷ ᠤᠨ ᠳᠠᠷᠤᠭ᠎ᠠ ᠳ᠋ᠦᠩ ᠴᠤᠤ ᠶᠢᠨ ᠦᠵᠡᠬᠦ ᠪᠠᠷ ᠂ ᠣᠶᠢᠷ᠎ᠠ ᠶᠢᠨ ᠵᠢᠯ ᠤᠳ ᠠᠴᠠ ᠨᠠᠭᠠᠰᠢ ᠤᠯᠤᠰ ᠠᠴᠠ ᠵᠠᠯᠭᠠᠭ᠎ᠠ ᠪᠠᠷ | ᠤᠯᠠᠨ ᠵᠦᠢᠯ ᠤᠨ ᠲᠦᠷᠦ ᠶᠢᠨ ᠪᠣᠳᠣᠯᠭ᠎ᠠ ᠶᠢᠨ ᠠᠷᠭ᠎ᠠ ᠪᠠᠷᠢᠯ ᠲᠣᠭᠲᠠᠭᠠᠵᠤ ᠬᠥᠳᠡᠭᠡ ᠲᠣᠰᠬᠤᠨ ᠤ ᠭᠠᠵᠠᠷ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ | ᠬᠤᠳᠠᠯᠳᠤᠭᠠᠨ ᠤ ᠬᠥᠭᠵᠢᠯᠲᠡ ᠶᠢ ᠠᠬᠢᠭᠤᠯᠵᠤ ᠂ ᠪᠡᠯᠡ ᠮᠥᠩᠭᠦ ᠂ ᠮᠡᠷᠭᠡᠵᠢᠯ ᠤᠷᠠᠯᠠᠯ ᠂ ᠪᠡᠯᠡᠳᠬᠡᠮᠵᠢ ᠲᠥᠬᠦᠭᠡᠷᠦᠮᠵᠢ ᠂ ᠮᠡᠷᠭᠡᠵᠢᠯᠲᠡᠨ ᠵᠡᠷᠭᠡ ᠤᠯᠠᠨ ᠲᠠᠯ᠎ᠠ ᠪᠠᠷ | ᠪᠦᠬᠦ ᠲᠠᠯ᠎ᠠ ᠶᠢᠨ ᠳᠡᠮᠵᠢᠯᠭᠡ ᠬᠠᠩᠭᠠᠵᠠᠢ ᠃ ︽ ᠲᠥᠷᠥ ᠶᠢᠨ ᠪᠣᠳᠣᠯᠭ᠎ᠠ ᠶᠢᠨ ᠠᠰᠢᠭ ᠲᠠᠰᠤᠯᠳᠠᠯ ᠦᠭᠡᠢ ᠪᠠᠶᠢᠵᠤ ᠂ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭ᠎ᠠ ᠳᠤ ᠴᠤ ᠮᠠᠰᠢ ᠣᠯᠠᠨ ᠰᠢᠨ᠎ᠡ ᠣᠨᠴᠠᠯᠢᠭ ᠪᠠ ᠬᠢᠯᠠᠰ ᠴᠡᠭ ᠢᠯᠡᠷᠡᠵᠡᠢ ᠂ ᠵᠢᠱᠢᠶᠡᠯᠡᠪᠡᠯ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ | ᠣᠷᠣᠨ ᠨᠤᠭᠤᠳ ᠲᠤ ᠪᠥᠬᠦ ᠲᠠᠯ᠎ᠠ ᠪᠠᠷ ᠬᠥᠭᠵᠢᠭᠰᠡᠨ ᠂ ᠡᠯᠧᠺᠳ᠋ᠷᠣᠨ ᠬᠤᠳᠠᠯᠳᠤᠭ᠎ᠠ ᠶᠢᠨ ᠪᠣᠭᠤᠮᠢ ᠶᠢ ᠲᠠᠰᠤᠷᠠᠯᠲᠠ ᠦᠭᠡᠢ ᠰᠢᠪᠲᠤᠯᠤᠭᠰᠠᠨ ᠂ ᠰᠢᠨ᠎ᠡ ᠬᠡᠯᠪᠡᠷᠢ ᠶᠢᠨ | ᠡᠯᠧᠺᠳ᠋ᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠨᠠᠶᠢᠳᠠᠪᠤᠷᠢᠵᠢᠭᠤᠯᠤᠭᠰᠠᠨ ᠂ ᠨᠠᠷᠠᠲᠤ ᠲᠡᠮᠳᠡᠭᠲᠦ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠤᠭᠰᠠᠨ | ᠵᠡᠷᠭᠡ ᠪᠣᠯᠣᠨ᠎ᠠ ᠃ ︾ ᠭᠡᠵᠦ ᠳ᠋ᠦᠩ ᠴᠤᠤ ᠬᠡᠯᠡᠪᠡ ᠃ | ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠲᠣᠭᠲᠠᠯᠴᠠᠭ᠎ᠠ ᠶᠢ ᠪᠦᠷᠢᠨᠰᠢᠭᠦᠯᠪᠡ | ︽ ᠰᠠᠨᠠᠯ ︾ ᠳᠤ ᠂ 5 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠪᠡᠯᠡᠳᠬᠡᠮᠵᠢ ᠨᠢ ᠪᠦᠷᠢᠨ ᠲᠡᠭᠦᠯᠳᠡᠷ ᠂ ᠭᠤᠣᠯ ᠴᠣᠭᠴᠠ ᠨᠢ ᠬᠥᠭᠵᠢᠶᠡᠨᠲᠡᠢ ᠂ | ᠭᠦᠢᠯᠭᠡᠭᠡ ᠨᠢ ᠤᠷᠤᠭᠰᠢᠲᠠᠢ ᠂ ᠦᠢᠯᠡᠴᠢᠯᠡᠭᠡ ᠨᠢ ᠥᠨᠳᠥᠷ ᠪᠦᠲᠦᠮᠵᠢᠲᠡᠶ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡᠨ ᠤ | ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ ᠭᠡᠵᠦ ᠲᠣᠳᠣᠷᠬᠠᠶᠢᠯᠠᠵᠠᠢ ᠃ ᠪᠣᠳᠠᠲᠠᠢ ᠪᠠᠷ ᠶᠠᠭᠠᠬᠢᠵᠤ ᠬᠢᠬᠦ ᠪᠣᠶ ︖ ᠬᠥᠳᠡᠭᠡ ᠲᠣᠰᠬᠤᠨ ᠤ ᠤᠳᠤ | ᠦᠶ᠎ᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠬᠦ ᠨᠢ ᠵᠠᠩᠭᠢᠯᠠᠭ᠎ᠠ ᠪᠣᠯᠣᠨ᠎ᠠ ᠃ | — ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ ᠃ ︽ ᠰᠠᠨᠠᠯ ︾ ᠳᠤ | ᠳᠤᠷᠠᠳᠤᠭᠰᠠᠨ ᠨᠢ ᠂ ᠰᠢᠶᠠᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ︵ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ︶ ᠂ | ᠰᠢᠶᠠᠩ ᠪᠠᠯᠭᠠᠰᠤᠨ ᠤ ᠲᠦᠷᠭᠡᠨ ᠢᠯᠡᠭᠡᠯᠲᠡ ᠶᠢᠨ ᠲᠣᠣᠷ ᠴᠡᠭ ᠤᠨ ᠳ᠋ᠢᠭᠢᠲ᠋ᠠᠯᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ ᠂ ᠤᠶᠤᠨᠲᠦ ᠬᠥᠮᠥᠷᠭᠡᠯᠡᠨ ᠬᠠᠳᠠᠭᠠᠯᠠᠬᠤ ᠂ | ᠠᠦ᠋ᠲ᠋ᠣ᠋ ᠢᠯᠭᠠᠬᠤ ᠂ ᠷᠠᠳᠢᠣ᠋ ᠳᠠᠪᠲᠠᠮᠵᠢ ᠪᠠᠷ ᠢᠯᠭᠠᠨ ᠲᠠᠨᠢᠬᠤ ᠂ ᠰᠢᠨ᠎ᠡ ᠡᠨᠧᠷᠭᠢ ᠶᠢᠨ ᠲᠣᠬᠢᠷᠠᠭᠤᠯᠤᠨ ᠬᠦᠷᠭᠡᠬᠦ ᠲᠡᠷᠭᠡ ᠵᠡᠷᠭᠡ ᠪᠡᠯᠡᠳᠬᠡᠮᠵᠢ ᠶᠢ ᠲᠡᠭᠦᠯᠳᠡᠷᠵᠢᠭᠦᠯᠵᠦ ᠂ | ᠲᠣᠰᠬᠤᠨ ᠤ ᠱᠠᠲᠤᠨ ᠤ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠵᠠᠮ ᠬᠠᠷᠢᠯᠴᠠᠭ᠎ᠠ ᠳᠥᠭᠦᠮ ᠳᠥᠲᠡ ᠂ ᠡᠯ᠎ᠡ ᠭᠦᠢᠯᠭᠡᠭᠡᠨ ᠤ | ᠭᠤᠣᠯ ᠴᠣᠭᠴᠠ ᠶᠢᠨ ᠠᠭᠤᠰᠤᠯᠴᠠᠨ ᠬᠥᠭᠵᠢᠬᠦ ᠳᠤ ᠠᠰᠢᠭᠲᠠᠢ ᠣᠷᠣᠨ ᠪᠠᠶᠢᠷᠢ ᠳᠤ ᠰᠢᠶᠠᠨ ᠤ ᠱᠠᠲᠤᠨ ᠳᠤ ᠢᠯᠡᠭᠡᠬᠦ ᠣᠯᠠᠨ ᠨᠡᠶᠢᠲᠡ ᠶᠢᠨ ᠲᠣᠬᠢᠷᠠᠭᠤᠯᠤᠨ | ᠬᠦᠷᠭᠡᠬᠦ ᠲᠥᠪ ᠪᠠᠶᠢᠭᠤᠯᠬᠤ ᠶᠢ ᠳᠡᠮᠵᠢᠨ᠎ᠡ ᠃ ᠡᠭᠦᠨ ᠤ ᠬᠠᠮᠲᠤ ᠂ ᠬᠥᠳᠡᠭᠡ ᠲᠣᠰᠬᠤᠨ ᠤ ᠠᠶᠠᠨᠴᠢᠳ ᠪᠠᠷᠠᠭ᠎ᠠ ᠰᠢᠤᠳᠠᠨ ᠠᠭᠤᠰᠤᠯᠴᠠᠭᠰᠠᠨ ᠥᠷᠲᠡᠭᠡᠨ ᠤ | ᠪᠠᠶᠢᠭᠤᠯᠤᠯᠲᠠ ᠶᠢ ᠠᠬᠢᠭᠤᠯᠵᠤ ᠂ ︽ ᠨᠢᠭᠡ ᠥᠷᠲᠡᠭᠡ ᠳᠤ ᠣᠯᠠᠨ ᠴᠢᠳᠠᠪᠤᠷᠢ ᠲᠠᠢ ᠂ ᠨᠢᠭᠡ ᠲᠣᠣᠷ ᠲᠤ ᠣᠯᠠᠨ ᠬᠡᠷᠡᠭᠴᠡᠭᠡ ᠲᠠᠢ ︾ ᠪᠠᠶᠢᠬᠤ ᠶᠢ ᠪᠡᠶᠡᠯᠡᠭᠦᠯᠦᠨ᠎ᠡ ᠃ | ︽ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠤᠶᠤᠨᠲᠦ ᠢᠯᠡᠭᠡᠯᠲᠡ ᠶᠢᠨ ᠬᠤᠷᠭᠤ ᠶᠢᠨ ᠪᠠᠶᠢᠷᠢᠯᠠᠭᠤᠯᠤᠯᠲᠠ ᠪᠠᠨ ᠲᠡᠭᠦᠯᠳᠡᠷᠵᠢᠭᠦᠯᠬᠦ ᠶᠢ ᠳᠡᠮᠵᠢᠵᠦ ᠂ ᠬᠥᠳᠡᠭᠡ | ᠲᠣᠰᠬᠤᠨ ᠤ ᠪᠠᠷᠠᠭᠠᠨ ᠤ ᠭᠦᠢᠯᠭᠡᠭᠡᠨ ᠤ ᠳᠦᠭᠦᠮ ᠤᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠃ ︾ ᠭᠡᠵᠦ ᠳ᠋ᠦᠩ ᠴᠤᠤ ᠬᠡᠯᠡᠪᠡ ᠃ | — ᠬᠥᠳᠡᠭᠡ ᠲᠣᠰᠬᠤᠨ ᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠰᠢᠨᠡᠴᠢᠯᠡᠯᠲᠡ ᠬᠥᠭᠵᠢᠯᠲᠡ ᠶᠢ ᠠᠬᠢᠭᠤᠯᠤᠨ᠎ᠠ ᠃ ︽ | ᠰᠠᠨᠠᠯ ︾ ᠳᠤ ᠂ ᠰᠢᠶᠠᠨ ᠤ ᠬᠡᠪᠴᠢᠶᠡᠨ ᠤ ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠠᠵᠤ ᠠᠬᠤᠶᠢᠯᠠᠯ ᠵᠡᠷᠭᠡ ᠥᠪᠡᠰᠦᠪᠡᠨ ᠪᠠᠶᠢᠭᠤᠯᠤᠭᠰᠠᠨ | ᠪᠠᠷᠠᠭᠠᠨ ᠤ ᠭᠦᠢᠯᠭᠡᠭᠡᠨ ᠤ ᠳᠠᠪᠠᠭᠤᠯᠢᠭ ᠢ ᠪᠠᠳᠠᠷᠠᠭᠤᠯᠵᠤ ᠂ ᠡᠯᠧᠺᠳ᠋ᠷᠣᠨ ᠬᠤᠳᠠᠯᠳᠤᠭᠠᠨ ᠤ ᠲᠠᠪᠴᠠᠩ ᠪᠠ ᠳᠤᠮᠳᠠ ᠵᠢᠵᠢᠭ ᠬᠤᠳᠠᠯᠳᠤᠭᠠᠨ ᠤ ᠡᠷᠦᠬᠡ ᠳᠤ | ᠬᠠᠨᠳᠤᠭᠤᠯᠤᠨ ᠂ ᠭᠡᠷ ᠤᠨ ᠴᠠᠬᠢᠯᠭᠠᠨ ᠬᠡᠷᠡᠭᠰᠡᠯ ᠂ ᠪᠠᠷᠢᠯᠭ᠎ᠠ ᠶᠢᠨ ᠮᠠᠲ᠋ᠧᠷᠢᠶᠠᠯ ᠂ ᠲᠠᠷᠢᠶᠠᠯᠠᠩ ᠤᠨ ᠬᠡᠷᠡᠭᠰᠡᠯ ᠂ ᠲᠠᠷᠢᠶᠠᠯᠠᠩ ᠤᠨ ᠪᠦᠲᠦᠭᠡᠭᠳᠡᠬᠦᠨ ᠵᠡᠷᠭᠡ ᠭᠤᠷᠪᠠᠳᠠᠭᠢ | ᠡᠲᠡᠭᠡᠳ ᠤᠨ ᠲᠣᠬᠢᠷᠠᠭᠤᠯᠤᠨ ᠬᠥᠷᠭᠡᠯᠲᠡ ᠶᠢ ᠬᠠᠩᠭᠠᠬᠤ ᠬᠡᠷᠡᠭᠲᠡᠢ ᠃ ᠡᠯᠧᠺᠳ᠋ᠷᠣᠨ ᠬᠤᠳᠠᠯᠳᠤᠭᠠᠨ ᠤ ᠲᠠᠪᠴᠠᠩ ᠂ ᠲᠣᠮᠣ ᠬᠡᠯᠪᠡᠷᠢ ᠶᠢᠨ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠨᠥᠬᠦᠴᠡᠯ ᠪᠦᠷᠢᠳᠦᠭᠰᠡᠨ ᠰᠢᠶᠠᠨ ᠤ ᠬᠤᠲᠠ ᠳᠤ ᠲᠡᠷᠡ ᠳᠠᠷᠤᠢ ᠳᠤ ᠨᠢ ᠵᠢᠵᠢᠭᠯᠡᠨ ᠪᠣᠷᠣᠯᠠᠭᠤᠯᠬᠤ ᠶᠢ | ᠬᠥᠭᠵᠢᠭᠦᠯᠵᠦ ᠂ ᠲᠤᠬᠠᠢ ᠶᠢᠨ ᠭᠠᠵᠠᠷ ᠤᠨ ᠬᠤᠳᠠᠯᠳᠤᠭᠠᠨ ᠤ ᠬᠡᠲᠦ ᠳᠡᠯᠭᠡᠭᠦᠷ ᠂ ᠲᠥᠬᠦᠮ ᠳᠡᠯᠭᠡᠭᠦᠷ ᠲᠠᠢ ᠵᠣᠯᠭᠠᠭᠤᠯᠤᠨ ᠂ ᠡᠷᠬᠢᠨ ᠲᠣᠭᠤᠷᠢᠨ ᠤ ᠵᠠᠬᠢᠶᠠᠯᠠᠭ᠎ᠠ ᠶᠢᠨ | ᠬᠡᠷᠡᠭᠴᠡᠭᠡ ᠯᠦᠭᠡ ᠨᠠᠷᠢᠯᠢᠭ ᠣᠨᠣᠴᠠᠲᠠᠢ ᠪᠠᠷ ᠲᠣᠬᠢᠷᠠᠭᠤᠯᠵᠤ ᠂ ᠭᠡᠷ ᠲᠤ ᠨᠢ ᠬᠦᠷᠭᠡᠬᠦ ᠥᠨᠳᠥᠷ ᠪᠦᠲᠦᠮᠵᠢᠲᠡᠶ ᠪᠦᠭᠡᠳ ᠳᠥᠭᠦᠮ ᠳᠥᠲᠡ ᠦᠢᠯᠡᠴᠢᠯᠡᠭᠡ | ᠬᠠᠩᠭᠠᠬᠤ ᠶᠢ ᠵᠣᠷᠢᠭᠵᠢᠭᠤᠯᠤᠨ᠎ᠠ ᠃ | ᠵᠢᠶᠠᠩᠰᠤ ᠮᠤᠵᠢ ᠶᠢᠨ ᠰᠢᠦ᠋ᠢᠵᠧᠦ ᠬᠤᠲᠠ ᠶᠢᠨ ᠹᠧᠩ ᠰᠢᠶᠠᠨ ᠤ ᠵᠦ ᠶᠣᠣ ᠰᠢᠨ ᠲᠣᠰᠬᠤᠨ ᠳᠤ ᠪᠠᠶᠢᠭ᠎ᠠ ᠨᠢᠭᠡᠨ ᠳᠥᠭᠦᠮ ᠳᠡᠯᠭᠡᠭᠦᠷ ᠤᠨ ᠡᠵᠡᠨ ᠶᠠᠩ | ᠠᠪᠠᠭ᠋ᠠᠢ ᠰᠤᠷᠪᠤᠯᠵᠢᠯᠠᠭᠴᠢ ᠳᠤ ᠬᠡᠯᠡᠬᠦ ᠳᠤ ᠪᠠᠨ ᠂ ᠳᠡᠯᠭᠡᠭᠦᠷ ᠲᠤ ᠪᠠᠨ ᠬᠤᠳᠠᠯᠳᠤᠭ᠎ᠠ ᠬᠢᠬᠦ ᠶᠢᠨ ᠳᠠᠭᠠᠤ ᠣᠶᠢᠷ᠎ᠠ ᠬᠠᠪᠢ ᠶᠢᠨ ᠢᠯᠡᠭᠡᠯᠲᠡ ᠶᠢᠨ ᠥᠷᠲᠡᠭᠡ ᠪᠣᠯᠵᠤ | ᠪᠠᠶᠢᠨ᠎ᠠ ᠭᠡᠵᠡᠢ ᠃ ︽ ᠮᠠᠨ ᠤ ᠳᠡᠯᠭᠡᠭᠦᠷ ᠭᠤᠣᠯᠳᠠᠭᠤ ᠱᠦᠨ ᠹᠧᠩ ᠬᠢᠭᠡᠳ ᠵᠢᠩ ᠳ᠋ᠦᠩ ᠤᠨ ᠢᠯᠡᠭᠡᠯᠲᠡ ᠲᠠᠢ ᠵᠣᠯᠭᠠᠯᠳᠤᠳᠠᠭ ᠂ ᠣᠶᠢᠷ᠎ᠠ ᠬᠠᠪᠢ ᠶᠢᠨ ᠰᠠᠭᠤᠭᠠᠯᠢ | ᠲᠣᠭᠤᠷᠢᠭ ᠂ ᠲᠣᠰᠬᠤᠨ ᠤ ᠰᠠᠭᠤᠭᠠᠯᠢ ᠢᠷᠭᠡᠨ ᠢᠯᠡᠭᠡᠯᠲᠡ ᠪᠠᠨ ᠠᠪᠬᠤ ᠳᠤ ᠴᠥᠮ ᠮᠠᠨ ᠤ ᠠᠳᠡ ᠢᠷᠡᠵᠦ ᠳ᠋ᠤᠭᠠᠷ ᠢᠶᠠᠷ ᠢᠶᠠᠨ ᠠᠪᠬᠤ ᠪᠣᠯᠬᠤᠷ ᠳᠥᠭᠦᠮ | ᠮᠥᠷᠲᠡᠭᠡᠨ ᠪᠤᠷᠤᠭᠤ ᠠᠮᠠᠷᠬᠠᠨ ᠭᠠᠷᠬᠤ ᠦᠭᠡᠢ ᠶᠤᠮ ᠃ ︾ ᠭᠡᠵᠦ ᠶᠠᠩ ᠠᠪᠠᠭ᠋ᠠᠢ ᠬᠡᠯᠡᠪᠡ ᠃ | ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠦᠢᠯᠭᠡᠭᠡᠨ ᠤ ᠬᠥᠭᠵᠢᠭᠦᠯᠦᠯᠲᠡ ᠶᠢᠨ ᠵᠤᠷᠭᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ ᠂ ︽ ᠰᠠᠨᠠᠯ ︾ ᠨᠢ | ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠳᠤ ᠲᠤᠯᠭᠠᠷᠠᠵᠤ ᠪᠠᠶᠢᠭ᠎ᠠ ᠰᠠᠭᠤᠷᠢ ᠪᠡᠯᠡᠳᠬᠡᠮᠵᠢ ᠪᠦᠷᠢᠨ ᠪᠤᠰᠤ ᠂ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ | ᠬᠤᠴᠤᠷᠤᠩᠭᠤᠢ ᠪᠠᠶᠢᠬᠤ ᠵᠡᠷᠭᠡ ᠪᠣᠳᠠᠲᠠᠢ ᠠᠰᠠᠭᠤᠳᠠᠯ ᠠᠴᠠ ᠡᠭᠦᠰᠴᠦ ᠂ ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠶᠢ ᠬᠠᠨᠳᠤᠯᠭ᠎ᠠ ᠲᠠᠢ ᠪᠠᠷ ᠳᠤᠷᠠᠳᠤᠨ | ᠭᠠᠷᠭᠠᠭᠰᠠᠨ ᠨᠢ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠶᠢ ᠡᠷᠴᠢᠮᠵᠢᠭᠦᠯᠬᠦ ᠲᠦᠪᠰᠢᠨ ᠢ ᠰᠠᠶᠢᠵᠢᠷᠠᠭᠤᠯᠬᠤ ᠳᠤ ᠠᠰᠢᠭᠲᠠᠢ | ᠮᠥᠷᠲᠡᠭᠡᠨ ᠨᠠᠩ ᠴᠤ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠳᠤᠲᠠᠭᠳᠠᠯ ᠢ ᠴᠢᠷᠮᠠᠶᠢᠨ ᠨᠥᠬᠦᠪᠦᠷᠢᠯᠡᠵᠦ ᠂ ᠬᠥᠳᠡᠭᠡ ᠲᠣᠰᠬᠤᠨ ᠤ ᠡᠯᠧᠺᠳ᠋ᠷᠣᠨ | ᠬᠤᠳᠠᠯᠳᠤᠭᠠᠨ ᠤ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠳᠤ ᠠᠰᠢᠭᠲᠠᠢ ᠶᠤᠮ ᠭᠡᠵᠡᠢ ᠃ | ᠬᠥᠳᠡᠭᠡ ᠲᠣᠰᠬᠤᠨ ᠤ ᠳ᠋ᠢᠭᠢᠲ᠋ᠠᠯᠴᠢᠯᠠᠭᠰᠠᠨ ᠬᠡᠷᠡᠭᠯᠡᠭᠡᠨ ᠤ ᠪᠠᠶᠢᠳᠠᠯ ᠢ ᠲᠦᠷᠭᠡᠳᠬᠡᠨ ᠪᠤᠶᠢᠵᠢᠭᠤᠯᠤᠨ᠎ᠠ | ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠳᠤ ᠨᠡᠩ ᠬᠦᠴᠦᠨ ᠨᠡᠮᠡᠷᠢᠯᠡᠬᠦ ᠶᠢᠨ ᠲᠥᠯᠥᠭᠡ ᠂ ︽ ᠰᠠᠨᠠᠯ ︾ ᠳᠤ ᠪᠠᠰᠠ ᠬᠥᠳᠡᠭᠡ | ᠲᠣᠰᠬᠤᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠢᠭᠲᠤᠷᠢᠬᠤ ᠶᠢ ᠠᠬᠢᠭᠤᠯᠵᠤ ᠂ ᠡᠯᠧᠺᠳ᠋ᠷᠣᠨ | ᠬᠤᠳᠠᠯᠳᠤᠭ᠎ᠠ ᠬᠢᠭᠡᠳ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠪᠥᠬᠦ ᠲᠠᠯ᠎ᠠ ᠶᠢᠨ ᠂ ᠪᠥᠬᠦ ᠬᠡᠯᠬᠢᠶᠡᠨ ᠤ ᠭᠦᠨᠵᠡᠭᠡᠢ | ᠠᠭᠤᠰᠤᠯᠴᠠᠯ ᠢ ᠠᠬᠢᠭᠤᠯᠤᠨ᠎ᠠ ᠭᠡᠵᠦ ᠳᠤᠷᠠᠳᠤᠨ ᠭᠠᠷᠭᠠᠪᠠ ᠃ | ︽ ᠰᠠᠨᠠᠯ ︾ ᠳᠤ ᠂ ᠰᠢᠶᠠᠨ ᠤ ᠬᠡᠪᠴᠢᠶᠡᠨ ᠤ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ ᠭᠡᠵᠦ | ᠳᠤᠷᠠᠳᠪᠠ ᠃ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠲᠠᠪᠴᠠᠩ ᠂ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢ ᠲᠡᠳᠡᠨ | ᠣᠷᠣᠭᠤᠯᠵᠤ ᠂ ᠪᠠᠷᠠᠭ᠎ᠠ ᠰᠤᠩᠭᠤᠵᠤ ᠳᠡᠯᠭᠡᠨ ᠦᠵᠡᠭᠦᠯᠬᠦ ᠂ ᠠᠭᠤᠯᠭ᠎ᠠ ᠦᠢᠯᠡᠳᠬᠦ ᠂ ᠳ᠋ᠠᠶᠢᠲ᠋ᠠ ᠵᠠᠳᠠᠯᠬᠤ ᠂ ᠰᠢᠭᠤᠳ ᠨᠡᠪᠲᠡᠷᠡᠭᠦᠯᠭᠡ ᠶᠢᠨ ᠠᠬᠤᠢ ᠲᠠᠯᠠᠪᠠᠶ ᠵᠡᠷᠭᠡ | ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ ᠃ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠲᠠᠢ ᠬᠤᠯᠪᠤᠭᠠᠯᠠᠨ ᠰᠢᠭᠤᠳ ᠨᠡᠪᠲᠡᠷᠡᠭᠦᠯᠭᠡ ᠶᠢᠨ | ᠪᠦᠯᠬᠦᠮ ᠨᠡᠶᠢᠲᠡ ᠶᠢᠨ ᠨᠡᠪᠴᠢᠭᠦᠯᠦᠯᠲᠡ ᠶᠢ ᠴᠢᠩᠭᠠᠳᠬᠠᠵᠤ ᠂ ᠨᠢᠭᠡ ᠪᠦᠯᠦᠭ ᠴᠢᠳᠠᠮᠵᠢ ᠪᠠᠷ ᠪᠦᠷᠢᠨ ᠲᠡᠭᠦᠯᠳᠡᠷ ᠂ ᠣᠨᠴᠠᠯᠢᠭ ᠢᠶᠠᠷ ᠲᠣᠪᠤᠶᠢᠮ᠎ᠠ ᠂ ᠳᠠᠶᠢᠴᠢᠯᠠᠬᠤ | ᠬᠦᠴᠦᠨ ᠢᠶᠠᠷ ᠴᠢᠩᠭ᠎ᠠ ᠰᠢᠭᠤᠳ ᠨᠡᠪᠲᠡᠷᠡᠭᠦᠯᠭᠡ ᠶᠢᠨ ᠡᠯᠧᠺᠳ᠋ᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠠᠶᠢᠭᠤᠯᠤᠨ᠎ᠠ ᠃ | ︽ ᠰᠠᠨᠠᠯ ︾ ᠳᠤ ᠂ ᠬᠥᠳᠡᠭᠡ ᠲᠣᠰᠬᠤᠨ ᠤ ᠳ᠋ᠢᠭᠢᠲ᠋ᠠᠯ ᠬᠡᠷᠡᠭᠯᠡᠭᠡᠨ ᠤ ᠠᠬᠤᠢ ᠪᠠᠶᠢᠳᠠᠯ ᠢ ᠪᠤᠶᠢᠵᠢᠭᠤᠯᠬᠤ ᠬᠡᠷᠡᠭᠲᠡᠢ ᠭᠡᠵᠦ ᠱᠠᠭᠠᠷᠳᠠᠪᠠ ᠃ 5G ᠂ ᠬᠢᠮᠡᠯ ᠣᠶᠤᠨ ᠂ | ᠰᠦᠯᠵᠢᠶ᠎ᠡ ᠪᠠᠷ ᠲᠦᠯᠦᠬᠦ ᠵᠡᠷᠭᠡ ᠮᠡᠷᠭᠡᠵᠢᠯ ᠢ ᠶᠡᠷᠦᠩᠬᠡᠶᠢᠯᠡᠨ ᠬᠡᠷᠡᠭᠯᠡᠵᠦ ᠂ ᠨᠥᠬᠦᠴᠡᠯ ᠪᠦᠷᠢᠳᠦᠭᠰᠡᠨ ᠬᠥᠳᠡᠭᠡ ᠲᠣᠰᠬᠤᠨ ᠤ ᠬᠤᠳᠠᠯᠳᠤᠭᠠᠨ ᠤ ᠲᠣᠣᠷ ᠴᠡᠭ ᠲᠤ | ᠳ᠋ᠢᠭᠢᠲ᠋ᠠᠯᠴᠢᠯᠠᠭᠰᠠᠨ ᠥᠭᠡᠷᠡᠴᠢᠯᠡᠯᠲᠡ ᠬᠢᠵᠦ ᠂ ᠣᠯᠠᠨ ᠵᠦᠢᠯ ᠤᠨ ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠨ ᠂ ᠰᠦᠯᠵᠢᠶ᠎ᠡ ᠪᠠᠷ ᠵᠠᠬᠢᠶᠠᠯᠠᠵᠤ ᠳᠡᠯᠭᠡᠭᠦᠷ ᠠᠴᠠ | ᠠᠪᠬᠤ ᠂ ᠲᠦᠭᠦᠬᠡᠢ ᠂ ᠰᠣᠷᠭᠤᠭ ᠢᠳᠡᠭᠡᠨ ᠢ ᠰᠢᠭᠤᠳ ᠬᠦᠷᠭᠡᠬᠦ ᠵᠡᠷᠭᠡ ᠦᠢᠯᠡᠴᠢᠯᠡᠭᠡ ᠶᠢ ᠥᠷᠨᠢᠭᠦᠯᠵᠦ ᠂ ᠰᠠᠭᠤᠭᠠᠯᠢ ᠠᠷᠠᠳ ᠤᠨ ᠬᠡᠷᠡᠭᠯᠡᠭᠡᠨ ᠤ ᠣᠶᠢᠯᠠᠭᠠᠯᠲᠠ ᠶᠢ | ᠪᠠᠶᠠᠯᠢᠭᠵᠢᠭᠤᠯᠤᠨ᠎ᠠ ᠃ | ︽ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠲᠠᠢ ᠶᠤᠮ ᠂ ᠳ᠋ᠢᠭᠢᠲ᠋ᠠᠯ ᠠᠵᠤ ᠠᠬᠤᠢ ᠶᠢᠨ | ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭ᠎ᠠ ᠨᠢ ︿ ᠲᠠᠷᠢᠶᠠᠴᠢᠨ ᠂ ᠲᠠᠷᠢᠶᠠᠯᠠᠩ ᠂ ᠬᠥᠳᠡᠭᠡ | ᠲᠣᠰᠬᠤᠨ ﹀ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠦᠴᠦᠷᠬᠡᠭ ᠶᠡᠭᠡ | ᠬᠥᠳᠡᠯᠭᠡᠬᠦ ᠬᠦᠴᠦᠨ ᠪᠣᠯᠵᠠᠢ ᠃ ︾ ᠳ᠋ᠦᠩ ᠴᠤᠤ ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢ ᠳ᠋ᠢᠭᠢᠲ᠋ᠠᠯ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠂ ︽ ᠳ᠋ᠢᠭᠢᠲ᠋ᠠᠯ ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ ︾ ᠢᠨᠵᠧᠨᠧᠷᠢᠩ ᠵᠡᠷᠭᠡ ᠲᠠᠢ ᠪᠦᠲᠦᠮᠵᠢᠲᠡᠢ ᠤᠶᠠᠯᠳᠤᠭᠤᠯᠵᠤ ᠂ ᠨᠢᠭᠡ | ᠴᠣᠭᠴᠠᠵᠢᠭᠤᠯᠤᠨ ᠬᠡᠷᠡᠭᠵᠢᠭᠦᠯᠵᠦ ᠂ ᠨᠢᠭᠡ ᠴᠣᠭᠴᠠᠵᠢᠭᠤᠯᠤᠨ ᠠᠬᠢᠭᠤᠯᠵᠤ ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠬᠥᠭᠵᠢᠯᠲᠡ ᠶᠢᠨ | ᠬᠤᠯᠪᠣᠯᠳᠤᠬᠤ ᠴᠢᠨᠠᠷ ᠂ ᠲᠣᠬᠢᠷᠠᠯᠴᠠᠬᠤ ᠴᠢᠨᠠᠷ ᠢ ᠴᠢᠩᠭᠠᠳᠬᠠᠵᠤ ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠶᠡᠭᠡ ᠬᠥᠭᠵᠢᠯᠲᠡ ᠪᠠᠷ ᠬᠥᠳᠡᠭᠡ | ᠲᠣᠰᠬᠤᠨ ᠤ ᠶᠡᠭᠡ ᠵᠠᠬ᠎ᠠ ᠳᠡᠯᠭᠡᠭᠦᠷ ᠢ ᠬᠥᠭᠵᠢᠭᠡᠵᠦ ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠦᠷ᠎ᠡ ᠪᠦᠲᠦᠮᠵᠢ | ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ ᠃ | | | |