| ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶᠠᠨ ᠤ 2024 ᠣᠨ ᠤ ᠨᠢᠭᠡᠳᠦᠭᠡᠷ ᠤᠯᠠᠷᠢᠯ ᠤᠨ ᠴᠠᠭ ᠠᠭᠤᠷ ᠤᠨ ᠮᠡᠳᠡᠭᠡ ᠨᠡᠪᠲᠡᠷᠡᠭᠦᠯᠬᠦ | ᠬᠤᠷᠠᠯ ᠠᠴᠠ ᠣᠶᠢᠯᠠᠭᠠᠭᠰᠠᠨ ᠢᠶᠠᠷ ᠂ ᠮᠠᠨ ᠤ ᠣᠷᠣᠨ ᠤ ᠬᠥᠷᠥᠰᠥᠨ ᠤ ᠰᠢᠮᠡᠳᠬᠡᠯ ᠪᠠ ᠴᠠᠭ ᠠᠭᠤᠷ ᠤᠨ ᠨᠥᠬᠦᠴᠡᠯ ᠨᠢ ᠬᠠᠪᠤᠷ ᠤᠨ ᠲᠠᠷᠢᠶᠠᠯᠠᠭ᠎ᠠ ᠳᠤ ᠠᠰᠢᠭᠲᠠᠢ | ᠪᠠᠶᠢᠨ᠎ᠠ ᠃ | ᠪᠥᠬᠦ ᠣᠷᠣᠨ ᠤ ᠬᠥᠷᠥᠰᠥᠨ ᠤ ᠰᠢᠮᠡᠳᠬᠡᠯ ᠢ ᠬᠢᠨᠠᠨ ᠰᠢᠨᠵᠢᠭᠰᠡᠨ ᠳ᠋ᠦᠩ ᠠᠴᠠ ᠦᠵᠡᠪᠡᠯ ᠂ ᠨᠢᠭᠡᠳᠦᠭᠡᠷ ᠲᠥᠷᠥᠯ ᠂ ᠬᠤᠶᠠᠳᠤᠭᠠᠷ ᠲᠥᠷᠥᠯ ᠂ ᠭᠤᠷᠪᠠᠳᠤᠭᠠᠷ | ᠲᠥᠷᠥᠯ ᠤᠨ ᠰᠢᠮᠡᠳᠬᠡᠯ ᠤᠨ ᠲᠠᠯᠠᠪᠠᠶ ᠨᠢ ᠲᠣᠰ ᠲᠣᠰ ᠶᠡᠷᠦᠩᠬᠡᠢ ᠲᠠᠯᠠᠪᠠᠶ ᠶᠢᠨ 22.3% ᠂ 21.9% ᠂ 55.8% ᠶᠢ ᠡᠵᠡᠯᠡᠵᠦ ᠂ ᠡᠭᠦᠨ ᠳᠤ ᠲᠠᠷᠢᠶᠠᠯᠠᠬᠤ | ᠣᠷᠣᠨ ᠤ ᠰᠢᠮᠡᠳᠬᠡᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠣᠶᠢᠷᠠᠳᠴᠤ ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ | ᠪᠠᠶᠢᠵᠤ ᠂ ᠬᠢᠩᠭᠠᠨ ᠠᠶᠢᠮᠠᠭ ᠂ ᠤᠯᠠᠭᠠᠨᠬᠠᠳᠠ ᠬᠤᠲᠠ ᠂ ᠤᠯᠠᠭᠠᠨᠴᠠᠪ ᠬᠤᠲᠠ ᠶᠢᠨ ᠲᠠᠷᠢᠶᠠᠯᠠᠬᠤ ᠣᠷᠣᠨ ᠤ ᠭᠤᠷᠪᠠᠨ ᠲᠥᠷᠥᠯ ᠤᠨ ᠰᠢᠮᠡᠳᠬᠡᠯ ᠤᠨ ᠲᠠᠯᠠᠪᠠᠶ ᠨᠢ | ᠵᠠᠭᠤᠨ ᠤ ᠵᠢᠷᠠ ᠠᠴᠠ ᠳᠡᠭᠡᠭᠰᠢ ᠪᠠᠶᠢᠵᠤ ᠂ ᠪᠤᠰᠤᠳ ᠶᠡᠬᠡᠩᠬᠢ ᠲᠠᠷᠢᠶᠠᠯᠠᠬᠤ ᠣᠷᠣᠨ ᠳᠤ ᠨᠢᠭᠡᠳᠦᠭᠡᠷ ᠂ ᠬᠤᠶᠠᠳᠤᠭᠠᠷ ᠲᠥᠷᠥᠯ ᠤᠨ ᠰᠢᠮᠡᠳᠬᠡᠯ ᠢᠶᠠᠷ ᠭᠤᠣᠯᠯᠠᠵᠤ ᠂ | ᠶᠡᠷᠦᠩᠬᠡᠢ ᠳᠤ ᠪᠠᠨ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ ᠃ | 3 ᠳ᠋ᠤᠭᠠᠷ ᠰᠠᠷ᠎ᠠ ᠠᠴᠠ ᠨᠠᠭᠠᠰᠢ ᠂ ᠮᠠᠨ ᠤ ᠣᠷᠣᠨ ᠤ ᠠᠭᠠᠷ ᠤᠨ ᠳᠤᠯᠠᠭᠠᠨ ᠬᠡᠯᠪᠡᠯᠵᠡᠨ ᠳᠡᠭᠡᠭᠰᠢᠯᠡᠵᠦ ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ | ᠪᠤᠭᠤᠳᠠᠢ ᠳᠠᠷᠢᠬᠤ ᠠᠵᠢᠯ ᠡᠮᠬᠢ ᠵᠢᠷᠤᠮ ᠲᠠᠢ ᠶᠠᠪᠤᠭᠳᠠᠵᠤ ᠂ ᠪᠤᠰᠤᠳ ᠲᠠᠷᠢᠶᠠᠯᠠᠬᠤ ᠣᠷᠣᠨ ᠨᠤᠭᠤᠳ ᠤᠨ ᠬᠥᠷᠥᠰᠥ ᠵᠠᠯᠭᠠᠭ᠎ᠠ ᠪᠠᠷ ᠭᠡᠰᠴᠦ ᠂ ᠲᠠᠷᠢᠶᠠᠯᠠᠬᠤ ᠪᠠᠷ | ᠪᠡᠯᠡᠳᠬᠡᠵᠦ ᠭᠠᠵᠠᠷ ᠲᠡᠭᠰᠢᠯᠡᠬᠦ ᠱᠠᠲᠤᠨ ᠳᠤ ᠪᠠᠶᠢᠵᠤ ᠂ ᠳᠤᠮᠳᠠ ᠪᠠ ᠵᠡᠭᠦᠨ ᠬᠡᠰᠡᠭ ᠤᠨ ᠬᠠᠪᠤᠷ ᠤᠨ ᠪᠤᠭᠤᠳᠠᠢ ᠶᠢ 3 ᠳ᠋ᠤᠭᠠᠷ ᠰᠠᠷ᠎ᠠ ᠶᠢᠨ ᠰᠡᠭᠦᠯᠴᠢ ᠠᠴᠠ 4 | ᠳ᠋ᠦ᠋ᠭᠡᠷ ᠰᠠᠷ᠎ᠠ ᠶᠢᠨ ᠡᠬᠢᠨ ᠳᠤ ᠵᠠᠯᠭᠠᠭ᠎ᠠ ᠪᠠᠷ ᠲᠠᠷᠢᠵᠤ ᠡᠬᠢᠯᠡᠨ ᠂ ᠡᠷᠳᠡᠨᠢ ᠰᠢᠰᠢ ᠂ ᠲᠥᠮᠥᠰᠥ ᠪᠠ ᠰᠢᠷ᠎ᠠ ᠪᠤᠷᠴᠠᠭ ᠢ 4 ᠳ᠋ᠦ᠋ᠭᠡᠷ ᠰᠠᠷ᠎ᠠ ᠶᠢᠨ ᠳᠤᠮᠳᠠᠴᠢ ᠪᠠᠷ | ᠪᠠᠷᠠᠭᠤᠨ ᠠᠴᠠ ᠵᠡᠭᠦᠨᠰᠢ ᠵᠠᠯᠭᠠᠭ᠎ᠠ ᠪᠠᠷ ᠲᠠᠷᠢᠬᠤ ᠪᠠᠷ ᠵᠢᠱᠢᠵᠦ ᠪᠣᠢ ᠃ ᠮᠠᠯᠵᠢᠬᠤ ᠣᠷᠣᠨ ᠤ ᠰᠢᠮᠡᠳᠬᠡᠯ ᠨᠢᠳᠤᠨᠤᠨ ᠤ ᠠᠳᠠᠯᠢ ᠬᠤᠭᠤᠴᠠᠭ᠎ᠠ ᠪᠠ ᠥᠩᠭᠡᠷᠡᠭᠰᠡᠨ | ᠵᠢᠯ ᠤᠳ ᠤᠨ ᠠᠳᠠᠯᠢ ᠬᠤᠭᠤᠴᠠᠭᠠᠨ ᠳᠤ ᠣᠶᠢᠷᠠᠳᠴᠤ ᠂ ᠣᠶᠢᠷ᠎ᠠ ᠶᠢᠨ ᠬᠤᠭᠤᠴᠠᠭᠠᠨ ᠤ ᠪᠣᠷᠣᠭᠠᠨ ᠴᠠᠰᠤ ᠲᠠᠢ ᠴᠠᠭ ᠠᠭᠤᠷ ᠨᠢ ᠮᠠᠯᠵᠢᠬᠤ ᠣᠷᠣᠨ ᠤ ᠰᠢᠮᠡᠳᠬᠡᠯ ᠢ | ᠬᠠᠮᠠᠭᠠᠯᠠᠨ ᠨᠡᠮᠡᠭᠳᠡᠭᠦᠯᠬᠦ ᠳᠤ ᠠᠰᠢᠭᠲᠠᠢ ᠪᠣᠯᠪᠠᠴᠤ ᠬᠥᠯᠥᠨ ᠪᠤᠶᠢᠷ ᠬᠤᠲᠠ ᠶᠢᠨ ᠬᠤᠶᠢᠲᠤ ᠬᠡᠰᠡᠭ ᠤᠨ ᠴᠠᠰᠤᠨ ᠤ ᠬᠡᠮᠵᠢᠶ᠎ᠡ ᠨᠡᠯᠢᠶᠡᠳ ᠶᠡᠭᠡ ᠪᠠᠶᠢᠵᠤ ᠂ ᠮᠠᠯ ᠤᠨ | ᠪᠡᠯᠴᠢᠭᠡᠷ ᠲᠤ ᠭᠠᠷᠬᠤ ᠂ ᠢᠳᠡᠰᠢᠯᠡᠬᠦ ᠂ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠪᠠ ᠲᠥᠯ ᠲᠤᠰᠴᠤ ᠲᠡᠵᠢᠭᠡᠬᠦ ᠳᠤ ᠠᠰᠢᠭ ᠦᠭᠡᠢ ᠨᠥᠯᠥᠭᠡᠯᠡᠵᠦ | ᠪᠠᠶᠢᠨ᠎ᠠ ᠃ ᠣᠳᠣᠬᠠᠨ ᠳᠤ ᠪᠥᠬᠦ ᠣᠷᠣᠨ ᠤ ᠶᠡᠬᠡᠩᠬᠢ ᠮᠠᠯᠵᠢᠬᠤ ᠣᠷᠣᠨ ᠤ ᠡᠪᠡᠰᠦ ᠪᠡᠯᠴᠢᠭᠡᠷ ᠬᠠᠷᠠᠬᠠᠨ ᠨᠣᠭᠤᠭᠠᠷᠠᠭᠠᠳᠤᠢ ᠂ ᠵᠢᠱᠢᠯᠲᠡ ᠪᠠᠷ ᠳᠥᠷᠪᠡᠳᠦᠭᠡᠷ | ᠰᠠᠷ᠎ᠠ ᠶᠢᠨ ᠰᠢᠨᠡᠳ ᠠᠴᠠ ᠡᠬᠢᠯᠡᠵᠦ ᠂ ᠪᠠᠷᠠᠭᠤᠨ ᠠᠴᠠ ᠵᠡᠭᠦᠨᠰᠢ ᠵᠠᠯᠭᠠᠭ᠎ᠠ ᠪᠠᠷ ᠨᠣᠭᠤᠭᠠᠷᠠᠨ᠎ᠠ ᠃ | ᠴᠠᠭ ᠠᠭᠤᠷ ᠤᠨ ᠰᠠᠯᠠᠭ᠎ᠠ ᠮᠥᠴᠢᠷ ᠰᠠᠨᠠᠭᠤᠯᠬᠤ ᠨᠢ ᠭᠤᠣᠯ ᠪᠣᠯᠬᠤ ᠲᠠᠷᠢᠶᠠᠯᠠᠬᠤ ᠣᠷᠣᠨ ᠨᠤᠭᠤᠳ ᠠᠰᠢᠭᠲᠠᠢ ᠲᠣᠬᠢᠶᠠᠯ ᠢ ᠠᠮᠵᠢᠵᠤ ᠂ ᠴᠢᠭᠢᠭ ᠢ ᠵᠠᠪᠳᠤᠨ | ᠲᠠᠷᠢᠵᠠᠭᠠᠵᠤ ᠂ ᠬᠠᠪᠤᠷ ᠤᠨ ᠲᠠᠷᠢᠶᠠᠯᠠᠭ᠎ᠠ ᠶᠢ ᠲᠣᠭᠲᠠᠭᠰᠠᠨ ᠬᠤᠭᠤᠴᠠᠭᠠᠨ ᠳᠤ ᠶᠠᠪᠤᠭᠳᠠᠭᠤᠯᠬᠤ ᠪᠠᠨ ᠪᠠᠲᠤᠯᠠᠭᠠᠷᠠᠢ ︔ ᠵᠡᠭᠦᠨ ᠬᠡᠰᠡᠭ ᠤᠨ ᠲᠠᠷᠢᠶᠠᠯᠠᠬᠤ | ᠣᠷᠣᠨ ᠨᠤᠭᠤᠳ ᠬᠥᠷᠥᠰᠥ ᠭᠡᠰᠬᠦ ᠶᠢ ᠢᠳᠡᠪᠬᠢᠲᠡᠢ ᠠᠩᠬᠠᠷᠴᠤ ᠂ ᠬᠠᠪᠤᠷ ᠤᠨ ᠲᠠᠷᠢᠶᠠᠯᠠᠭ᠎ᠠ ᠶᠢ ᠴᠠᠭ ᠲᠤᠬᠠᠢ ᠳᠤ ᠨᠢ ᠠᠬᠢᠭᠤᠯᠤᠭᠠᠷᠠᠢ ︔ ᠳᠤᠮᠳᠠ ᠬᠡᠰᠡᠭ ᠤᠨ | ᠭᠠᠵᠠᠷ ᠣᠷᠣᠨ ᠳᠤ ᠱᠠᠲᠤᠴᠢ ᠴᠢᠨᠠᠷᠲᠠᠢ ᠬᠠᠪᠤᠷ ᠤᠨ ᠭᠠᠩ ᠤᠨ ᠲᠦᠭᠰᠢᠭᠦᠷᠢ ᠨᠡᠯᠢᠶᠡᠳ ᠶᠡᠭᠡ ᠪᠠᠶᠢᠵᠤ ᠂ ᠬᠠᠭᠤᠷᠠᠢ ᠲᠠᠷᠢᠶᠠᠯᠠᠬᠤ ᠣᠷᠣᠨ ᠳᠤ ᠬᠥᠷᠥᠰᠥᠨ ᠤ | ᠰᠢᠮᠡᠳᠬᠡᠯ ᠵᠢᠴᠢ ᠴᠠᠭ ᠠᠭᠤᠷ ᠤᠨ ᠪᠠᠶᠢᠳᠠᠯ ᠲᠠᠢ ᠤᠶᠠᠯᠳᠤᠭᠤᠯᠤᠨ ᠂ ᠭᠠᠩ ᠬᠠᠭᠰᠠᠷᠠᠭᠠᠨ ᠲᠠᠢ ᠲᠡᠮᠡᠴᠡᠬᠦ ᠪᠡᠯᠡᠳᠬᠡᠯ ᠢᠶᠠᠨ ᠰᠠᠶᠢᠲᠤᠷ ᠬᠢᠭᠡᠷᠡᠢ ︔ ᠮᠠᠯᠵᠢᠬᠤ ᠣᠷᠣᠨ | ᠪᠣᠯ ᠶᠠᠭ ᠰᠠᠶᠢᠬᠠᠨ ᠨᠤᠲᠤᠭ ᠪᠡᠯᠴᠢᠭᠡᠷ ᠤᠨ ᠰᠢᠨ᠎ᠡ ᠬᠠᠭᠤᠴᠢᠨ ᠵᠣᠯᠭᠠᠭᠠᠳᠤᠢ ᠪᠠ ᠬᠠᠪᠤᠷ ᠤᠨ ᠬᠤᠮᠰᠠ ᠴᠠᠭ ᠲᠤ ᠪᠠᠶᠢᠵᠤ ᠂ ᠬᠠᠪᠤᠷ ᠣᠷᠣᠭᠰᠠᠨ ᠤ ᠲᠠᠷᠠᠭ᠎ᠠ | ᠬᠦᠢᠲᠡᠨ ᠠᠭᠤᠷ ᠠᠮᠢᠰᠬᠤᠯ ᠣᠯᠠᠰᠢᠷᠠᠵᠤ ᠂ ᠢᠯᠠᠩᠭᠤᠶ᠎ᠠ ᠬᠥᠭᠰᠢᠨ ᠳᠣᠷᠣᠢ ᠡᠪᠡᠳᠴᠢᠨ ᠲᠠᠢ ᠮᠠᠯ ᠪᠠ ᠰᠠᠶ᠋ᠢ ᠲᠦᠷᠦᠭᠰᠡᠨ ᠲᠥᠯ ᠢ ᠨᠡᠯᠢᠶᠡᠳ ᠶᠡᠭᠡ ᠨᠥᠯᠥᠭᠡᠯᠡᠳᠡᠭ | ᠪᠣᠯᠬᠤᠷ ᠡᠯ᠎ᠡ ᠭᠠᠵᠠᠷ ᠤᠨ ᠬᠢᠨ ᠬᠢᠵᠢᠭ ᠡᠪᠡᠳᠴᠢᠨ ᠢ ᠰᠡᠷᠭᠡᠶᠢᠯᠡᠬᠦ ᠵᠢᠴᠢ ᠡᠪᠡᠰᠦ ᠪᠣᠷᠳᠤᠭ᠎ᠠ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠠᠵᠢᠯ ᠢᠶᠠᠨ ᠤᠷᠢᠳᠴᠢᠯᠠᠨ | ᠰᠠᠶᠢᠲᠤᠷ ᠬᠢᠭᠡᠷᠡᠢ ᠃ | | |