| 3 ᠰᠠᠷ᠎ᠠ ᠶᠢᠨ 25 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠳ᠋ᠤᠮᠢᠨᠢᠺᠠ ᠶᠢᠨ ᠶᠡᠷᠦᠩᠬᠡᠢ ᠰᠠᠶᠢᠳ ᠰᠺᠸᠢᠢᠯᠢᠲ᠋ᠧ ᠲᠠᠢ ᠠᠭᠤᠯᠵᠠᠪᠠ ᠃ | ᠰᠢ ᠶᠢᠨ ᠫᠢᠩ ᠂ ᠳ᠋ᠤᠮᠢᠨᠢᠺᠠ ᠪᠣᠯ ᠺᠠᠷᠢᠪᠧ ᠣᠷᠣᠨ ᠤ ᠴᠢᠬᠤᠯᠠ ᠤᠯᠤᠰ ᠮᠥᠨ ᠂ ᠪᠠᠰᠠ ᠴᠤ ᠳᠤᠮᠳᠠᠳᠤ ᠤᠯᠤᠰ ᠤᠨ ᠲᠣᠰ ᠭᠠᠵᠠᠷ ᠣᠷᠣᠨ ᠳᠠᠬᠢ | ᠨᠠᠶᠢᠳᠠᠪᠤᠷᠢᠲᠠᠢ ᠰᠠᠶᠢᠨ ᠨᠠᠶᠢᠵᠠ ᠂ ᠰᠠᠶᠢᠨ ᠬᠠᠨᠢᠲᠠᠨ ᠮᠥᠨ ᠃ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠲᠤᠷᠰᠢ ᠂ ᠳᠤᠮᠳᠠᠳᠤ ᠳ᠋ᠤᠮᠢᠨᠢᠺᠠ ᠢᠮᠠᠭᠲᠠ ᠬᠠᠷᠢᠯᠴᠠᠨ | ᠭᠦᠨᠳᠦᠳᠭᠡᠵᠦ ᠂ ᠡᠷᠬᠡ ᠲᠡᠭᠰᠢ ᠪᠠᠷ ᠬᠠᠨᠳᠤᠯᠴᠠᠵᠤ ᠂ ᠤᠯᠤᠰ ᠲᠥᠷᠥ ᠶᠢᠨ ᠢᠲᠡᠭᠡᠯᠴᠡᠭᠡ ᠪᠠᠨ ᠲᠠᠰᠤᠷᠠᠯᠲᠠ ᠦᠭᠡᠢ ᠴᠢᠩᠭᠠᠳᠬᠠᠵᠤ ᠂ ᠡᠯ᠎ᠡ ᠬᠦᠷᠢᠶᠡᠨ ᠤ | ᠰᠣᠯᠢᠯᠴᠠᠭ᠎ᠠ ᠬᠠᠮᠲᠤᠷᠠᠯᠴᠠᠭ᠎ᠠ ᠥᠷᠨᠢᠨ ᠬᠥᠭᠵᠢᠵᠦ ᠂ ᠠᠷᠠᠳ ᠲᠦᠮᠡᠨ ᠤ ᠨᠥᠬᠦᠷᠯᠡᠯ ᠡᠳᠦᠷ ᠢᠷᠡᠬᠦᠶ᠎ᠡ ᠵᠤᠵᠠᠭᠠᠷᠠᠵᠤ ᠂ ᠳᠤᠮᠳᠠᠳᠤ ᠳ᠋ᠤᠮᠢᠨᠢᠺᠠ ᠶᠢᠨ ᠬᠠᠷᠢᠯᠴᠠᠭ᠎ᠠ | ᠨᠢᠭᠡᠨᠲᠡ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠥᠯᠢᠭᠡᠷ ᠳᠠᠭᠤᠷᠢᠶᠠᠯ ᠪᠣᠯᠵᠠᠢ ᠃ ᠳᠤᠮᠳᠠᠳᠤ ᠤᠯᠤᠰ ᠳ᠋ᠤᠮᠢᠨᠢᠺᠠ ᠶᠢᠨ ᠬᠢᠨ ᠤ ᠳᠤᠮᠳᠠᠳᠤ | ᠤᠯᠤᠰ ᠯᠤᠭ᠎ᠠ ᠢᠮᠠᠭᠲᠠ ᠡᠷᠡᠰ ᠪᠠᠲᠤ ᠨᠥᠭᠦᠷᠰᠡᠭ ᠪᠠᠶᠢᠬᠤ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠂ ᠳᠤᠷᠠᠲᠠᠶ᠎ᠠ ᠳ᠋ᠤᠮᠢᠨᠢᠺᠠ ᠶᠢᠨ ᠬᠢᠨ ᠲᠠᠢ ᠬᠠᠮᠲᠤ ᠪᠠᠷ | ᠥᠩᠭᠡᠷᠡᠭᠰᠡᠨ 20 ᠵᠢᠯ ᠤᠨ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ ᠂ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ ᠂ ᠨᠥᠭᠦᠷᠰᠡᠭ ᠬᠠᠷᠢᠯᠴᠠᠭ᠎ᠠ ᠪᠠᠨ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠵᠤ ᠂ ᠳᠤᠮᠳᠠᠳᠤ ᠳ᠋ᠤᠮᠢᠨᠢᠺᠠ ᠶᠢᠨ ᠬᠠᠷᠢᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ ᠂ ᠬᠤᠶᠠᠷ ᠤᠯᠤᠰ ᠤᠨ ᠠᠷᠠᠳ | ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠳ᠋ᠤᠮᠢᠨᠢᠺᠠ ᠶᠢᠨ ᠬᠠᠷᠢᠯᠴᠠᠭ᠎ᠠ ᠤᠷᠤᠭᠰᠢᠲᠠᠢ ᠬᠥᠭᠵᠢᠵᠦ ᠪᠠᠶᠢᠭ᠎ᠠ ᠶᠢᠨ ᠵᠠᠩᠭᠢᠯᠠᠭ᠎ᠠ ᠨᠢ ᠬᠤᠶᠠᠷ ᠤᠯᠤᠰ ᠢᠶᠠᠷ ᠢᠶᠠᠨ ᠥᠨᠳᠥᠷ | ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠳᠤ ᠪᠠᠶᠢᠵᠤ ᠂ ᠲᠤᠰ ᠲᠤᠰ ᠤᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ | ᠠᠰᠠᠭᠤᠳᠠᠯ ᠤᠨ ᠲᠠᠯ᠎ᠠ ᠪᠠᠷ ᠬᠠᠷᠢᠯᠴᠠᠨ ᠣᠶᠢᠯᠠᠭᠠᠯᠴᠠᠵᠤ ᠂ ᠬᠠᠷᠢᠯᠴᠠᠨ ᠳᠡᠮᠵᠢᠬᠦ ᠳᠤ ᠪᠠᠶᠢᠨ᠎ᠠ ᠃ ᠳ᠋ᠤᠮᠢᠨᠢᠺᠠ ᠶᠢᠨ ᠠᠷᠠᠳ ᠲᠦᠮᠡᠨ ᠤ ᠲᠤᠰ ᠤᠯᠤᠰ ᠤᠨ ᠢᠶᠠᠨ | ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠤᠮᠳᠠᠳᠤ ᠤᠯᠤᠰ ᠡᠷᠡᠰ ᠳᠡᠮᠵᠢᠵᠦ ᠂ ᠳᠤᠷᠠᠲᠠᠶ᠎ᠠ ᠳ᠋ᠤᠮᠢᠨᠢᠺᠠ ᠶᠢᠨ ᠬᠢᠨ ᠯᠤᠭ᠎ᠠ ᠨᠥᠭᠦᠷᠰᠡᠭ | ᠶᠠᠪᠤᠯᠴᠠᠭ᠎ᠠ ᠪᠠᠨ ᠨᠢᠭᠲᠠᠷᠠᠭᠤᠯᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠨ᠎ᠠ ᠃ ᠳ᠋ᠤᠮᠢᠨᠢᠺᠠ ᠶᠢᠨ ᠬᠢᠨ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠷᠭᠡᠨ ᠲᠡᠷᠭᠡᠨ ᠳᠤ ᠰᠠᠭᠤᠵᠤ ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠬᠥᠳᠡᠭᠡ ᠠᠵᠤ ᠠᠬᠤᠢ ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠥᠷᠭᠡᠳᠬᠡᠬᠦ ᠶᠢ ᠪᠠᠶᠠᠷᠯᠠᠨ ᠤᠭᠲᠤᠵᠤ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠳ᠋ᠤᠮᠢᠨᠢᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠳᠠᠯ ᠤᠨ | ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠳᠤᠮᠳᠠᠳᠤ ᠶᠢᠨ ᠬᠢᠨ ᠳᠤᠷᠠᠲᠠᠶ᠎ᠠ ᠳ᠋ᠤᠮᠢᠨᠢᠺᠠ ᠯᠤᠭ᠎ᠠ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠵᠦ ᠂ | ᠨᠡᠩ ᠤᠯᠠᠨ ᠵᠠᠯᠠᠭᠤᠴᠤᠳ ᠳᠤᠮᠳᠠᠳᠤ ᠤᠯᠤᠰ ᠲᠤ ᠢᠷᠡᠵᠤ ᠰᠤᠳᠤᠯᠤᠨ ᠰᠤᠷᠤᠯᠴᠠᠬᠤ ᠶᠢ ᠪᠠᠶᠠᠷᠯᠠᠨ ᠤᠭᠲᠤᠵᠤ ᠂ ᠳ᠋ᠤᠮᠢᠨᠢᠺᠠ ᠶᠢᠨ ᠬᠢᠨ ᠳᠤ ᠦᠷᠭᠦᠯᠵᠢᠯᠡᠨ | ᠰᠤᠷᠤᠯᠭ᠎ᠠ ᠶᠢᠨ ᠱᠠᠩᠨᠠᠯ ᠤᠨ ᠮᠥᠩᠭᠦ ᠪᠣᠯᠣᠨ ᠪᠣᠯᠪᠠᠰᠤᠷᠠᠯ ᠬᠦᠷᠲᠡᠭᠡᠬᠦ ᠵᠡᠷᠭᠡ ᠠᠵᠠ ᠲᠣᠭᠢᠶᠠᠯ ᠬᠠᠩᠭᠠᠨ᠎ᠠ ᠃ ᠬᠤᠶᠠᠷ ᠲᠠᠯ᠎ᠠ ᠪᠠᠷ ᠢᠶᠠᠨ ᠳ᠋ᠤᠮᠢᠨᠢᠺᠠ ᠤᠯᠤᠰ ᠤᠨ | ᠶᠡᠭᠡ ᠰᠤᠷᠭᠠᠭᠤᠯᠢ ᠶᠢᠨ ᠺᠦᠩᠽᠢ ᠶᠢᠨ ᠬᠢᠴᠢᠶᠡᠯ ᠤᠨ ᠲᠠᠩᠬᠢᠮ ᠢ ᠬᠠᠮᠲᠤ ᠪᠠᠷ ᠰᠠᠶᠢᠲᠤᠷ ᠪᠦᠲᠦᠭᠡᠨ ᠪᠠᠶᠢᠭᠤᠯᠵᠤ ᠂ ᠠᠵᠢᠯ ᠮᠡᠷᠭᠡᠵᠢᠯ ᠤᠨ ᠪᠣᠯᠪᠠᠰᠤᠷᠠᠯ ᠤᠨ | ᠬᠠᠮᠲᠤᠷᠠᠯᠴᠠᠭ᠎ᠠ ᠶᠢ ᠢᠯᠡᠭᠦᠬᠡᠨ ᠥᠷᠨᠢᠭᠦᠯᠬᠦ ᠲᠤᠬᠠᠢ ᠰᠤᠳᠤᠯᠤᠨ ᠶᠠᠷᠢᠯᠴᠠᠶ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠳᠤᠮᠳᠠᠳᠤ ᠤᠯᠤᠰ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯ ᠪᠠ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ | ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ ᠂ ᠤᠯᠤᠰ ᠢ ᠶᠡᠭᠡ ᠪᠠᠭ᠎ᠠ ᠂ ᠬᠦᠴᠦᠷᠬᠡᠭ ᠪᠠᠭᠤᠷᠠᠢ ᠭᠡᠵᠦ ᠢᠯᠭᠠᠬᠤ ᠦᠭᠡᠢ ᠂ ᠴᠥᠮ ᠳᠡᠯᠡᠬᠡᠢ ᠨᠡᠶᠢᠭᠡᠮ ᠤᠨ | ᠡᠷᠬᠡ ᠲᠡᠭᠰᠢ ᠪᠦᠷᠢᠯᠳᠦᠭᠦᠨ ᠪᠤᠯᠬᠤ ᠶᠢ ᠰᠠᠨᠠᠭᠠᠴᠢᠯᠠᠨ᠎ᠠ ᠃ ᠳᠤᠮᠳᠠᠳᠤ ᠤᠯᠤᠰ ᠵᠢᠵᠢᠭ ᠠᠷᠠᠯᠲᠤ ᠬᠥᠭᠵᠢᠵᠦ ᠪᠠᠶᠢᠭ᠎ᠠ ᠤᠯᠤᠰ ᠤᠳ ᠤᠨ ᠠᠭᠤᠷ ᠠᠮᠢᠰᠬᠤᠯ ᠤᠨ | ᠬᠤᠪᠢᠷᠠᠯᠲᠠ ᠶᠢᠨ ᠬᠦᠷᠢᠶᠡᠨ ᠳᠠᠬᠢ ᠠᠩᠬᠠᠷᠤᠯ ᠪᠠ ᠬᠦᠰᠡᠯ ᠱᠠᠭᠠᠷᠳᠠᠯᠭ᠎ᠠ ᠶᠢ ᠴᠢᠬᠤᠯᠠᠴᠢᠯᠠᠵᠤ ᠂ ᠳ᠋ᠤᠮᠢᠨᠢᠺᠠ ᠶᠢᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ | ᠶᠠᠪᠤᠳᠠᠯ ᠳᠤᠮᠳᠠ ᠢᠳᠡᠪᠬᠢᠲᠡᠢ ᠦᠢᠯᠡᠳᠦᠯ ᠦᠵᠡᠭᠦᠯᠭᠦ ᠶᠢ ᠳᠡᠮᠵᠢᠵᠦ ᠂ ᠳᠤᠷᠠᠲᠠᠶ᠎ᠠ ᠳ᠋ᠤᠮᠢᠨᠢᠺᠠ ᠶᠢᠨ ᠬᠢᠨ ᠲᠠᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ | ᠡᠮᠦᠨᠡᠲᠦ ᠡᠮᠦᠨᠡᠲᠦ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ ᠃ ᠳᠤᠮᠳᠠᠳᠤ ᠤᠯᠤᠰ ᠺᠠᠷᠢᠪᠧ ᠶᠢᠨ ᠤᠯᠤᠰ ᠤᠳ ᠯᠤᠭ᠎ᠠ ᠶᠢᠨ | ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳ᠋ᠤᠮᠢᠨᠢᠺᠠ ᠶᠢᠨ ᠬᠢᠨ ᠤ ᠺᠠᠷᠢᠪᠧ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠶᠢᠨ | ᠲᠤᠰᠢᠶᠠᠯ ᠢ ᠡᠭᠦᠷᠭᠡᠯᠡᠵᠦ ᠪᠠᠶᠢᠭᠰᠠᠨ ᠬᠤᠭᠤᠴᠠᠭᠠᠨ ᠳᠤ ᠳᠤᠮᠳᠠᠳᠤ ᠺᠠᠷᠢᠪᠧ ᠶᠢᠨ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠢ | ᠮᠠᠭᠲᠠᠨ ᠰᠠᠶᠢᠰᠢᠶᠠᠵᠤ ᠂ ᠳᠤᠷᠠᠲᠠᠶ᠎ᠠ ᠺᠠᠷᠢᠪᠧ ᠶᠢᠨ ᠭᠠᠵᠠᠷ ᠣᠷᠣᠨ ᠤ ᠤᠯᠤᠰ ᠤᠳ ᠤᠨ ᠤᠯᠤᠰ ᠤᠨ ᠢᠶᠠᠨ ᠬᠥᠭᠵᠢᠯ ᠴᠡᠴᠡᠭᠯᠡᠯ ᠢ ᠡᠷᠢᠯᠬᠢᠯᠡᠬᠦ ᠂ ᠠᠷᠠᠳ ᠣᠯᠠᠨ ᠤ | ᠪᠤᠶᠠᠨ ᠵᠢᠷᠭᠠᠯ ᠢ ᠨᠡᠮᠡᠭᠳᠡᠭᠦᠯᠬᠦ ᠶᠢ ᠦᠷᠭᠦᠯᠵᠢᠯᠡᠨ ᠳᠡᠮᠵᠢᠨ᠎ᠡ ᠭᠡᠵᠦ ᠴᠢᠬᠤᠯᠠᠴᠢᠯᠠᠪᠠ ᠃ | ᠰᠺᠸᠢᠢᠯᠢᠲ᠋ᠧ ᠂ 20 ᠵᠢᠯ ᠤᠨ ᠡᠮᠦᠨ᠎ᠡ ᠪᠢ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠬᠤ ᠵᠥᠪ ᠰᠢᠢᠳᠪᠦᠷᠢᠲᠦ ᠪᠣᠳᠣᠯᠭ᠎ᠠ ᠭᠠᠷᠭᠠᠵᠤ ᠂ | ᠳ᠋ᠤᠮᠢᠨᠢᠺᠠ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ ᠳᠤᠮᠳᠠᠳᠤ ᠤᠯᠤᠰ ᠲᠤ ᠳᠠᠬᠢᠨᠲᠠ | ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ ᠳ᠋ᠤᠮᠢᠨᠢᠺᠠ ᠳᠤᠮᠳᠠᠳᠤ ᠶᠢᠨ ᠬᠠᠷᠢᠯᠴᠠᠭ᠎ᠠ ᠬᠠᠷᠢᠯᠴᠠᠨ ᠢᠲᠡᠭᠡᠯᠴᠡᠬᠦ ᠂ ᠬᠠᠷᠢᠯᠴᠠᠨ ᠬᠦᠨᠳᠦᠳᠬᠡᠬᠦ ᠂ ᠬᠠᠷᠢᠯᠴᠠᠨ | ᠳᠡᠮᠵᠢᠬᠦ ᠳᠤ ᠰᠠᠭᠤᠷᠢᠯᠠᠪᠠ ᠃ 20 ᠵᠢᠯ ᠤᠨ ᠲᠤᠷᠰᠢ ᠳ᠋ᠤᠮᠢᠨᠢᠺᠠ ᠳᠤᠮᠳᠠᠳᠤ ᠶᠢᠨ ᠬᠠᠷᠢᠯᠴᠠᠭᠠᠨ ᠤ ᠠᠭᠤᠯᠤᠭᠳᠠᠬᠤᠨ ᠳᠠᠰᠤᠷᠠᠯᠳᠠ ᠦᠭᠡᠢ ᠪᠠᠶᠠᠯᠢᠭᠵᠢᠵᠤ ᠂ ᠡᠯᠪᠡᠭ | ᠪᠠᠶᠠᠯᠢᠭ ᠦᠷ᠎ᠡ ᠪᠦᠲᠦᠭᠡᠯ ᠣᠯᠪᠠ ᠃ ᠳᠤᠮᠳᠠᠳᠤ ᠤᠯᠤᠰ ᠠᠭᠤᠤ ᠶᠡᠭᠡ ᠤᠯᠤᠰ ᠪᠣᠯᠤᠭᠰᠠᠨ ᠤ ᠬᠤᠪᠢ ᠳᠤ ᠂ ᠶᠠᠳᠠᠭᠤ ᠶᠢ ᠲᠡᠳᠬᠦᠬᠦ ᠂ ᠬᠥᠭᠵᠢᠯᠲᠡ ᠵᠡᠷᠭᠡ | ᠬᠦᠷᠢᠶᠡᠨ ᠳᠤ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠣᠭᠰᠠᠨ ᠢᠶᠠᠷ ᠪᠠᠷᠠᠬᠤ ᠦᠭᠡᠢ ᠳ᠋ᠤᠮᠢᠨᠢᠺᠠ ᠵᠡᠷᠭᠡ ᠯᠠᠲ᠋ᠢᠨ ᠠᠮᠧᠷᠢᠺᠠ ᠲᠢᠪ ᠤᠨ | ᠤᠯᠤᠰ ᠤᠳ ᠪᠠ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠃ ᠳ᠋ᠤᠮᠢᠨᠢᠺᠠ ᠶᠢᠨ ᠠᠷᠠᠳ ᠲᠦᠮᠡᠨ | ᠪᠠᠶᠢᠭᠠᠯᠢ ᠶᠢᠨ ᠭᠠᠮᠰᠢᠭ ᠪᠣᠯᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠲᠤᠯᠭᠠᠷᠠᠭᠰᠠᠨ ᠦᠶ᠎ᠡ ᠳᠤ ᠳ᠋ᠤᠮᠢᠨᠢᠺᠠ ᠶᠢᠨ ᠠᠷᠠᠳ | ᠲᠦᠮᠡᠨ ᠲᠠᠢ ᠳᠤᠮᠳᠠᠳᠤ ᠤᠯᠤᠰ ᠭᠤᠶᠢᠪᠢᠰᠢ ᠦᠭᠡᠢ ᠬᠠᠮᠲᠤ ᠵᠣᠭᠰᠣᠵᠤ ᠂ ᠲᠡᠷᠡ ᠳᠠᠷᠤᠢ ᠳᠤᠨᠢ ᠡᠷᠬᠢᠮ ᠨᠠᠨᠳᠢᠨ ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠳᠤ | ᠲᠠᠯᠠᠷᠬᠠᠵᠤ ᠪᠠᠶᠢᠨ᠎ᠠ ᠃ ᠳᠤᠮᠳᠠᠳᠤ ᠤᠯᠤᠰ ᠤᠨ ᠳᠡᠮᠵᠢᠯᠭᠡ ᠪᠣᠯᠣᠨ ᠬᠠᠮᠲᠤᠷᠠᠯᠴᠠᠭ᠎ᠠ ᠳ᠋ᠤᠮᠢᠨᠢᠺᠠ ᠶᠢᠨ ᠭᠠᠵᠠᠷ ᠪᠣᠯᠭᠠᠨ ᠳᠤ ᠬᠠᠷᠠᠭᠳᠠᠵᠤ ᠂ ᠳ᠋ᠤᠮᠢᠨᠢᠺᠠ ᠶᠢᠨ ᠲᠤᠰ | ᠤᠯᠤᠰ ᠤᠨ ᠢᠶᠠᠨ ᠲᠤᠰᠠᠭᠠᠷ ᠲᠣᠭᠲᠠᠨᠢᠯ ᠪᠣᠯᠣᠨ ᠬᠥᠭᠵᠢᠯᠲᠡ ᠶᠢ ᠬᠠᠮᠠᠭᠠᠯᠠᠬᠤ ᠳᠤ ᠲᠦᠢᠯ ᠤᠨ ᠶᠡᠭᠡ ᠬᠦᠴᠦᠨ ᠨᠡᠮᠡᠷᠢᠯᠡᠭᠰᠡᠨ ᠪᠠᠶᠢᠨ᠎ᠠ ᠃ ᠳ᠋ᠤᠮᠢᠨᠢᠺᠠ ᠶᠢᠨ ᠬᠢᠨ | ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠣᠯᠣᠨ | ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠥᠭᠡᠳ ᠪᠢᠰᠢᠷᠡᠵᠦ ᠪᠠᠶᠢᠨ᠎ᠠ ᠂ ᠡᠨᠡ ᠨᠢ ᠣᠳᠣᠬᠠᠨ ᠤ | ᠳᠡᠯᠡᠬᠡᠢ ᠶᠢᠷᠲᠢᠨᠴᠦ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠂ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠬᠤ ᠳᠤ ᠲᠦᠢᠯ ᠤᠨ ᠴᠢᠬᠤᠯᠠ ᠶᠤᠮ ᠃ | ᠳ᠋ᠤᠮᠢᠨᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠭᠤᠶᠢᠪᠢᠰᠢ ᠦᠭᠡᠢ ᠵᠢᠷᠤᠮᠯᠠᠵᠤ ᠂ ᠳᠤᠮᠳᠠᠳᠤ ᠤᠯᠤᠰ ᠤᠨ ᠪᠦᠷᠢᠮᠦᠰᠦᠨ ᠨᠢᠭᠡᠳᠦᠭᠰᠡᠨ ᠰᠢᠳᠤᠷᠭᠤ | ᠶᠣᠰᠣᠨ ᠤ ᠦᠢᠯᠡᠰ ᠢ ᠪᠡᠶᠡᠯᠡᠭᠦᠯᠬᠦ ᠶᠢ ᠳᠡᠮᠵᠢᠵᠦ ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠠᠯᠢᠪᠠ ᠠᠵᠢᠯᠯᠠᠭ᠎ᠠ ᠶᠢ ᠡᠰᠡᠷᠭᠦᠴᠡᠨ᠎ᠡ ᠃ | ᠳ᠋ᠤᠮᠢᠨᠢᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ ᠂ ᠠᠷᠠᠳ ᠲᠦᠮᠡᠨ ᠤ ᠨᠥᠬᠦᠷᠯᠡᠯ ᠢᠶᠠᠨ | ᠭᠦᠨᠵᠡᠭᠡᠶᠢᠷᠡᠭᠦᠯᠵᠦ ᠂ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠳ᠋ᠤᠮᠢᠨᠢᠺᠠ ᠳᠤᠮᠳᠠᠳᠤ ᠶᠢᠨ ᠬᠠᠷᠢᠯᠴᠠᠭ᠎ᠠ ᠶᠢ ᠨᠡᠩ ᠥᠨᠳᠥᠷ ᠲᠦᠪᠰᠢᠨ ᠳᠤ | ᠬᠦᠷᠭᠡᠨ᠎ᠡ ᠃ ᠳ᠋ᠤᠮᠢᠨᠢᠺᠠ ᠶᠢᠨ ᠬᠢᠨ ᠳᠤᠷᠠᠲᠠᠶ᠎ᠠ ᠺᠠᠷᠢᠪᠧ ᠶᠢᠨ ᠤᠯᠤᠰ ᠤᠳ ᠤᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ ᠳᠤ | ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠦᠨ᠎ᠡ ᠃ ᠳ᠋ᠤᠮᠢᠨᠢᠺᠠ ᠶᠢᠨ ᠬᠢᠨ ᠳᠤᠮᠳᠠᠳᠤ ᠤᠯᠤᠰ ᠯᠤᠭ᠎ᠠ ᠳᠡᠯᠡᠬᠡᠢ ᠶᠢᠨ ᠬᠡᠷᠡᠭ ᠶᠠᠪᠤᠳᠠᠯ ᠳᠠᠬᠢ ᠣᠯᠣᠯᠴᠠᠭ᠎ᠠ | ᠵᠣᠬᠢᠴᠠᠭᠤᠯᠭ᠎ᠠ ᠪᠠᠨ ᠨᠢᠭᠲᠠᠷᠠᠭᠤᠯᠵᠤ ᠂ ᠪᠦᠭᠦ ᠪᠥᠮᠪᠥᠷᠴᠡᠭ ᠤᠨ ᠰᠢᠷᠢᠰ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ ᠂ ᠳᠡᠯᠡᠬᠡᠢ ᠶᠢᠨ ᠲᠥᠪ ᠭᠤᠣᠯᠴᠢ | ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠸᠠᠩ ᠢ ᠠᠭᠤᠯᠵᠠᠯᠲᠠ ᠳᠤ ᠣᠷᠣᠯᠴᠠᠵᠠᠢ ᠃ | | | |