| 3 ᠰᠠᠷ᠎ᠠ ᠶᠢᠨ 25 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠨᠠᠦ᠋ᠷᠦ᠋ ᠶᠢᠨ ᠶᠡᠷᠦᠩᠬᠡᠶᠢᠯᠡᠭᠴᠢ ᠠᠳᠢ᠊ · ᠠᠩ ᠲᠠᠢ ᠬᠡᠯᠡᠯᠴᠡᠭᠡ ᠬᠢᠪᠡ ᠃ | 3 ᠰᠠᠷ᠎ᠠ ᠶᠢᠨ 25 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠨᠠᠦ᠋ᠷᠦ᠋ ᠶᠢᠨ ᠶᠡᠷᠦᠩᠬᠡᠶᠢᠯᠡᠭᠴᠢ ᠠᠳᠢ᠊ · ᠠᠩ ᠲᠠᠢ ᠬᠡᠯᠡᠯᠴᠡᠭᠡ ᠬᠢᠪᠡ ᠃ ᠵᠢᠷᠤᠭ ᠪᠣᠯ | ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠠᠳᠢ᠊ · ᠠᠩ ᠢ ᠤᠭᠲᠤᠬᠤ ᠶᠣᠰᠣᠯᠠᠯ | ᠶᠠᠪᠤᠭᠤᠯᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠂ ᠡᠨᠡ ᠵᠢᠯ ᠤᠨ 1 ᠰᠠᠷ᠎ᠠ ᠳᠤ ᠨᠠᠦ᠋ᠷᠦ᠋ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ ᠂ ᠳᠤᠮᠳᠠᠳᠤ ᠤᠯᠤᠰ ᠯᠤᠭ᠎ᠠ | ᠬᠠᠷᠢᠯᠴᠠᠭ᠎ᠠ ᠪᠠᠨ ᠰᠡᠷᠭᠦᠭᠡᠬᠦ ᠤᠯᠤᠰ ᠲᠥᠷᠥ ᠶᠢᠨ ᠰᠢᠢᠳᠪᠦᠷᠢ ᠭᠠᠷᠭᠠᠪᠠ ᠂ ᠡᠨᠡ ᠪᠣᠯ ᠲᠡᠦᠬᠡ ᠶᠢᠨ ᠶᠡᠭᠡ ᠬᠠᠨᠳᠤᠰᠢ ᠳᠤ ᠨᠡᠶᠢᠴᠡᠵᠦ ᠂ ᠴᠠᠭ ᠦᠶ᠎ᠡ ᠶᠢᠨ | ᠤᠷᠤᠰᠬᠠᠯ ᠳᠤ ᠨᠡᠶᠢᠴᠡᠭᠰᠡᠨ ᠠᠷᠭ᠎ᠠ ᠬᠡᠮᠵᠢᠶ᠎ᠡ ᠮᠥᠨ ᠃ ᠨᠥᠬᠦᠷᠯᠡᠯ ᠢ ᠤᠷᠢᠳ ᠬᠤᠵᠢᠳ ᠭᠡᠵᠦ ᠢᠯᠭᠠᠬᠤ ᠦᠭᠡᠢ ᠂ ᠡᠬᠢᠯᠡᠭᠦᠯᠳᠡᠭ ᠯᠡ ᠶᠤᠮ ᠪᠣᠯ ᠳᠠᠷᠤᠢ ᠭᠡᠭᠡᠨ | ᠰᠠᠷᠠᠭᠤᠯ ᠢᠷᠡᠭᠡᠳᠦᠢ ᠲᠠᠢ ᠪᠤᠯᠬᠤ ᠶᠤᠮ ᠃ ᠬᠠᠮᠲᠤᠷᠠᠯᠴᠠᠭ᠎ᠠ ᠳᠤ ᠶᠡᠭᠡ ᠪᠠᠭ᠎ᠠ ᠭᠡᠵᠦ ᠢᠯᠭᠠᠬᠤ ᠦᠭᠡᠢ ᠂ ᠦᠨᠡᠨᠴᠢ ᠪᠠᠶᠢᠳᠠᠭ ᠯᠠ ᠶᠤᠮ ᠪᠣᠯ ᠡᠯᠪᠡᠭ ᠪᠠᠶᠠᠯᠢᠭ | ᠦᠷ᠎ᠡ ᠪᠦᠲᠦᠭᠡᠯ ᠲᠠᠢ ᠪᠤᠯᠬᠤ ᠶᠤᠮ ᠃ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠨᠢᠭᠡᠨᠲᠡ ᠰᠢᠨ᠎ᠡ ᠲᠡᠦᠬᠡ ᠶᠢᠨ ᠬᠠᠭᠤᠳᠠᠰᠤ ᠶᠢ ᠰᠡᠬᠦᠭᠰᠡᠨ ᠪᠠᠶᠢᠨ᠎ᠠ ᠃ ᠳᠤᠮᠳᠠᠳᠤ | ᠤᠯᠤᠰ ᠳᠤᠷᠠᠲᠠᠶ᠎ᠠ ᠨᠠᠦ᠋ᠷᠦ᠋ ᠶᠢᠨ ᠬᠢᠨ ᠲᠠᠢ ᠬᠠᠮᠲᠤ ᠪᠠᠷ ᠂ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ ᠂ ᠬᠤᠶᠠᠷ | ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠪᠤᠰᠤᠳ ᠲᠤ ᠡᠷᠬᠡ ᠲᠡᠭᠰᠢ ᠪᠠᠷ ᠬᠠᠨᠳᠤᠬᠤ ᠪᠣᠯ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠢᠯᠡ ᠲᠣᠳᠣ ᠵᠠᠩ ᠰᠤᠷᠲᠠᠯ ᠮᠥᠨ ᠃ | ᠤᠯᠤᠰ ᠣᠷᠣᠨ ᠶᠡᠭᠡ ᠪᠠᠭ᠎ᠠ ᠂ ᠬᠦᠴᠦᠷᠬᠡᠭ ᠪᠠᠭᠤᠷᠠᠢ ᠂ ᠶᠠᠳᠠᠭᠤ ᠪᠠᠶᠠᠨ ᠤ ᠢᠯᠭᠠᠯ ᠦᠭᠡᠢ ᠴᠥᠮ ᠳᠡᠯᠡᠬᠡᠢ ᠨᠡᠶᠢᠭᠡᠮ ᠤᠨ ᠡᠷᠬᠡ ᠲᠡᠭᠰᠢ ᠪᠦᠷᠢᠯᠳᠦᠭᠦᠨ ᠪᠤᠯᠬᠤ ᠶᠢ | ᠳᠤᠮᠳᠠᠳᠤ ᠤᠯᠤᠰ ᠢᠮᠠᠭᠲᠠ ᠵᠣᠷᠢᠭᠰᠠᠭᠠᠷ ᠢᠷᠡᠭᠰᠡᠨ ᠶᠤᠮ ᠃ ᠳᠤᠮᠳᠠᠳᠤ ᠤᠯᠤᠰ ᠪᠣᠯ ᠢᠮᠠᠭᠲᠠ ᠬᠥᠭᠵᠢᠵᠦ ᠪᠠᠶᠢᠭ᠎ᠠ ᠤᠯᠤᠰ ᠤᠨ ᠪᠦᠷᠢᠯᠳᠦᠭᠦᠨ ᠮᠥᠨ ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠳᠠᠬᠢ ᠲᠤᠮᠳᠠᠳᠤ ᠤᠯᠤᠰ ᠤᠨ ᠡᠨᠡ ᠬᠦ ᠪᠢᠯᠧᠲ ᠨᠢ ᠥᠨᠢ ᠡᠭᠦᠷᠢᠳᠡ ᠬᠥᠭᠵᠢᠵᠦ ᠪᠠᠶᠢᠭ᠎ᠠ | ᠤᠯᠤᠰ ᠤᠨ ᠬᠢ ᠶᠤᠮ ᠃ ᠳᠤᠮᠳᠠᠳᠤ ᠨᠠᠦ᠋ᠷᠦ᠋ ᠶᠢᠨ ᠬᠠᠷᠢᠯᠴᠠᠭ᠎ᠠ ᠪᠣᠯ ᠬᠠᠷᠢᠯᠴᠠᠨ ᠬᠦᠨᠳᠦᠳᠬᠡᠬᠦ ᠂ ᠡᠷᠬᠡ ᠲᠡᠭᠰᠢ ᠬᠠᠷᠢᠯᠴᠠᠨ ᠠᠰᠢᠭ ᠬᠦᠷᠲᠡᠭᠡᠬᠦ ᠂ ᠬᠠᠷᠢᠯᠴᠠᠨ | ᠳᠡᠮᠵᠢᠬᠦ ᠬᠠᠷᠢᠴᠠᠭ᠎ᠠ ᠪᠣᠯᠣᠨ᠎ᠠ ᠃ ᠳᠤᠮᠳᠠᠳᠤ ᠤᠯᠤᠰ ᠨᠠᠦ᠋ᠷᠦ᠋ ᠶᠢᠨ ᠤᠯᠤᠰ ᠤᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠪᠠᠨ | ᠬᠠᠮᠠᠭᠠᠯᠠᠬᠤ ᠶᠢ ᠡᠷᠡᠰ ᠳᠡᠮᠵᠢᠵᠦ ᠂ ᠨᠠᠦ᠋ᠷᠦ᠋ ᠶᠢᠨ ᠪᠡᠶ᠎ᠡ ᠪᠠᠨ ᠳᠠᠭᠠᠭᠠᠵᠤ ᠡᠵᠡᠨ ᠮᠡᠳᠡᠵᠦ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠡᠷᠡᠰ ᠳᠡᠮᠵᠢᠵᠦ ᠂ ᠳᠤᠷᠠᠲᠠᠶ᠎ᠠ ᠨᠠᠦ᠋ᠷᠦ᠋ ᠶᠢᠨ ᠬᠢᠨ ᠲᠠᠢ ᠡᠯ᠎ᠡ ᠳᠠᠪᠬᠤᠷᠭ᠎ᠠ ᠂ ᠡᠯ᠎ᠡ ᠬᠦᠷᠢᠶᠡᠨ ᠤ ᠰᠣᠯᠢᠯᠴᠠᠭ᠎ᠠ ᠶᠠᠷᠢᠯᠴᠠᠭ᠎ᠠ ᠪᠠᠨ | ᠴᠢᠩᠭᠠᠳᠬᠠᠵᠤ ᠂ ᠣᠶᠢᠯᠠᠭᠠᠯᠴᠠᠭ᠎ᠠ ᠪᠠ ᠢᠲᠡᠭᠡᠯᠴᠡᠭᠡ ᠪᠠᠨ ᠲᠠᠰᠤᠷᠠᠯᠲᠠ ᠦᠭᠡᠢ ᠨᠡᠮᠡᠭᠳᠡᠭᠦᠯᠵᠦ ᠂ ᠬᠤᠶᠠᠷ ᠤᠯᠤᠰ ᠤᠨ ᠬᠠᠷᠢᠯᠴᠠᠭᠠᠨ ᠤ ᠤᠯᠤᠰ ᠲᠦᠷᠦ ᠶᠢᠨ | ᠰᠠᠭᠤᠷᠢ ᠶᠢ ᠪᠠᠲᠤᠳᠬᠠᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠨᠠᠦ᠋ᠷᠦ᠋ ᠶᠢᠨ ᠳᠤᠮᠳᠠᠳᠤ ᠤᠯᠤᠰ ᠯᠤᠭ᠎ᠠ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ | ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠪᠠᠰᠠ ᠨᠢᠭᠡᠨ ᠤᠯᠤᠰ ᠪᠣᠯᠤᠭᠰᠠᠨ ᠢ ᠳᠤᠮᠳᠠᠳᠤ ᠤᠯᠤᠰ ᠪᠠᠶᠠᠷᠯᠠᠨ ᠤᠭᠲᠤᠵᠤ ᠪᠠᠶᠢᠨ᠎ᠠ ᠂ ᠳᠤᠷᠠᠲᠠᠶ᠎ᠠ | ᠨᠠᠦ᠋ᠷᠦ᠋ ᠶᠢᠨ ᠬᠢᠨ ᠲᠠᠢ ᠠᠷᠠᠯᠵᠢᠶᠠᠨ ᠤ ᠪᠡᠯᠡ ᠣᠷᠣᠭᠤᠯᠤᠯᠲᠠ ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠬᠦ ᠶᠢᠨ ᠵᠡᠷᠭᠡ ᠪᠠᠷ ᠨᠠᠦ᠋ᠷᠦ᠋ ᠶᠢᠨ ᠪᠡᠶ᠎ᠡ ᠪᠠᠨ ᠳᠠᠭᠠᠭᠠᠵᠤ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠤᠯᠤᠰ | ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ ᠲᠤᠰᠠᠯᠠᠮᠵᠢ ᠬᠠᠩᠭᠠᠨ᠎ᠠ ᠃ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠂ ᠰᠣᠶᠣᠯ ᠂ ᠡᠷᠡᠭᠦᠯ ᠬᠠᠮᠠᠭᠠᠯᠠᠯ ᠂ | ᠵᠠᠯᠠᠭᠤᠴᠤᠳ ᠵᠡᠷᠭᠡ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ ᠂ ᠨᠠᠦ᠋ᠷᠦ᠋ ᠶᠢᠨ ᠨᠡᠩ ᠤᠯᠠᠨ ᠵᠠᠯᠠᠭᠤᠴᠤᠳ ᠤᠨ ᠳᠤᠮᠳᠠᠳᠤ ᠤᠯᠤᠰ ᠲᠤ ᠢᠷᠡᠵᠤ | ᠰᠤᠷᠤᠯᠴᠠᠬᠤ ᠶᠢ ᠪᠠᠶᠠᠷᠯᠠᠨ ᠤᠭᠲᠤᠵᠤ ᠂ ᠳᠤᠷᠠᠲᠠᠶ᠎ᠠ ᠡᠮᠦᠨᠡᠲᠦ ᠡᠮᠦᠨᠡᠲᠦ ᠶᠢᠨ ᠬᠠᠮᠲᠤᠷᠠᠯᠴᠠᠭ᠎ᠠ ᠶᠢᠨ ᠪᠣᠷᠣ ᠲᠥᠯᠥᠪ ᠤᠨ ᠳᠣᠲᠣᠷ᠎ᠠ ᠨᠠᠦ᠋ᠷᠦ᠋ ᠳᠤ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠤᠰᠠᠯᠠᠮᠵᠢ ᠬᠠᠩᠭᠠᠨ᠎ᠠ ᠃ ᠳᠤᠮᠳᠠᠳᠤ ᠤᠯᠤᠰ ᠳᠤᠷᠠᠲᠠᠶ᠎ᠠ ᠨᠠᠦ᠋ᠷᠦ᠋ ᠶᠢᠨ ᠬᠢᠨ ᠲᠠᠢ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠤᠨ ᠶᠠᠷᠢᠶᠠᠨ ᠤ ᠲᠠᠪᠴᠠᠩ ᠵᠡᠷᠭᠡ ᠤᠯᠠᠨ ᠲᠠᠯ᠎ᠠ ᠶᠢᠨ ᠬᠦᠷᠢᠶᠡᠨ ᠳᠠᠬᠢ ᠣᠯᠣᠯᠴᠠᠭ᠎ᠠ ᠪᠠ | ᠵᠣᠬᠢᠴᠠᠭᠤᠯᠭ᠎ᠠ ᠪᠠᠨ ᠴᠢᠩᠭᠠᠳᠬᠠᠵᠤ ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠰᠢᠷᠠᠬᠤ ᠪᠠ ᠲᠦᠭᠡᠮᠡᠯ ᠠᠰᠢᠭ ᠬᠦᠷᠲᠡᠭᠡᠬᠦ ᠪᠠᠭᠲᠠᠭᠠᠮᠵᠢᠲᠠᠢ | ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ | ᠵᠢᠭᠠᠵᠤ ᠭᠠᠷᠭᠠᠪᠠ ᠃ | ᠠᠳᠢ᠊ · ᠠᠩ ᠂ ᠤᠷᠢᠯᠭ᠎ᠠ ᠪᠠᠷ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠂ ᠳᠤᠮᠳᠠᠳᠤ ᠤᠯᠤᠰ ᠤᠨ ᠥᠨᠢ ᠤᠳᠠᠭᠠᠨ ᠲᠡᠦᠬᠡ ᠂ | ᠭᠡᠷᠡᠯ ᠰᠠᠴᠤᠷᠠᠩᠭᠤᠢ ᠰᠣᠶᠣᠯ ᠪᠣᠯᠣᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠥᠭᠵᠢᠯᠲᠡ ᠶᠢ ᠣᠶᠢᠯᠠᠭᠠᠬᠤ ᠪᠣᠯᠤᠭᠰᠠᠨ ᠳᠠᠭᠠᠨ ᠮᠠᠰᠢ ᠠᠵᠠ ᠲᠠᠢ ᠰᠠᠨᠠᠭᠳᠠᠵᠤ | ᠪᠠᠶᠢᠨ᠎ᠠ ᠃ ᠲᠦᠷᠦᠭᠦᠬᠡᠨ ᠨᠠᠦ᠋ᠷᠦ᠋ ᠲᠡᠦᠬᠡ ᠶᠢᠨ ᠵᠥᠪ ᠲᠠᠯ᠎ᠠ ᠳᠤ ᠵᠣᠭᠰᠣᠵᠤ ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠮᠡᠳᠡᠷᠡᠬᠦ ᠪᠠ ᠪᠠᠷᠢᠮᠲᠠᠯᠠᠭᠰᠠᠨ | ᠰᠠᠭᠤᠷᠢᠨ ᠳᠡᠭᠡᠷ᠎ᠡ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠨ ᠰᠡᠷᠭᠦᠭᠡᠬᠦ ᠪᠠᠷ ᠲᠣᠭᠲᠠᠪᠠ ᠂ ᠡᠨᠡ ᠪᠣᠯ ᠨᠠᠦ᠋ᠷᠦ᠋ ᠳᠤᠮᠳᠠᠳᠤ ᠶᠢᠨ ᠬᠠᠷᠢᠯᠴᠠᠭᠠᠨ ᠤ | ᠴᠢᠬᠤᠯᠠ ᠬᠥᠰᠢᠶ᠎ᠡ ᠲᠡᠮᠳᠡᠭ ᠪᠠᠶᠢᠵᠤ ᠂ ᠨᠠᠦ᠋ᠷᠦ᠋ ᠶᠢᠨ ᠤᠯᠤᠰ ᠤᠨ ᠬᠥᠭᠵᠢᠯᠲᠡ ᠪᠣᠯᠣᠨ ᠨᠠᠦ᠋ᠷᠦ᠋ ᠳᠤᠮᠳᠠᠳᠤ ᠶᠢᠨ ᠬᠠᠷᠢᠯᠴᠠᠭᠠᠨ ᠤ ᠰᠢᠨ᠎ᠡ ᠬᠠᠭᠤᠳᠠᠰᠤ ᠶᠢ | ᠰᠡᠬᠦᠭᠰᠡᠨ ᠪᠠᠶᠢᠨ᠎ᠠ ᠃ ᠨᠠᠦ᠋ᠷᠦ᠋ ᠶᠢᠨ ᠬᠢᠨ ᠳᠤᠮᠳᠠᠳᠤ ᠤᠯᠤᠰ ᠶᠡᠭᠡ ᠪᠠᠭ᠎ᠠ ᠤᠯᠤᠰ ᠪᠦᠭᠦᠨ ᠡᠷᠬᠡ ᠲᠡᠭᠰᠢ ᠪᠠᠶᠢᠬᠤ ᠶᠢ ᠢᠮᠠᠭᠲᠠ ᠪᠠᠷᠢᠮᠲᠠᠯᠠᠭᠰᠠᠭᠠᠷ ᠢᠷᠡᠭᠰᠡᠨ ᠢ | ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠂ ᠳᠤᠷᠠᠲᠠᠶ᠎ᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠵᠢᠷᠤᠮᠯᠠᠵᠤ ᠂ ᠳᠤᠮᠳᠠᠳᠤ ᠤᠯᠤᠰ ᠯᠤᠭ᠎ᠠ ᠶᠢᠨ | ᠬᠠᠮᠲᠤᠷᠠᠯᠴᠠᠭ᠎ᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ ᠂ ᠨᠠᠦ᠋ᠷᠦ᠋ ᠳᠤᠮᠳᠠᠳᠤ ᠶᠢᠨ ᠬᠠᠷᠢᠯᠴᠠᠭ᠎ᠠ ᠪᠠᠨ ᠰᠡᠷᠭᠦᠭᠡᠬᠦ ᠪᠠᠷ ᠴᠢᠬᠤᠯᠠ ᠠᠵᠠ ᠲᠣᠭᠢᠶᠠᠯ ᠪᠤᠯᠭᠠᠵᠤ ᠂ | ᠳᠤᠮᠳᠠᠳᠤ ᠤᠯᠤᠰ ᠯᠤᠭ᠎ᠠ ᠬᠠᠷᠢᠯᠴᠠᠨ ᠭᠦᠨᠳᠦᠳᠭᠡᠵᠦ ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ ᠂ ᠬᠥᠮᠥᠰ ᠤᠨ ᠶᠠᠪᠤᠯᠴᠠᠭ᠎ᠠ ᠪᠣᠯᠣᠨ ᠡᠯ᠎ᠡ ᠬᠦᠷᠢᠶᠡᠨ ᠤ | ᠬᠠᠮᠲᠤᠷᠠᠯᠴᠠᠭ᠎ᠠ ᠪᠠᠨ ᠴᠢᠩᠭᠠᠳᠬᠠᠵᠤ ᠂ ᠳᠤᠮᠳᠠᠳᠤ ᠤᠯᠤᠰ ᠤᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ ᠂ ᠡᠯᠪᠡᠭ ᠦᠷ᠎ᠡ ᠪᠦᠲᠦᠭᠡᠯ ᠪᠦᠬᠦᠢ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠦᠨ᠎ᠡ ᠃ ᠣᠳᠣᠬᠠᠨ ᠤ ᠳᠡᠯᠡᠬᠡᠢ ᠶᠢᠷᠲᠢᠨᠴᠦ ᠳᠤ ᠳᠡᠯᠡᠬᠡᠢ ᠶᠢᠨ ᠴᠢᠨᠠᠷᠲᠠᠢ ᠮᠠᠰᠢ | ᠤᠯᠠᠨ ᠥᠷᠢᠰᠦᠯᠳᠦᠭᠡᠨ ᠲᠤᠯᠭᠠᠷᠠᠵᠤ ᠪᠠᠶᠢᠨ᠎ᠠ ᠂ ᠭᠠᠭᠴᠠ ᠬᠦ ᠪᠦᠯᠬᠦᠮᠳᠡᠯ ᠪᠠ ᠬᠠᠮᠲᠤᠷᠠᠯᠴᠠᠭ᠎ᠠ ᠲᠠᠢ ᠪᠠᠶᠢᠪᠠᠯ ᠰᠠᠶ᠋ᠢ ᠬᠥᠮᠥᠨ ᠲᠥᠷᠥᠯᠬᠢᠲᠡᠨ ᠤ ᠬᠠᠮᠲᠤ ᠶᠢᠨ | ᠲᠠᠪᠰᠢᠯᠳᠡ ᠪᠠ ᠴᠡᠴᠡᠭᠯᠡᠯᠲᠡ ᠶᠢ ᠪᠡᠶᠡᠯᠡᠭᠦᠯᠵᠦ ᠴᠢᠳᠠᠨ᠎ᠠ ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠨᠢ | ᠴᠢᠬᠤᠯᠠ ᠠᠴᠢ ᠬᠤᠯᠪᠣᠭᠳᠠᠯ ᠲᠠᠢ ᠶᠤᠮ ᠃ ᠨᠠᠦ᠋ᠷᠦ᠋ ᠶᠢᠨ ᠬᠢᠨ ᠳᠤᠷᠠᠲᠠᠶ᠎ᠠ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ | ᠣᠷᠣᠯᠴᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠳᠤᠮᠳᠠᠳᠤ ᠤᠯᠤᠰ ᠯᠤᠭ᠎ᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠤᠬᠠᠢ | ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠬᠡᠪᠡ ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠂ ᠬᠤᠶᠠᠷ ᠤᠯᠤᠰ ᠤᠨ ᠲᠡᠷᠢᠭᠦᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠠᠵᠤ ᠠᠬᠤᠢ ᠶᠢᠨ ᠬᠥᠭᠵᠢᠯᠲᠡ ᠂ ᠬᠥᠳᠡᠭᠡ ᠠᠵᠤ ᠠᠬᠤᠢ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠵᠡᠢ ᠃ | ᠬᠤᠶᠠᠷ ᠲᠠᠯ᠎ᠠ ᠪᠠᠷ ᠢᠶᠠᠨ ︽ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠨᠠᠦ᠋ᠷᠦ᠋ ᠤᠯᠤᠰ ᠤᠨ ᠬᠠᠮᠲᠤᠷᠠᠭᠰᠠᠨ | ᠢᠯᠡᠷᠬᠡᠶᠢᠯᠡᠯᠲᠡ ︾ ᠶᠢ ᠨᠡᠶᠢᠲᠡᠯᠡᠬᠦ ᠪᠣᠯᠣᠨ᠎ᠠ ᠃ | ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠠᠳᠢ᠊ · ᠠᠩ ᠢ ᠤᠭᠲᠤᠬᠤ | ᠶᠣᠰᠣᠯᠠᠯ ᠶᠠᠪᠤᠭᠤᠯᠵᠠᠢ ᠃ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ ᠃ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠨᠠᠦ᠋ᠷᠦ᠋ ᠬᠤᠶᠠᠷ ᠤᠯᠤᠰ ᠤᠨ ᠰᠦᠯᠳᠡ | ᠳᠠᠭᠤᠤ ᠶᠢ ᠬᠥᠭᠵᠢᠮᠳᠡᠪᠡ ᠃ ᠠᠳᠢ᠊ · ᠠᠩ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠲᠤᠰ ᠣᠷᠣᠢ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠠᠳᠢ᠊ · ᠠᠩ ᠢ ᠤᠭᠲᠤᠬᠤ ᠳᠠᠶᠢᠯᠠᠯᠭ᠎ᠠ | ᠬᠢᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | |