| 3 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠬᠤᠷᠠᠯ ᠤᠨ ᠲᠠᠰᠤᠭ ᠲᠤ ᠂ ᠠᠷᠪᠠᠭᠠᠳ ᠳ᠋ᠠᠶᠢᠲ᠋ᠠ ᠶᠢᠨ ᠢᠨᠵᠧᠨᠧᠷ ᠺᠤᠮᠫᠢᠦ᠋ᠲ᠋ᠧᠷ ᠤᠨ ᠡᠮᠦᠨ᠎ᠡ ᠶᠠᠭᠠᠷᠠᠯᠲᠠᠢ | ᠠᠵᠢᠯᠯᠠᠨ᠎ᠠ ᠃ ᠬᠤᠷᠠᠯ ᠤᠨ ᠲᠠᠰᠤᠭ ᠲᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠳᠠᠬᠢ ︿ ᠨᠡᠪᠲᠡᠷᠬᠡᠢ ᠬᠦᠨᠦᠰᠦᠭ ﹀ | ᠰᠢᠰᠲ᠋ᠧᠮ ᠤᠨ ᠠᠵᠢᠯ ᠤᠨ ᠪᠣᠷᠣ ᠵᠢᠷᠤᠭ ︾ ᠢ ᠨᠢᠳᠦᠨ ᠳᠤ ᠢᠯᠡ ᠡᠯᠭᠦᠭᠰᠡᠨ ᠠᠴᠠ ᠰᠢᠰᠲ᠋ᠧᠮ ᠤᠨ ᠠᠵᠢᠯ ᠤᠨ ᠠᠬᠢᠴᠠ ᠶᠢ ᠦᠵᠡᠮᠡᠭᠴᠡ ᠲᠣᠳᠣᠷᠬᠠᠢ ᠣᠶᠢᠯᠠᠭᠠᠵᠤ | ᠪᠣᠯᠣᠨ᠎ᠠ ᠃ | ᠶᠡᠷᠦ ᠨᠢ ᠬᠦᠨᠦᠰᠦᠭ ᠤᠯᠠᠨ ᠂ ᠰᠢᠰᠲ᠋ᠧᠮ ᠤᠯᠠᠨ ᠂ ᠳ᠋ᠠᠶᠢᠲ᠋ᠠ ᠴᠢᠳᠠᠮᠵᠢ ᠣᠯᠭᠤᠬᠤ ᠬᠦᠴᠢᠷ ᠵᠡᠷᠭᠡ ᠠᠰᠠᠭᠤᠳᠠᠯ ᠤᠳ ᠪᠣᠯ ᠦᠨᠳᠦᠰᠦᠨ ᠱᠠᠲᠤᠨ ᠤ ᠠᠵᠢᠯ ᠤᠨ | ᠬᠦᠴᠢᠷᠳᠡᠯ ᠪᠣᠯᠣᠭᠰᠠᠭᠠᠷ ᠢᠷᠡᠵᠠᠢ ᠃ ᠦᠨᠳᠦᠰᠦᠨ ᠱᠠᠲᠤᠨ ᠤ ᠠᠵᠢᠯ ᠲᠦᠮᠡ ᠮᠢᠩᠭ᠎ᠠ ᠪᠥᠭᠡᠳ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠤᠯᠠᠨ ᠶᠠᠩᠵᠤ ᠶᠢᠨ | ᠪᠠᠶᠢᠳᠠᠭ ᠪᠣᠯᠬᠤᠷ ᠬᠡᠷᠬᠢᠨ ᠦᠨᠳᠦᠰᠦᠨ ᠱᠠᠲᠤᠨ ᠤ ᠠᠵᠢᠯᠲᠠᠳ ᠢ ᠴᠢᠯᠦᠭᠡᠯᠡᠨ ᠂ ᠳᠡᠭᠡᠭᠰᠢ ᠮᠡᠳᠡᠭᠦᠯᠬᠦ ᠬᠦᠨᠦᠰᠦᠭ ᠢ ᠳᠤᠲᠠᠭᠤᠬᠠᠨ ᠰᠢᠭ᠋ ᠂ ᠦᠨᠳᠦᠰᠦᠨ ᠱᠠᠲᠤᠨ ᠤ | ᠰᠤᠷᠪᠤᠯᠵᠢᠯᠠᠯ ᠢ ᠢᠯᠡᠭᠦᠬᠡᠨ ᠰᠢᠭ ᠪᠤᠯᠭᠠᠬᠤ ᠪᠤᠢ ᠃ ᠡᠭᠦᠨ ᠤ ᠲᠤᠯᠠᠳᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ︽ ᠨᠡᠪᠲᠡᠷᠬᠡᠢ ᠬᠦᠨᠦᠰᠦᠭ ︾ ᠰᠢᠰᠲ᠋ᠧᠮ ᠢ ᠰᠦᠪᠡᠭᠴᠢᠯᠡᠨ ᠪᠠᠶᠢᠭᠤᠯᠤᠭᠠᠳ ᠂ ᠳ᠋ᠠᠶᠢᠲ᠋ᠠ ᠶᠢ ᠨᠢᠭᠡ | ᠴᠣᠭᠴᠠᠵᠢᠭᠤᠯᠤᠨ ᠴᠤᠭᠯᠠᠭᠤᠯᠬᠤ ᠪᠠᠷ ᠳᠠᠮᠵᠢᠭᠤᠯᠤᠨ ᠂ ᠳ᠋ᠠᠶᠢᠲ᠋ᠠ ᠶᠢ ᠬᠤᠪᠢᠶᠠᠯᠴᠠᠬᠤ ᠶᠢ ᠠᠬᠢᠭᠤᠯᠵᠤ ᠂ ︽ ᠦᠨᠳᠦᠰᠦᠨ ᠱᠠᠲᠤᠨ ᠠᠴᠠ ᠬᠦᠨᠦᠰᠦᠭ ᠠᠪᠬᠤ ︾ | ᠪᠠᠶᠢᠭᠰᠠᠨ ᠢ ︽ ᠰᠢᠰᠲ᠋ᠧᠮ ᠠᠴᠠ ᠳ᠋ᠠᠶᠢᠲ᠋ᠠ ᠠᠪᠬᠤ ︾ ᠪᠣᠯᠭᠠᠨ ᠬᠤᠪᠢᠷᠠᠭᠤᠯᠵᠤ ᠂ ᠦᠨᠳᠦᠰᠦᠨ ᠱᠠᠲᠤᠨ ᠤ ᠳᠠᠷᠤᠭᠠᠰᠤ ᠶᠢ ᠨᠢ ᠬᠥᠩᠭᠡᠯᠡᠨ ᠦᠷ᠎ᠡ ᠠᠰᠢᠭ ᠢ ᠨᠢ | ᠨᠡᠮᠡᠭᠳᠡᠭᠦᠯᠵᠦ ᠪᠠᠶᠢᠨ᠎ᠠ ᠃ ᠣᠳᠣᠬᠠᠨ ᠳᠤ ᠂ ᠣᠷᠳᠣᠰ ᠬᠤᠲᠠ ᠶᠢᠨ ᠭᠢᠶ᠎ᠠ ᠪᠠᠭᠰᠢ ᠲᠣᠭᠤᠷᠢᠭ ᠂ ᠭᠦᠭᠡᠬᠤᠲᠠ ᠶᠢᠨ ᠰᠠᠶᠢᠬᠠᠨ ᠲᠣᠭᠤᠷᠢᠭ ᠂ ᠪᠤᠭᠤᠲᠤ ᠬᠤᠲᠠ ᠶᠢᠨ | ᠴᠢᠩᠱᠠᠨ ᠲᠣᠭᠤᠷᠢᠭ ᠂ ᠬᠢᠩᠭᠠᠨ ᠠᠶᠢᠮᠠᠭ ᠤᠨ ᠤᠯᠠᠭᠠᠨᠬᠤᠲᠠ ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠂ ᠰᠢᠯᠢ ᠶᠢᠨ ᠭᠤᠣᠯ ᠠᠶᠢᠮᠠᠭ ᠤᠨ ᠰᠢᠯᠢ ᠶᠢᠨ | ᠬᠤᠲᠠ ᠵᠢᠴᠢ ᠦᠬᠠᠢ ᠬᠤᠲᠠ ᠵᠡᠷᠭᠡ 7 ᠭᠠᠵᠠᠷ ᠣᠷᠣᠨ ᠳᠤ ᠲᠤᠷᠰᠢᠯᠲᠠ ᠶᠢᠨ ᠴᠡᠭ ᠤᠨ ᠬᠠᠮᠢᠶ᠎ᠠ ᠪᠦᠬᠦᠢ ᠠᠵᠢᠯ ᠢ ᠨᠢᠭᠡᠨᠲᠡ ᠥᠷᠨᠢᠭᠦᠯᠪᠡ ᠃ | ᠳᠠᠪᠬᠤᠴᠠᠭᠰᠠᠨ ᠮᠡᠳᠡᠭᠦᠯᠬᠦ ᠬᠦᠨᠦᠰᠦᠭ ᠤᠳ ᠢ ᠴᠣᠮᠬᠠᠳᠬᠠᠨ ᠨᠡᠶᠢᠳᠬᠡᠬᠦ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠲᠤᠷᠰᠢᠯᠲᠠ ᠶᠢᠨ ᠴᠡᠭ ᠤᠨ ᠭᠠᠵᠠᠷ ᠣᠷᠣᠨ ᠪᠣᠯᠬᠤ ᠠᠶᠢᠮᠠᠭ ᠬᠤᠲᠠ ᠪᠠ ᠬᠤᠰᠢᠭᠤ ᠰᠢᠶᠠᠨ | ᠲᠣᠭᠤᠷᠢᠭ ᠬᠤᠶᠠᠷ ᠱᠠᠲᠤᠨ ᠤ 50 ᠰᠢᠬᠠᠮ ᠰᠠᠯᠠᠭ᠎ᠠ ᠮᠥᠴᠢᠷ ᠤᠨ ᠦᠨᠳᠦᠰᠦᠨ ᠱᠠᠲᠤᠨ ᠤ ᠲᠠᠭᠯᠠᠨ ᠮᠡᠳᠡᠭᠦᠯᠬᠦ ᠴᠢᠬᠤᠯᠠᠲᠠᠢ 600 ᠭᠠᠷᠤᠢ ᠮᠡᠳᠡᠭᠦᠯᠦᠯᠲᠡ ᠶᠢᠨ | ᠬᠦᠨᠦᠰᠦᠭ ᠤᠳ ᠢ ᠤᠷᠢᠳ ᠬᠤᠵᠢᠳ 4 ᠤᠳᠠᠭ᠎ᠠ ᠴᠤᠭᠯᠠᠭᠤᠯᠤᠨ ᠡᠮᠬᠢᠯᠡᠵᠦ ᠂ ᠮᠡᠳᠡᠭᠦᠯᠦᠯᠲᠡ ᠶᠢᠨ ᠬᠦᠨᠦᠰᠦᠭ ᠲᠠᠬᠢ ᠳ᠋ᠠᠶᠢᠲ᠋ᠠ ᠶᠢᠨ ᠵᠦᠢᠯᠡᠰ ᠢ ᠵᠠᠳᠠᠯᠤᠨ ᠂ | ᠳᠠᠪᠬᠤᠴᠠᠭᠰᠠᠨ ᠢ ᠨᠢ ᠬᠠᠰᠤᠭᠰᠠᠨ ᠮᠥᠷᠲᠡᠭᠡᠨ ᠠᠵᠢᠯ ᠲᠥᠷᠥᠯ ᠬᠢᠭᠡᠳ ᠲᠤᠬᠠᠶᠢᠯᠠᠭᠰᠠᠨ ᠠᠵᠢᠯ ᠤᠨ ᠬᠤᠯᠪᠣᠭᠳᠠᠯᠲᠤ ᠴᠢᠨᠠᠷ ᠢᠶᠠᠷ ᠨᠡᠶᠢᠯᠡᠭᠦᠯᠦᠨ ᠡᠮᠬᠢᠯᠡᠭᠰᠡᠨ ᠤ | ᠳᠠᠷᠠᠭ᠎ᠠ ᠂ ᠠᠩᠬᠠᠳᠤᠭᠠᠷ ᠪᠦᠯᠦᠭ ᠤᠨ ᠥᠨᠳᠥᠷ ᠳᠠᠪᠲᠠᠮᠵᠢᠲᠤ 90 ᠮᠡᠳᠡᠭᠦᠯᠦᠯᠲᠡ ᠶᠢᠨ ᠬᠦᠨᠦᠰᠦᠭ ᠤᠨ ︽ ᠳ᠋ᠠᠶᠢᠲ᠋ᠠ ᠶᠢᠨ ᠡᠬᠡ ᠲᠠᠩᠰᠠ ︾ ᠶᠢ ᠪᠤᠶ ᠪᠣᠯᠭᠠᠵᠠᠢ ᠃ | ᠳᠠᠷᠠᠭ᠎ᠠ ᠳᠤ ᠨᠢ ᠰᠠᠯᠠᠭ᠎ᠠ ᠮᠥᠴᠢᠷ ᠪᠠ ᠦᠨᠳᠦᠰᠦᠨ ᠱᠠᠲᠤᠨ ᠤ ᠳ᠋ᠠᠶᠢᠲ᠋ᠠ ᠶᠢᠨ ᠬᠡᠷᠡᠭᠴᠡᠭᠡ ᠶᠢ ᠬᠤᠷᠢᠶᠠᠩᠭᠤᠶᠢᠯᠠᠨ ᠂ ᠦᠨᠳᠦᠰᠦᠨ ᠱᠠᠲᠤᠨ ᠤ ︽ ᠦᠨᠳᠦᠰᠦᠨ | ᠳ᠋ᠠᠶᠢᠲ᠋ᠠ ᠬᠥᠮᠥᠷᠭᠡ ︾ ᠶᠢ ᠪᠠᠶᠢᠭᠤᠯᠬᠤ ᠪᠣᠯᠣᠨ᠎ᠠ ᠃ ᠦᠨᠳᠦᠰᠦᠨ ᠱᠠᠲᠤᠨ ᠤ ︽ ᠦᠨᠳᠦᠰᠦᠨ ᠳ᠋ᠠᠶᠢᠲ᠋ᠠ ᠬᠥᠮᠥᠷᠭᠡ ︾ ᠳᠤ ᠲᠤᠰᠠᠯᠠᠬᠤ ᠶᠢᠨ ᠲᠥᠯᠥᠭᠡ ᠂ | ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ︽ ᠨᠡᠪᠲᠡᠷᠬᠡᠢ ᠬᠦᠨᠦᠰᠦᠭ ︾ ᠲᠤᠰᠬᠠᠢ ᠬᠥᠮᠥᠷᠭᠡᠨ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ 12 ᠰᠠᠯᠠᠭ᠎ᠠ ᠮᠥᠴᠢᠷ ᠤᠨ 5.59 ᠳ᠋ᠦᠩᠰᠢᠭᠤᠷ ᠵᠤᠷᠪᠤᠰ ᠳ᠋ᠠᠶᠢᠲ᠋ᠠ ᠶᠢ ᠴᠤᠭᠯᠠᠭᠤᠯᠤᠭᠠᠳ ᠪᠠᠶᠢᠨ᠎ᠠ ᠃ | ︽ ᠳ᠋ᠠᠶᠢᠲ᠋ᠠ ᠨᠤᠭᠤᠳ ᠢ ︿ ᠨᠡᠪᠲᠡᠷᠬᠡᠢ ᠬᠦᠨᠦᠰᠦᠭ ﹀ ᠲᠠᠪᠴᠠᠩ ᠳᠤ ᠨᠢᠭᠡᠳᠦᠯᠲᠡᠢ ᠣᠷᠣᠭᠤᠯᠤᠭᠰᠠᠨ ᠤ ᠳᠠᠷᠠᠭ᠎ᠠ ᠂ ᠦᠨᠳᠦᠰᠦᠨ ᠱᠠᠲᠤᠨ ᠤ ᠠᠵᠢᠯᠲᠠᠳ | ᠳ᠋ᠠᠶᠢᠲ᠋ᠠ ᠨᠤᠭᠤᠳ ᠢ ᠡᠳᠦᠷ ᠲᠤᠲᠤᠮ ᠬᠥᠳᠡᠯᠦᠩᠭᠦᠢ ᠬᠠᠳᠠᠭᠠᠯᠠᠨ ᠬᠠᠮᠠᠭᠠᠯᠠᠬᠤ ᠤᠴᠢᠷ ᠠᠴᠠ ᠳᠡᠭᠡᠷ᠎ᠡ ᠱᠠᠲᠤᠨ ᠤ ᠰᠠᠯᠠᠭ᠎ᠠ ᠮᠥᠴᠢᠷ ᠰᠢᠰᠲ᠋ᠧᠮ ᠢᠶᠠᠷ ᠳᠡᠮᠵᠢᠨ | ᠳ᠋ᠠᠶᠢᠲ᠋ᠠ ᠰᠢᠭᠤᠳ ᠣᠯᠬᠤ ᠪᠣᠯᠵᠤ ᠂ ᠦᠨᠳᠦᠰᠦᠨ ᠱᠠᠲᠤᠨ ᠤ ᠬᠦᠨᠦᠰᠦᠭ ᠮᠡᠳᠡᠭᠦᠯᠬᠦ ᠳᠤ ᠵᠠᠷᠤᠴᠠᠭᠤᠯᠬᠤ ᠴᠠᠭ ᠢ ᠨᠢ ᠶᠡᠭᠡ ᠪᠠᠷ ᠪᠠᠭᠠᠰᠬᠠᠪᠠ ᠃ ︾ ᠭᠡᠵᠦ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳ᠋ᠠᠶᠢᠲ᠋ᠠ ᠶᠢᠨ ᠡᠬᠢ ᠪᠠᠶᠠᠯᠢᠭ ᠤᠨ | ᠭᠠᠵᠠᠷ ᠤᠨ ᠬᠠᠷᠢᠭᠤᠴᠠᠯᠭᠠᠲᠠᠨ ᠳᠠᠶᠢᠴᠢᠨ ᠲᠠᠨᠢᠯᠴᠠᠭᠤᠯᠵᠠᠢ ᠃ | ᠣᠶᠢᠯᠠᠭᠠᠭᠰᠠᠨ ᠢᠶᠠᠷ ᠂ ᠮᠠᠨ ᠤ ᠣᠷᠣᠨ ᠡᠯ᠎ᠡ ᠲᠤᠷᠰᠢᠯᠲᠠ ᠶᠢᠨ ᠴᠡᠭ ᠤᠨ ᠭᠠᠵᠠᠷ ᠣᠷᠣᠨ ᠨᠤᠭᠤᠳ ᠤᠨ ︽ ᠦᠨᠳᠦᠰᠦᠨ ᠳ᠋ᠠᠶᠢᠲ᠋ᠠ ᠬᠥᠮᠥᠷᠭᠡ ︾ ᠪᠠᠶᠢᠭᠤᠯᠬᠤ | ᠵᠢᠴᠢ ︽ ᠨᠡᠪᠲᠡᠷᠬᠡᠢ ᠬᠦᠨᠦᠰᠦᠭ ︾ ᠬᠡᠷᠡᠭᠯᠡᠭᠡᠨ ᠤ ᠰᠢᠰᠲ᠋ᠧᠮ ᠢ ᠰᠦᠯᠵᠢᠶᠡᠨ ᠳᠤ ᠣᠷᠣᠭᠤᠯᠬᠤ ᠵᠡᠷᠭᠡ ᠠᠵᠢᠯ ᠢ ᠲᠦᠷᠭᠡᠳᠬᠡᠨ ᠠᠬᠢᠭᠤᠯᠤᠨ᠎ᠠ ᠃ ᠲᠤᠷᠰᠢᠯᠲᠠ ᠶᠢᠨ | ᠴᠡᠭ ᠲᠤ ᠪᠣᠯᠪᠠᠰᠤᠷᠠᠩᠭᠤᠢ ᠪᠣᠯᠤᠭᠰᠠᠨ ᠤ ᠳᠠᠷᠠᠭ᠎ᠠ ᠂ ᠵᠢᠯ ᠤᠨ ᠡᠴᠦᠰ ᠲᠤ ᠪᠦᠭᠦ ᠣᠷᠣᠨ ᠤ ᠡᠯ᠎ᠡ ᠭᠠᠵᠠᠷ ᠲᠤ ᠪᠦᠭᠦ ᠲᠠᠯ᠎ᠠ ᠪᠠᠷ ᠳᠡᠯᠭᠡᠷᠡᠭᠦᠯᠬᠦ ᠪᠣᠯᠣᠨ᠎ᠠ ᠃ | |