| | ᠣᠶᠢᠷ᠎ᠠ ᠶᠢᠨ ᠵᠢᠯ ᠠᠴᠠ ᠨᠠᠭᠠᠰᠢ ᠂ ᠵᠡᠭᠦᠨᠭᠠᠷ ᠬᠤᠰᠢᠭᠤ ᠲᠣᠭᠠᠴᠢᠯᠠᠭᠰᠠᠨ ᠂ ᠣᠶᠤᠨᠴᠢᠯᠠᠭᠰᠠᠨ ᠂ ᠪᠣᠬᠢᠷᠲᠤᠯ ᠦᠭᠡᠢ ᠬᠥᠭᠵᠢᠯᠲᠡ ᠶᠢᠨ ᠴᠢᠭᠯᠡᠯ ᠢ ᠡᠵᠡᠮᠳᠡᠵᠦ ᠂ | ᠠᠵᠤ ᠦᠢᠯᠡᠰ ᠤᠨ ᠣᠶᠤᠨᠴᠢᠯᠠᠭᠰᠠᠨ ᠂ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠂ ᠲᠣᠭᠠᠴᠢᠯᠠᠭᠰᠠᠨ ᠠᠵᠤ ᠠᠬᠤᠢ ᠪᠣᠯᠣᠨ ᠠᠵᠤ | ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ ᠪᠠᠶᠢᠨ᠎ᠠ᠃ | ᠣᠷᠳᠣᠰ ᠬᠤᠳᠠ ᠶᠢᠨ ᠭᠦᠸᠧ ᠶᠤᠸᠠᠨ ᠠᠭᠤᠷᠬᠠᠢ ᠶᠢᠨ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠯᠦᠩ ᠸᠠᠩ ᠭᠧᠦ | ᠨᠡᠭᠦᠷᠡᠰᠦᠨ ᠠᠭᠤᠷᠬᠠᠢ ᠳᠤ ᠂ ᠣᠶᠤᠨᠴᠢᠯᠠᠭᠰᠠᠨ ᠠᠭᠤᠷ ᠠᠮᠢᠰᠬᠤᠯ ᠢᠶᠠᠷ ᠪᠢᠯᠬᠠᠨ᠎ᠠ᠃ ᠣᠨᠴᠠ ᠵᠤᠵᠠᠭᠠᠨ ᠨᠡᠭᠦᠷᠡᠰᠦᠨ ᠳᠠᠪᠬᠤᠷᠭ᠎ᠠ ᠶᠢᠨ ᠶᠡᠷᠦᠩᠬᠡᠶᠢᠯᠡᠨ ᠲᠠᠯᠪᠢᠵᠤ | ᠠᠵᠢᠯᠯᠠᠬᠤ AI ᠣᠶᠤᠨᠴᠢ ᠰᠡᠷᠡᠯ ᠤᠨ ᠲᠠᠪᠴᠠᠩ ᠂ ᠣᠶᠤᠨᠴᠢ ᠠᠴᠢᠶᠠᠯᠠᠯᠳᠠ ᠂ ᠣᠶᠤᠨᠴᠢ ᠬᠥᠮᠥᠷᠭᠡᠯᠡᠯᠲᠡ ᠵᠡᠷᠭᠡ ᠳᠤ ᠂ ᠺᠣᠮᠫᠠᠨᠢ ᠠᠴᠠ ᠤᠷᠢᠳ ᠬᠤᠵᠢᠳ 11 | ᠲᠦᠷᠦᠯ ᠤᠨ 98 ᠲᠣᠭᠠᠴᠢᠯᠠᠭᠰᠠᠨ ᠣᠶᠤᠨᠴᠢᠯᠠᠭᠰᠠᠨ ᠰᠢᠰᠲ᠋ᠧᠮ ᠢ ᠪᠠᠶᠢᠭᠤᠯᠵᠤ ᠂ ᠨᠡᠭᠦᠷᠡᠰᠦ ᠮᠠᠯᠲᠠᠬᠤ ᠮᠠᠰᠢᠨ᠂ ᠮᠠᠯᠲᠠᠭᠤᠷ ᠮᠠᠰᠢᠨ᠂ ᠵᠠᠩᠭᠤᠤ ᠰᠢᠷᠤᠭᠳᠤ ᠰᠠᠤᠷᠢ | ᠲᠡᠷᠭᠡ᠂ ᠴᠠᠭᠳᠠᠨ ᠪᠠᠶᠢᠴᠠᠭᠠᠬᠤ ᠮᠠᠰᠢᠨ ᠬᠥᠮᠥᠨ ᠵᠡᠷᠭᠡ ᠬᠤᠳᠳᠤᠭ ᠳᠣᠣᠷᠠᠬᠢ ᠨᠡᠬᠦᠳᠡᠯ ᠲᠤᠨᠤᠭ ᠲᠥᠬᠦᠭᠡᠷᠦᠮᠵᠢ ᠶᠢᠨ 5G ᠶᠢ ᠲᠣᠣᠷᠵᠢᠭᠤᠯᠬᠤ ᠵᠢᠴᠢ ᠠᠵᠤ | ᠦᠢᠯᠡᠳᠪᠦᠷᠢ ᠶᠢᠨ ᠲᠠᠯᠠᠪᠤᠷ ᠤᠨ ᠬᠡᠷᠡᠭᠯᠡᠯᠲᠡ ᠶᠢ ᠪᠡᠶᠡᠯᠡᠭᠦᠯᠵᠦ ᠂ ᠪᠦᠬᠦ ᠠᠭᠤᠷᠬᠠᠢ ᠶᠢᠨ ᠣᠶᠤᠨᠴᠢᠯᠠᠭᠰᠠᠨ ᠬᠡᠮᠵᠢᠶ᠎ᠡ 91% ᠠᠴᠠ ᠳᠡᠭᠡᠭᠰᠢ ᠪᠤᠯᠵᠤ ᠂ ︽ | ᠮᠠᠰᠢᠨ ᠢᠶᠠᠷ ᠬᠥᠮᠥᠨ ᠢ ᠰᠣᠯᠢᠬᠤ ᠂ ᠠᠦ᠋ᠲ᠋ᠣᠴᠢᠯᠠᠯᠲᠠ ᠪᠠᠷ ᠬᠥᠮᠥᠨ ᠢ ᠬᠠᠰᠤᠬᠤ ᠂ ᠣᠶᠤᠨᠴᠢᠯᠠᠯᠳᠠ ᠪᠠᠷ ᠬᠥᠮᠥᠨ ᠦᠭᠡᠢ ᠪᠤᠯᠭᠠᠬᠤ ︾ ᠬᠠᠷᠠᠯᠲᠠ ᠶᠢ | ᠦᠨᠳᠦᠰᠦᠨ ᠳᠡᠭᠡᠨ ᠪᠡᠶᠡᠯᠡᠬᠦᠯᠵᠡᠢ᠃ | | ︽ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠵᠠᠰᠠᠭ ᠤᠨ ᠣᠷᠳᠣᠨ ᠤ ᠢᠯᠡᠳᠬᠡᠯ ᠳᠤ ᠂ ᠵᠣᠬᠢᠶᠠᠮᠠᠯ ᠤᠶᠤᠨ ᠴᠢᠳᠠᠪᠤᠷᠢ + ᠠᠵᠢᠯᠯᠠᠭ᠎ᠠ ᠬᠡᠬᠦ ᠶᠢ | ᠳᠤᠷᠠᠳᠴᠠᠢ ᠂ ᠡᠨᠡ ᠨᠢ ᠵᠣᠬᠢᠶᠠᠮᠠᠯ ᠤᠶᠤᠨ ᠴᠢᠳᠠᠪᠤᠷᠢ ᠨᠢᠭᠡᠨᠲᠡ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠴᠢᠬᠤᠯᠠ ᠬᠥᠳᠡᠯᠭᠡᠭᠦᠷ ᠪᠣᠯᠤᠭᠰᠠᠨ ᠢ | ᠬᠠᠷᠠᠭᠤᠯᠵᠤ ᠂ ᠮᠠᠨ ᠤ ᠨᠡᠭᠦᠷᠡᠰᠦᠨ ᠠᠭᠤᠷᠬᠠᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠯᠡᠬᠦ ᠳᠤ | ᠦᠨᠳᠦᠰᠦᠨ ᠵᠢᠷᠤᠮᠯᠠᠯ ᠬᠠᠩᠭᠠᠵᠠᠢ ᠃ ᠲᠠᠷᠠᠭᠠᠴᠢ ᠶᠢᠨ ᠠᠯᠬᠤᠮ ᠳᠤ ᠂ ᠪᠢᠳᠡ ᠵᠣᠬᠢᠶᠠᠮᠠᠯ ᠤᠶᠤᠨ ᠴᠢᠳᠠᠪᠤᠷᠢ ᠶᠢᠨ ᠠᠮᠤᠷ ᠲᠦᠪᠰᠢᠨ ᠢᠶᠠᠷ ᠨᠡᠭᠦᠷᠡᠰᠦ ᠮᠠᠯᠲᠠᠬᠤ ᠂ | ᠠᠭᠤᠳᠠᠯᠯᠠᠬᠤ ᠵᠡᠷᠭᠡ ᠬᠡᠷᠡᠭᠯᠡᠭᠡᠨ ᠤ ᠲᠠᠯᠠᠪᠤᠷ ᠲᠠᠬᠢ ᠰᠤᠳᠤᠯᠭᠠᠨ ᠤ ᠬᠡᠷᠡᠭᠯᠡᠯᠲᠡ ᠶᠢᠨ ᠡᠷᠴᠢᠮ ᠢ ᠴᠢᠩᠭᠠᠷᠠᠭᠤᠯᠵᠤ ᠂ ᠵᠣᠬᠢᠶᠠᠮᠠᠯ ᠤᠶᠤᠨ ᠴᠢᠳᠠᠪᠤᠷᠢ ᠶᠢᠨ ᠬᠥᠮᠥᠨ ᠢ | ᠴᠥᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠂ ᠠᠮᠤᠷ ᠢ ᠬᠠᠮᠠᠭᠠᠯᠠᠬᠤ ᠳᠤ ᠦᠵᠡᠭᠦᠯᠬᠦ ᠭᠤᠣᠯᠯᠠᠬᠤ ᠴᠢᠬᠤᠯᠠ ᠦᠢᠯᠡᠳᠦᠯ ᠢ ᠪᠠᠳᠠᠷᠠᠭᠤᠯᠵᠤ ᠂ ᠵᠣᠬᠢᠶᠠᠮᠠᠯ | ᠤᠶᠤᠨ ᠴᠢᠳᠠᠪᠤᠷᠢ ᠪᠠᠷ ᠠᠭᠤᠷᠬᠠᠢ ᠶᠢᠨ ᠬᠤᠳᠳᠤᠭ ᠤᠨ ᠠᠶᠤᠯᠭᠦᠢ ᠦᠢᠯᠡᠳᠪᠦᠷᠢᠯᠡᠯ ᠳᠤ ᠦᠨᠡᠨ ᠬᠦ ᠴᠢᠳᠠᠪᠤᠷᠢ ᠣᠯᠭᠤᠵᠤ ᠂ ᠪᠢᠳᠡᠨ ᠤ ᠵᠣᠯ ᠵᠢᠷᠭᠠᠯᠲᠤ ᠠᠵᠤ | ᠠᠬᠤᠶᠢᠯᠠᠯ ᠢ ᠪᠦᠲᠦᠭᠡᠨ ᠪᠠᠶᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠨ᠎ᠠ ︾ ᠭᠡᠵᠦ ᠣᠷᠳᠣᠰ ᠬᠤᠳᠠ ᠶᠢᠨ ᠭᠦᠸᠧ ᠶᠤᠸᠠᠨ ᠠᠭᠤᠷᠬᠠᠢ ᠶᠢᠨ ᠦᠢᠯᠡᠰ ᠤᠨ | ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠯᠦᠩ ᠸᠠᠩ ᠭᠧᠦ ᠨᠡᠭᠦᠷᠡᠰᠦᠨ ᠠᠭᠤᠷᠬᠠᠢ ᠶᠢᠨ ᠣᠶᠤᠨᠴᠢ ᠬᠤᠯᠪᠣᠭ᠎ᠠ ᠶᠢᠨ ᠳᠡᠳ᠋ ᠡᠵᠡᠨᠳᠡᠨ ᠶᠠᠩ | ᠳ᠋ᠧ ᠵᠦᠩ ᠶᠠᠷᠢᠨ᠎ᠠ᠃ | ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠬᠦ ᠳᠤ ᠂ ᠵᠢᠯ ᠤᠨ ᠭᠠᠷᠤᠯᠲᠠ ᠨᠢ 600 ᠲᠦᠮᠡᠨ | ᠬᠦᠨᠳᠦ ᠬᠠᠶᠢᠷᠴᠠᠭ ᠤᠨ ᠴᠢᠨᠠᠷ ᠰᠠᠶᠢᠲᠠᠢ ᠣᠨᠴᠠ ᠲᠦᠷᠦᠯ ᠤᠨ ᠣᠶᠤᠨᠴᠢ ᠲᠣᠭᠠᠴᠢᠯᠠᠭᠰᠠᠨ ᠦᠢᠯᠡᠳᠪᠦᠷᠢᠯᠡᠯ ᠤᠨ ᠱᠤᠭᠤᠮ ᠨᠢ ᠰᠢᠨᠵᠢᠯᠡᠬᠦ ᠤᠬᠠᠭᠠᠨ | ᠮᠡᠷᠭᠡᠵᠢᠯ ᠤᠨ ᠷᠢᠳᠢ ᠰᠢᠳᠢ ᠶᠢ ᠭᠠᠶᠢᠬᠠᠭᠤᠯᠤᠨ᠎ᠠ᠃ ᠠᠳᠡ ᠨᠢᠭᠡ ᠲᠠᠯ᠎ᠠ ᠪᠠᠷ ᠲᠡᠷᠢᠭᠦᠨ ᠤ ᠮᠧᠬᠠᠨᠢᠭ ᠭᠠᠷ ᠬᠤᠷᠤᠮᠬᠠᠨ ᠵᠠᠭᠤᠷ᠎ᠠ ᠬᠡᠷᠴᠢᠭᠰᠡᠨ ᠤ ᠳᠠᠷᠠᠭᠠᠬᠢ ᠰᠢᠯ ᠢ | ᠪᠠᠶᠢᠷᠢᠨ ᠳᠤᠨᠢ ᠪᠤᠴᠠᠭᠠᠵᠤ ᠳᠠᠯᠪᠢᠨ᠎ᠠ᠃ ᠨᠦᠭᠦᠭᠡ ᠲᠠᠯ᠎ᠠ ᠪᠠᠷ ᠦᠢᠯᠡᠳᠪᠦᠷᠢᠯᠡᠯ ᠤᠨ ᠱᠤᠭᠤᠮ ᠤᠨ ᠳᠤᠮᠳᠠ ᠡᠵᠡᠮᠰᠢᠯᠲᠦ ᠶᠡᠭᠡ ᠲᠠᠷᠢᠬᠢ ᠨᠢ ᠦᠢᠯᠡᠳᠪᠦᠷᠢᠯᠡᠯ ᠤᠨ | ᠱᠤᠭᠤᠮ ᠤᠨ ᠵᠠᠩᠭᠢᠯᠠᠭ᠎ᠠ ᠶᠢᠨ ᠭᠤᠭᠴᠤᠭ᠎ᠠ ᠳᠤ ᠴᠠᠭ ᠲᠤᠬᠠᠢ ᠳᠤᠨᠢ ᠬᠢᠨᠠᠨ ᠬᠡᠮᠵᠢᠯᠲᠡ ᠬᠢᠵᠦ ᠂ ᠬᠠᠶᠢᠯᠤᠭᠤᠯᠬᠤ ᠂ ᠭᠠᠯ ᠢ ᠪᠠᠭᠤᠷᠠᠭᠤᠯᠬᠤ ᠠᠴᠠ ᠰᠠᠯᠭᠠᠨ | ᠤᠭᠰᠠᠷᠠᠬᠤ ᠂ ᠪᠣᠭᠤᠳᠠᠯᠯᠠᠬᠤ ᠬᠦᠷᠲᠡᠯ᠎ᠡ᠂ ᠣᠶᠤᠨᠴᠢᠯᠠᠭᠰᠠᠨ ᠦᠢᠯᠡᠳᠪᠦᠷᠢᠯᠡᠯ ᠨᠢ ᠦᠢᠯᠡᠳᠪᠦᠷᠢᠯᠡᠯ ᠤᠨ ᠭᠤᠭᠴᠤᠭ᠎ᠠ ᠨᠢᠭᠡᠪᠦᠷᠢ ᠳᠤ ᠪᠠᠷᠤᠭ ᠨᠡᠪᠴᠢᠨ ᠣᠷᠣᠵᠤ ᠂ | ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠵᠡᠮᠰᠢᠯ ᠨᠢ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ | | ︽ ᠪᠢᠳᠡ ᠪᠣᠯ ᠨᠢᠭᠡ ᠵᠤᠭᠤᠷᠢ ᠬᠤᠶᠠᠷ ᠱᠤᠭᠤᠮ ᠤᠨ ᠦᠢᠯᠡᠳᠪᠦᠷᠢᠯᠡᠯ ᠳᠤ ᠬᠠᠷᠢᠶᠠᠯᠠᠭᠳᠠᠵᠤ ᠂ ᠬᠠᠭᠠᠰ ᠠᠦ᠋ᠲ᠋ᠣᠴᠢᠯᠠᠭᠰᠠᠨ ᠣᠶᠤᠨ ᠴᠢᠳᠠᠪᠤᠷᠢ ᠶᠢ | ᠦᠨᠳᠦᠰᠦᠨ ᠳᠡᠭᠡᠨ ᠪᠡᠶᠡᠯᠡᠭᠦᠯᠵᠡᠢ ᠂ ᠵᠦᠪᠭᠡᠨ ᠲᠤᠭ᠎ᠠ ᠪᠠᠷᠢᠮᠲᠠ ᠶᠢ ᠰᠠᠶᠢᠲᠤᠷ ᠣᠷᠣᠭᠤᠯᠳᠠᠭ ᠯᠠ ᠶᠤᠮ ᠪᠤᠯ ᠂ ᠡᠳᠦᠷ ᠪᠦᠷᠢ ᠶᠢᠨ ᠦᠷ᠎ᠡ ᠪᠦᠲᠦᠮᠵᠢ ᠶᠡᠭᠡ ᠪᠠᠷ | ᠳᠡᠭᠡᠭᠰᠢᠯᠡᠵᠦ ᠴᠢᠳᠠᠨ᠎ᠠ ᠂ ᠰᠢᠯ ᠨᠢ ᠭᠡᠯᠪᠡᠷᠢᠵᠢᠬᠦ ᠠᠴᠠ ᠪᠤᠭᠤᠳᠠᠯᠯᠠᠬᠤ ᠬᠦᠷᠳᠡᠯ᠎ᠠ ᠂ ᠰᠢᠯ ᠤᠨ ᠶᠠᠰᠤ ᠴᠢᠨᠠᠷ ᠨᠡᠩ ᠰᠠᠶᠢᠨ ᠪᠣᠯᠵᠤ ᠂ ᠭᠡᠷᠴᠢᠭᠰᠡᠨ ᠶᠡᠭᠡ ᠪᠠᠭ᠎ᠠ ᠂ | ᠥᠨᠴᠥᠭ ᠪᠣᠯᠣᠨ ᠬᠡᠮ ᠬᠡᠮᠵᠢᠶ᠎ᠡ ᠨᠡᠩ ᠨᠠᠷᠢᠨ ᠣᠨᠣᠪᠴᠢᠲᠠᠶ ᠪᠣᠯᠵᠤ ᠴᠢᠳᠠᠨ᠎ᠠ ︾ ᠭᠡᠵᠦ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠡᠯᠲᠡᠰ ᠤᠨ ᠠᠯᠪᠠᠨ ᠭᠡᠷ ᠤᠨ ᠳᠡᠳ᠋ ᠡᠷᠬᠢᠯᠡᠭᠴᠢ ᠵᠧᠦ ᠷᠦᠢ ᠶᠠᠷᠢᠨ᠎ᠠ᠃ | ᠵᠧᠦ ᠷᠦᠢ ᠲᠠᠨᠢᠯᠴᠠᠭᠤᠯᠬᠤ ᠳᠠᠭᠠᠨ ᠂ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠰᠢᠯ ᠤᠨ ᠳᠡᠭᠡᠳᠦ | ᠳᠣᠣᠷᠠᠳᠤ ᠭᠡᠯᠬᠢᠶᠠᠨ ᠤ ᠠᠵᠤ ᠦᠢᠯᠡᠰ ᠤᠨ ᠬᠡᠯᠬᠢᠶ᠎ᠡ ᠶᠢ ᠬᠦᠨᠵᠡᠭᠡᠢ ᠬᠦᠭᠵᠢᠬᠦᠯᠬᠦ ᠪᠠᠷ ᠴᠢᠷᠮᠠᠶᠢᠵᠤ ᠪᠠᠶᠢᠨ᠎ᠠ ᠂ ᠣᠳᠣᠬᠠᠨ ᠳᠤ ᠨᠢᠭᠡᠳᠦᠭᠡᠷ ᠬᠤᠭᠤᠴᠠᠭᠠᠨ ᠤ | ᠬᠥᠪᠥᠮᠡᠯ ᠰᠢᠯ ᠤᠨ ᠬᠤᠶᠠᠷ ᠦᠢᠯᠡᠳᠪᠦᠷᠢᠯᠡᠯ ᠤᠨ ᠱᠤᠭᠤᠮ ᠠᠰᠢᠭᠯᠠᠯᠲᠠ ᠳᠤ ᠣᠷᠣᠵᠠᠢ ᠂ ᠡᠭᠦᠨ ᠤ ᠬᠠᠮᠳᠤ ᠳᠡᠭᠡᠳᠦ ᠭᠡᠯᠬᠢᠶᠠᠨ ᠤ ᠥᠭᠡᠬᠦᠨ ᠴᠢᠯᠠᠭᠤᠯᠢᠭ ᠡᠯᠡᠰᠦ ᠂ | ᠳᠣᠣᠷᠠᠳᠤ ᠭᠡᠯᠬᠢᠶᠠᠨ ᠤ ᠰᠢᠯ ᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠠᠷ ᠤᠨ ᠴᠢᠮᠡᠭᠡ ᠪᠠᠶᠢᠨ ᠳᠠᠬᠢᠨ ᠳᠤᠭᠤᠯᠳᠠᠵᠤ | ᠪᠠᠶᠢᠨ᠎ᠠ ᠃ ︽ ᠪᠡᠯᠡᠳᠭᠡᠯ ᠲᠠᠢ ᠪᠤᠯ ᠪᠠᠯᠠᠳᠠᠬᠤ ᠦᠭᠡᠢ︾ ᠭᠡᠳᠡᠭ ᠢᠶᠠᠷ ᠪᠡᠯᠡᠳᠭᠡᠯ ᠢᠶᠠᠨ ᠰᠠᠶᠢᠳᠤᠷ ᠬᠢᠮᠡᠨᠵᠢᠨ ᠰᠠᠶ᠋ᠢ ᠥᠪᠡᠷ ᠤᠨ ᠰᠢᠨ᠎ᠡ ᠳᠠᠪᠠᠭᠤᠯᠢᠭ ᠲᠠᠯ᠎ᠠ ᠪᠠᠨ | ᠬᠤᠷᠠᠮᠳᠤᠭᠤᠯᠵᠤ ᠴᠢᠳᠠᠨ᠎ᠠ᠃ ᠬᠤᠶᠢᠰᠢᠳᠠ ᠂ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠣᠶᠤᠨᠴᠢᠯᠠᠭᠰᠠᠨ | ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠦᠢᠯᠡᠳᠪᠦᠷᠢᠯᠡᠯ᠂ ᠡᠵᠡᠩᠨᠡᠯᠲᠡ᠂ ᠬᠠᠮᠢᠶᠠᠷᠤᠯᠲᠠ᠂ ᠰᠢᠢᠳᠪᠦᠷᠢᠲᠦ ᠪᠣᠳᠣᠯᠭ᠎ᠠ ᠶᠢᠨ ᠦᠷ᠎ᠡ ᠪᠦᠲᠦᠮᠵᠢ | ᠪᠣᠯᠣᠨ ᠬᠢᠷᠢ ᠲᠦᠪᠰᠢᠨ ᠢ ᠳᠡᠭᠡᠭᠰᠢᠯᠡᠭᠦᠯᠵᠦ ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠪᠣᠯᠣᠨ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠵᠦ ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ ᠂ ᠤᠮᠠᠷᠠᠲᠤ ᠶᠢᠨ ᠬᠠᠮᠤᠭ ᠤᠨ ᠲᠣᠮᠣ ᠰᠢᠯᠢᠳᠡᠭ ᠣᠨᠴᠠ | ᠲᠦᠷᠦᠯ ᠤᠨ ᠰᠢᠯ ᠤᠨ ᠠᠯᠳᠠᠨ ᠦᠰᠦᠭᠲᠦ ᠫᠠᠶᠢᠰᠠ ᠶᠢ ᠭᠡᠷᠡᠯᠳᠦᠬᠦᠯᠦᠨ᠎ᠠ ᠭᠡᠬᠦ ᠶᠤᠮ ᠃ | | | ︽ᠵᠠᠰᠠᠭ ᠤᠨ ᠣᠷᠳᠣᠨ ᠤ ᠢᠯᠡᠳᠬᠡᠯ ᠳᠤ ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠭᠦᠨᠵᠡᠭᠡᠶᠢᠷᠡᠭᠦᠯᠵᠦ ᠂ | ᠵᠣᠬᠢᠶᠠᠮᠠᠯ ᠤᠶᠤᠨ ᠴᠢᠳᠠᠪᠤᠷᠢ ᠪᠠ ᠠᠵᠢᠯᠯᠠᠭ᠎ᠠ ᠶᠢ ᠥᠷᠨᠢᠭᠦᠯᠵᠦ ᠂ ᠳᠡᠯᠡᠬᠡᠢ ᠳᠤ ᠥᠷᠢᠰᠦᠯᠳᠦᠬᠦ ᠬᠦᠴᠦᠨ ᠪᠦᠬᠦᠢ ᠲᠣᠭᠠᠴᠢᠯᠠᠭᠰᠠᠨ ᠠᠵᠤ ᠦᠢᠯᠡᠰ ᠤᠨ | ᠰᠦᠷᠦᠭᠵᠢᠯ ᠢ ᠴᠣᠭᠴᠠᠯᠠᠨ᠎ᠠ ᠭᠡᠵᠦ ᠵᠢᠭᠠᠵᠤ ᠭᠠᠷᠭᠠᠵᠠᠢ ᠂ ᠡᠨᠡ ᠨᠢ ᠮᠠᠨ ᠤ ᠠᠵᠤ ᠠᠬᠤᠶᠢᠯᠠᠯ ᠤᠨ ᠬᠥᠭᠵᠢᠯᠲᠡ ᠳᠤ ᠮᠠᠰᠢ ᠰᠠᠶᠢᠨ ᠵᠢᠯᠣᠭᠤᠳᠤᠯᠭ᠎ᠠ ᠲᠠᠢ ᠶᠤᠮ᠃ | ᠳᠠᠷᠠᠭᠠᠴᠢ ᠶᠢᠨ ᠠᠯᠬᠤᠮ ᠳᠤ ᠂ ᠪᠢᠳᠠ ᠲᠤᠨᠤᠭ ᠲᠥᠬᠦᠭᠡᠷᠦᠮᠵᠢ ᠶᠢ ᠳᠠᠰᠤᠷᠠᠯᠳᠠ ᠦᠭᠡᠢ ᠲᠡᠰ ᠳᠡᠪᠰᠢᠭᠦᠯᠦᠨ ᠰᠢᠨᠡᠳᠬᠡᠵᠦ ᠂ ᠪᠦᠷᠢᠨ ᠠᠦ᠋ᠲ᠋ᠣᠴᠢᠯᠠᠯᠲᠠ᠂ ᠪᠦᠷᠢᠨ | ᠣᠶᠤᠨᠴᠢᠯᠠᠯᠲᠠ ᠶᠢ ᠡᠷᠲᠡᠬᠡᠨ ᠪᠡᠶᠡᠯᠡᠭᠦᠯᠵᠦ ᠂ ᠰᠠᠭᠠᠳ ᠦᠭᠡᠢ ᠰᠢᠯ ᠤᠨ ᠦᠢᠯᠡᠳᠪᠦᠷᠢᠯᠡᠯ ᠤᠨ ᠱᠤᠭᠤᠮ ᠢ ᠨᠡᠩ ᠰᠠᠶᠢᠲᠤᠷ ᠴᠣᠭᠴᠠᠯᠠᠵᠤ ᠂ ᠬᠠᠮᠤᠭ ᠤᠨ ᠡᠨᠧᠷᠭᠢ | ᠠᠷᠪᠢᠯᠠᠳᠠᠭ ᠂ ᠠᠶᠢᠵᠠᠮ ᠴᠣᠬᠢᠯᠭ᠎ᠠ ᠪᠠᠷ ᠬᠠᠮᠤᠭ ᠤᠨ ᠲᠦᠷᠭᠡᠨ ᠣᠶᠤᠨᠴᠢ ᠲᠣᠭᠠᠴᠢᠯᠠᠭᠰᠠᠨ ᠰᠢᠯ ᠤᠨ ᠦᠢᠯᠡᠳᠪᠦᠷᠢᠯᠡᠯ ᠤᠨ ᠱᠤᠭᠤᠮ ᠢ ᠡᠭᠦᠳᠦᠨ ᠪᠦᠲᠦᠭᠡᠬᠦ ᠪᠠᠷ | ᠲᠥᠯᠥᠪᠯᠡᠵᠦ ᠪᠠᠶᠢᠨ᠎ᠠ︾ ᠭᠡᠵᠦ ᠵᠧᠦ ᠷᠦᠢ ᠶᠠᠷᠢᠨ᠎ᠠ᠃ | ᠨᠢᠭᠡ ᠬᠤᠳᠠ ᠶᠢᠨ ᠬᠥᠭᠵᠢᠯᠲᠡ ᠨᠢ ᠠᠵᠤ ᠦᠢᠯᠡᠰ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠠᠵᠤ ᠦᠢᠯᠡᠰ ᠬᠥᠭᠵᠢᠪᠡᠯ ᠠᠵᠤ ᠠᠬᠤᠢ | ᠬᠥᠭᠵᠢᠵᠦ ᠂ ᠠᠵᠤ ᠦᠢᠯᠡᠰ ᠰᠢᠯᠢᠳᠡᠭᠵᠢᠪᠡᠯ ᠬᠥᠳᠡᠯᠭᠡᠬᠦ ᠬᠦᠴᠦᠨ ᠭᠦᠢᠴᠡᠳ ᠪᠣᠯᠣᠨ᠎ᠠ᠃ ᠣᠳᠣᠬᠠᠨ ᠳᠤ ᠂ ᠵᠡᠭᠦᠨᠭᠠᠷ ᠬᠤᠰᠢᠭᠤ ᠶᠠᠭ ᠣᠶᠤᠨᠴᠢᠯᠠᠯᠲᠠ ᠪᠠᠷ | ᠵᠢᠯᠣᠭᠤᠳᠤᠮᠵᠢ ᠪᠣᠯᠭᠠᠵᠤ ᠂ ᠠᠵᠤ ᠦᠢᠯᠡᠰ ᠤᠨ ᠣᠶᠤᠨᠴᠢᠯᠠᠯᠲᠠ ᠂ ᠲᠣᠭᠠᠴᠢᠯᠠᠯᠲᠠ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ | ᠠᠬᠢᠭᠤᠯᠵᠤ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ ᠃ | | | |