| ᠣᠶᠢᠷ᠎ᠠ ᠶᠢᠨ ᠵᠢᠯ ᠠᠴᠠ ᠨᠠᠭᠠᠰᠢ ᠂ ᠵᠡᠭᠦᠨᠭᠠᠷ ᠬᠤᠰᠢᠭᠤ ︽ ᠬᠤᠪᠢ ᠨᠡᠮᠡᠷᠢ ᠦᠵᠡᠭᠦᠯᠬᠦ ᠂ ᠬᠠᠶᠢᠷ᠎ᠠ ᠬᠠᠯᠠᠮᠵᠢ ᠲᠠᠢ ᠪᠠᠶᠢᠬᠤ ᠂ ᠬᠠᠷᠢᠯᠴᠠᠨ ᠬᠠᠪᠰᠤᠷᠤᠯᠴᠠᠬᠤ ᠂ | ᠤᠷᠤᠬᠰᠢᠯᠠᠨ ᠲᠠᠪᠰᠢᠬᠤ ︾ ᠰᠠᠶᠢᠨ ᠳᠤᠷ᠎ᠠ ᠶᠢᠨ ᠦᠢᠯᠡᠴᠢᠯᠡᠭᠡᠨ ᠤ ᠤᠨᠤᠯᠵᠢᠬᠤᠨ ᠢᠶᠠᠷ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭᠠᠨ ᠤ ᠲᠠᠪᠴᠠᠩ ᠢ | ᠢᠳᠡᠪᠬᠢᠲᠡᠢ ᠪᠤᠢ ᠪᠤᠯᠭᠠᠵᠦ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠲᠠᠰᠤᠷᠠᠯᠲᠠ ᠦᠭᠡᠢ ᠦᠷᠬᠡᠳᠬᠡᠨ ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠪᠦᠷᠬᠦᠴᠡ ᠶᠢ ᠥᠷᠭᠡᠳᠭᠡᠵᠦ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠭᠦᠨᠵᠡᠭᠡᠢ ᠠᠬᠢᠭᠤᠯᠤᠨ ᠂ ᠪᠣᠯᠪᠠᠰᠤᠨ ᠤ ᠴᠡᠴᠡᠬᠡᠰ ᠢ ᠭᠠᠵᠠᠷ | ᠪᠦᠬᠦᠨ᠎ᠠ ᠲᠡᠯᠬᠡᠷᠡᠬᠦᠯᠪᠡ ᠃ ᠡᠨᠡ ᠬᠡᠳᠦᠨ ᠡᠳᠦᠷ ᠂ ᠵᠡᠭᠦᠨᠭᠠᠷ ᠬᠤᠰᠢᠭᠤᠨ ᠤ ᠠᠨᠳᠠ ᠠᠪᠤᠷᠠᠨ ᠲᠤᠰᠠᠯᠠᠬᠤ ᠠᠩᠭᠢ ᠶᠧᠦ ᠢ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠡᠾᠧ ᠲᠠᠢ ᠨᠡᠶᠢᠭᠡᠮ ᠲᠣᠭᠤᠷᠢᠭ ᠲᠤ ᠰᠡᠳᠬᠢᠯ ᠰᠡᠳᠬᠢᠯ ᠢᠶᠠᠨ ᠬᠤᠯᠪᠣᠭᠰᠠᠨ ︽ ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠵᠤ ᠂ ᠤᠯᠤᠰ | ᠭᠡᠷ ᠤᠨ ᠬᠠᠶᠢᠷ᠎ᠠ ᠰᠡᠳᠭᠢᠯᠭᠡ ᠪᠠᠨ ᠤᠯᠠᠮᠵᠢᠯᠠᠬᠤ ︾ ᠵᠢᠴᠢ ᠬᠦᠷᠰᠢ ᠵᠡᠷᠭᠡᠯᠡᠳᠡᠭᠡ ᠶᠢᠨ ᠪᠠᠶᠠᠷ ᠤᠨ ᠭᠤᠣᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠦᠷᠨᠢᠬᠦᠯᠦᠭᠰᠡᠨ ᠳᠤ ᠂ ᠰᠠᠶᠢᠨ ᠲᠤᠷᠠᠴᠤᠳ ᠲᠤᠰ ᠪᠡᠶ᠎ᠡ ᠶᠢᠨ ᠳᠠᠪᠠᠭᠤᠯᠢᠭ ᠪᠠ ᠤᠷ᠎ᠠ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠂ ᠠᠯᠪᠠᠨ ᠵᠢᠷᠤᠮ | ᠤᠨ ᠦᠰᠦ ᠬᠠᠶᠢᠴᠢᠯᠠᠬᠤ ᠂ ᠠᠯᠪᠠᠨ ᠵᠢᠷᠤᠮ ᠤᠨ ᠡᠮᠴᠢᠯᠡᠭᠡ ᠬᠢᠬᠦ ᠂ ᠭᠡᠷ ᠤᠨ ᠵᠢᠵᠢᠭ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ ᠵᠡᠷᠭᠡ ᠠᠷᠠᠳ ᠲᠤ ᠠᠰᠢᠭ | ᠬᠦᠷᠲᠡᠭᠡᠬᠦ ᠦᠢᠯᠡᠴᠢᠯᠡᠭᠡ ᠶᠢ ᠰᠠᠭᠤᠭᠠᠯᠢ ᠠᠷᠠᠳ ᠤᠨ ᠡᠭᠦᠳᠡᠨ ᠳᠤ ᠨᠢ ᠬᠦᠷᠬᠡᠵᠡᠢ ᠃ | | ︽ ᠲᠤᠰ ᠠᠵᠢᠯᠯᠠᠭ᠎ᠠ ᠶᠢ ᠮᠠᠰᠢ ᠰᠠᠶᠢᠨ ᠡᠷᠭᠢᠯᠡᠵᠦ ᠂ ᠪᠢᠳᠡᠨ ᠳᠤ ᠮᠠᠰᠢ ᠶᠡᠭᠡ ᠬᠠᠪᠰᠤᠷᠤᠯᠭ᠎ᠠ ᠲᠡᠮᠵᠢᠯᠬᠡ ᠦᠵᠡᠬᠦᠯᠦᠯᠠ ᠂ ᠰᠠᠭᠤᠭᠠᠯᠢ ᠠᠷᠠᠳ ᠪᠢᠳᠠᠨ ᠢ | ᠬᠠᠯᠠᠮᠵᠢᠯᠠᠨ ᠬᠠᠶᠢᠷᠠᠯᠠᠵᠤ ᠪᠠᠶᠢᠬᠤ ᠪᠠᠨ ᠦᠨᠡᠨ ᠬᠦ ᠢᠯᠡᠷᠡᠭᠦᠯᠵᠡᠶ ︾ ᠭᠡᠵᠦ ᠰᠠᠭᠤᠭᠠᠯᠢ ᠠᠷᠠᠳ ᠵᠧᠨ ᠰᠢᠤ ᠬᠤᠢ ᠶᠠᠷᠢᠨ᠎ᠠ ᠃ | ᠵᠡᠭᠦᠨᠭᠠᠷ ᠬᠤᠰᠢᠭᠤᠨ ᠤ ᠠᠨᠳᠠ ᠠᠪᠤᠷᠠᠨ ᠲᠤᠰᠠᠯᠠᠬᠤ ᠠᠩᠭᠢ 2017 ᠣᠨ ᠳᠤ ᠪᠠᠶᠢᠭᠤᠯᠤᠭᠳᠠᠵᠤ ᠂ ᠤᠳᠤ ᠨᠢᠬᠡᠨᠳᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ 3 ᠠᠶᠢᠮᠠᠭ ᠬᠤᠲᠠ ︵ ᠬᠥᠬᠡᠬᠤᠲᠠ ᠪᠤᠭᠤᠲᠤ ᠣᠷᠳᠣᠰ ︶ ᠳᠤ ᠡᠷᠬᠡ ᠤᠯᠭᠤᠬᠰᠠᠨ10 ᠰᠠᠯᠪᠤᠷᠢ ᠠᠪᠤᠷᠠᠨ ᠲᠤᠰᠠᠯᠠᠬᠤ ᠠᠩᠭᠢ ᠶᠢ ᠪᠠᠶᠢᠭᠤᠯᠵᠤ ᠂ | ᠪᠦᠬᠦ ᠤᠯᠤᠰ ᠲᠤ ᠲᠡᠪᠳᠡᠷᠯᠡᠬᠦᠯᠵᠦ ᠳᠠᠩᠰᠠᠯᠠᠭᠤᠯᠤᠭᠰᠠᠨ ᠰᠠᠶᠢᠨ ᠲᠤᠷᠠᠴᠤᠳ ᠨᠢ 3000 ᠭᠠᠷᠤᠢ ᠨᠡᠷ᠎ᠡ ᠪᠠᠶᠢᠵᠤ ᠂ ᠡᠬᠦᠨ ᠳᠤ 800 ᠭᠠᠷᠤᠢ ᠰᠠᠶᠢᠨ | ᠲᠤᠷᠠᠴᠤᠳ ᠨᠢ ᠲᠤᠰᠬᠠᠢ ᠮᠡᠷᠭᠡᠵᠢᠯ ᠤᠨ ᠠᠪᠤᠷᠠᠨ ᠲᠤᠰᠠᠯᠠᠬᠤ ᠪᠣᠯᠪᠠᠰᠤᠷᠠᠯ ᠪᠠ ᠬᠡᠷᠡᠴᠢᠯᠡᠭᠡ ᠪᠠᠷ ᠲᠠᠮᠵᠢᠵᠡᠢ ᠃ ᠲᠡᠳᠠ ᠭᠤᠣᠯᠳᠠᠭᠤ ᠠᠭᠤᠯᠠ ᠬᠡᠬᠡᠷ᠎ᠠ ᠲᠠᠯ᠎ᠠ ᠶᠢᠨ | ᠠᠪᠤᠷᠠᠨ ᠲᠤᠰᠠᠯᠠᠬᠤ ᠂ ᠬᠤᠲᠠ ᠶᠢᠨ ᠠᠪᠤᠷᠠᠨ ᠲᠤᠰᠠᠯᠠᠬᠤ ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠂ ᠲᠣᠮᠣ ᠬᠡᠯᠪᠡᠷᠢ ᠶᠢᠨ ᠣᠯᠠᠨ ᠲᠦᠮᠡᠨᠴᠢ | ᠴᠢᠨᠠᠷᠲᠠᠢ ᠠᠵᠢᠯᠯᠠᠭ᠎ᠠ ᠶᠢ ᠪᠠᠳᠤᠯᠠᠬᠤ ᠵᠡᠷᠭᠡ ᠶᠢ ᠥᠷᠨᠢᠭᠦᠯᠵᠦ ᠂ ᠡᠭᠦᠨ ᠤ ᠲᠠᠭᠠᠤ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠂ ᠭᠡᠷ ᠤᠨ ᠭᠠᠳᠠᠨᠠᠬᠢ | ᠠᠮᠤᠷ ᠲᠦᠪᠰᠢᠨ ᠪᠠ ᠠᠶᠤᠯ ᠠᠴᠠ ᠲᠦᠷᠬᠡᠨ ᠵᠠᠶᠢᠯᠠᠭᠤᠯᠬᠤ ᠮᠡᠳᠡᠯᠭᠡ ᠶᠢ ᠲᠦᠭᠡᠮᠡᠯᠵᠢᠭᠦᠯᠬᠦ ᠪᠣᠯᠪᠠᠰᠣᠷᠠᠯ ᠬᠢᠵᠦ ᠂ ᠠᠶᠤᠯ ᠲᠦᠭᠰᠢᠭᠦᠷᠢ ᠶᠢ ᠰᠢᠢᠳᠪᠤᠷᠢᠯᠡᠬᠦ ᠵᠢᠴᠢ | ᠤᠷᠢᠳᠴᠢᠯᠠᠨ ᠰᠡᠷᠭᠡᠶᠢᠯᠡᠬᠦ ᠰᠠᠭᠤᠷᠢᠨ ᠳᠡᠭᠡᠷ᠎ᠡ ᠪᠠᠶᠢᠭᠤᠯᠤᠬᠳᠠᠬᠰᠠᠨ ᠨᠢᠬᠡᠨ ᠶᠡᠷᠦᠩᠬᠡᠶᠢᠯᠡᠭᠰᠡᠨ ᠴᠢᠨᠠᠷᠲᠠᠢ ᠠᠷᠠᠳ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠢᠰᠲ᠋ᠧᠮ ᠪᠤᠯᠤᠨ᠎ᠠ ᠃ ᠠᠪᠤᠷᠠᠨ ᠲᠤᠰᠠᠯᠠᠬᠤ ᠠᠩᠭᠢ ᠪᠠᠶᠢᠭᠤᠯᠤᠭᠳᠠᠭᠰᠠᠨ ᠠᠴᠠ ᠨᠠᠭᠠᠰᠢ ᠂ ᠬᠦ᠋ ᠶᠡᠩ ᠤᠨ ᠦᠶᠡᠷ ᠲᠠᠢ ᠲᠡᠮᠡᠴᠡᠵᠦ ᠠᠶᠤᠯ ᠠᠴᠠ | ᠠᠪᠤᠷᠠᠬᠤ ᠂ ᠬᠢᠵᠢᠭ ᠤᠨ ᠪᠠᠶᠢᠳᠠᠯ ᠢ ᠠᠷᠭᠠᠴᠠᠬᠤ ᠂ ᠾᠧᠨᠠᠨ ᠤ ᠦᠶᠡᠷ ᠲᠠᠢ ᠲᠡᠮᠡᠴᠡᠬᠦ ᠳᠤ ᠣᠷᠣᠯᠴᠠᠵᠤ ᠂ ᠵᠢᠯ ᠪᠦᠷᠢ ᠶᠢᠨ ᠠᠪᠤᠷᠠᠨ ᠲᠤᠰᠠᠯᠠᠬᠰᠠᠨ ᠬᠡᠷᠡᠭ ᠤᠨ | ᠵᠢᠱᠢᠶ᠎ᠡ 1000 ᠶᠢ ᠲᠠᠪᠠᠪᠠ ᠃ | | ︽ ᠬᠤᠶᠢᠰᠢᠳᠠ ᠪᠢᠳᠡ ᠰᠠᠶᠢᠨ ᠳᠤᠷ᠎ᠠ ᠶᠢᠨ ᠦᠢᠯᠡᠴᠢᠯᠡᠭᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠩ ᠤᠯᠠᠨ | ᠲᠦᠷᠦᠯ ᠵᠦᠢᠯ ᠢ ᠨᠡᠭᠡᠭᠡᠨ ᠬᠥᠭᠵᠢᠭᠦᠯᠦᠨ᠎ᠡ ᠃ ᠡᠨᠡ ᠵᠢᠯ ᠪᠢᠳᠡ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢ ᠥᠷᠨᠢᠭᠦᠯᠵᠦ ᠂ ᠰᠠᠭᠤᠭᠠᠯᠢ ᠲᠣᠭᠤᠷᠢᠭ ᠨᠢᠭᠡᠪᠦᠷᠢ ᠳᠤ ᠵᠠᠮ ᠱᠤᠭᠤᠮ ᠤᠨ ᠠᠪᠤᠷᠠᠨ ᠲᠤᠰᠠᠯᠠᠬᠤ ᠪᠠ ᠲᠦᠷᠭᠡᠨ ᠠᠪᠤᠷᠠᠬᠤ ᠲᠥᠬᠦᠭᠡᠷᠦᠮᠵᠢ | ᠲᠤᠬᠢᠷᠠᠭᠤᠯᠵᠦ ᠂ ᠨᠠᠩ ᠣᠯᠠᠨ ᠰᠠᠭᠤᠭᠠᠯᠢ ᠠᠷᠠᠳ ᠲᠤ ᠦᠢᠯᠡᠴᠢᠯᠡᠭᠡ ᠬᠦᠷᠳᠡᠬᠡᠨ᠎ᠠ ᠃ ᠨᠠᠩ ᠤᠯᠠᠨ ᠬᠠᠶᠢᠷ᠎ᠠ ᠬᠠᠯᠠᠮᠵᠢ ᠬᠦᠷᠬᠡᠬᠦ ᠬᠦᠮᠦᠰ ᠮᠠᠨ ᠤ ᠡᠩᠨᠡᠬᠡᠨ ᠳᠤ | ᠤᠷᠤᠵᠦ ᠂ ᠨᠠᠩ ᠤᠯᠠᠨ ᠬᠦᠮᠦᠰ ᠲᠤ ᠲᠡᠮᠵᠢᠯᠬᠡ ᠦᠵᠡᠬᠦᠯᠬᠦ ᠶᠢ ᠬᠦᠰᠡᠵᠦ ᠪᠠᠶᠢᠨ᠎ᠠ ︾ ᠬᠡᠵᠦ ᠵᠠᠬᠦᠠᠭᠠᠷ ᠬᠤᠰᠢᠭᠤᠨ ᠤ ᠠᠨᠳᠠ ᠠᠪᠤᠷᠠᠨ ᠲᠤᠰᠠᠯᠠᠬᠤ ᠠᠩᠭᠢ ᠶᠢᠨ | ᠲᠠᠷᠤᠭ᠎ᠠ ᠬᠠᠨ ᠸᠧᠶ ᠶᠠᠷᠢᠨ᠎ᠠ ᠃ | ᠳ᠋ᠠ ᠯᠦ ᠪᠠᠯᠭᠠᠰᠤᠨ ᠤ ᠰᠢᠶᠤᠤ ᠲᠠᠨ ᠽᠢ ᠲᠣᠰᠬᠤᠨ ᠤ ᠬᠠᠲᠤᠨ ᠭᠤᠣᠯ ᠤᠨ ᠱᠤᠭᠤᠮ ᠳᠠᠭᠠᠤ ᠂ ᠵᠡᠭᠦᠨᠭᠠᠷ ᠬᠤᠰᠢᠭᠤᠨ ᠤ ᠴᠠᠭ ᠠᠭᠤᠷ ᠤᠨ ᠲᠣᠪᠴᠢᠶ᠎ᠠ ᠶᠢᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠡᠵᠢ ᠭᠤᠣᠯ ᠢᠶᠠᠨ ᠬᠠᠮᠠᠭᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ ᠃ ᠠᠵᠢᠯᠯᠠᠭᠠᠨ ᠤ | ᠠᠬᠤᠢ ᠲᠠᠯᠠᠪᠠᠶ ᠳᠤ ᠂ ᠰᠠᠶᠢᠨ ᠲᠤᠷᠠᠴᠤᠳ ᠬᠠᠪᠴᠢᠭᠤᠷ ᠂ ᠬᠤᠭ ᠰᠠᠪᠠᠯᠠᠬᠤ ᠤᠭᠤᠲᠠ ᠵᠡᠷᠭᠡ ᠪᠠᠭᠠᠵᠢ ᠬᠡᠷᠡᠭᠰᠡᠯ ᠢ ᠠᠪᠴᠤ ᠂ ᠦᠨᠴᠦᠭ ᠪᠤᠯᠤᠩ ᠨᠢᠭᠡᠪᠦᠷᠢ ᠂ | ᠢᠯᠠᠩᠭᠤᠶ᠎ᠠ ᠡᠪᠡᠰᠦᠨ ᠲᠤᠳᠤᠷ᠎ᠠ ᠂ ᠭᠤᠤᠯ ᠤᠨ ᠬᠠᠰᠢᠯᠭ᠎ᠠ ᠶᠢᠨ ᠵᠦᠯᠭᠡ ᠨᠢᠭᠡᠪᠦᠷᠢ ᠪᠠᠷ ᠬᠢᠨᠠᠮᠠᠭᠠᠢ ᠪᠠᠶᠢᠴᠠᠭᠠᠵᠤ ᠂ ᠢᠯᠡᠷᠡᠬᠦᠯᠦᠭᠰᠡᠨ ᠪᠦᠬᠦᠨ ᠢᠶᠠᠨ ᠠᠷᠢᠯᠭᠠᠨ | ᠴᠡᠪᠡᠷᠯᠡᠵᠦ ᠠᠷᠢᠭᠤᠨ ᠴᠡᠪᠡᠷ ᠢ ᠪᠠᠳᠤᠯᠠᠪᠠ ᠃ ᠨᠢᠬᠡᠨ ᠬᠡᠰᠡᠭ ᠬᠤᠭᠤᠴᠠᠭ᠎ᠠ ᠪᠤᠯᠬᠤ ᠪᠦᠷᠢ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠨᠢᠭᠡ ᠤᠳᠠᠭᠠᠨ ᠤ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ︽ ᠯᠸᠢ | ᠹᠧᠩ ᠤᠨ ᠵᠣᠷᠢᠭ ᠰᠠᠨᠠᠭ᠎ᠠ ︾ ᠶᠢ ᠴᠢᠷᠮᠠᠶᠢᠨ ᠦᠢᠯᠡᠳᠦᠯᠭᠡᠵᠢᠭᠦᠯᠵᠦ ᠂ ᠵᠦᠪ ᠡᠨᠧᠷᠬᠢ ᠶᠢ ᠲᠦᠬᠡᠬᠡᠳᠡᠭ ᠪᠠᠶᠢᠨ᠎ᠠ ᠃ | | ︽ ᠵᠡᠭᠦᠨᠭᠠᠷ ᠬᠤᠰᠢᠭᠤᠨ ᠤ ᠴᠠᠭ ᠠᠭᠤᠷ ᠤᠨ ᠲᠣᠪᠴᠢᠶ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠭᠤᠤᠯᠳᠠᠭᠤ ᠨᠡᠶᠢᠭᠡᠮ ᠲᠣᠭᠤᠷᠢᠭ ᠲᠠᠢ | ᠬᠠᠮᠲᠤ ᠪᠠᠷ ᠪᠠᠶᠢᠭᠤᠯᠬᠤ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠪᠡᠰᠦᠪᠡᠨ ᠵᠣᠬᠢᠶᠠᠨ ᠪᠠᠶᠢᠭᠤᠯᠳᠠᠭ ᠃ ᠵᠢᠱᠢᠶᠡᠯᠡᠪᠡᠯ ᠨᠠᠰᠤᠲᠠᠨ ᠢ | ᠠᠰᠠᠷᠠᠬᠤ ᠬᠦᠷᠢᠶᠡᠯᠡᠩ ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠵᠢᠴᠢ ᠨᠡᠶᠢᠭᠡᠮ ᠲᠣᠭᠤᠷᠢᠭ ᠵᠡᠷᠬᠡ ᠪᠠᠷ ᠬᠦᠷᠴᠦ ᠦᠢᠯᠡᠴᠢᠯᠡᠭᠡᠨ ᠤ ᠠᠵᠢᠯᠯᠠᠭ᠎ᠠ | ᠦᠷᠨᠢᠬᠦᠯᠳᠡᠭ ᠃ ᠬᠤᠶᠢᠰᠢᠳᠠ ᠪᠢᠳᠡ ᠦᠨᠳᠦᠰᠦᠨ ᠱᠠᠲᠤᠨ ᠳᠤ ᠬᠦᠷᠴᠦ ᠂ ᠴᠠᠭ ᠠᠭᠤᠷ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠂ ᠪᠣᠯᠪᠠᠰᠤᠨ | ᠬᠤᠳᠠ ᠶᠢᠨ ᠪᠦᠳᠦᠭᠡᠨ ᠪᠠᠶᠢᠭᠤᠯᠤᠯᠲᠠ ᠂ ᠨᠠᠰᠤᠲᠠᠨ ᠢᠶᠠᠨ ᠬᠦᠨᠳᠦᠯᠡᠵᠦ ᠨᠠᠰᠤᠳᠠᠨ ᠢᠶᠠᠨ ᠬᠠᠶᠢᠷᠠᠯᠠᠬᠤ ᠂ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ | ᠠᠭᠤᠯᠭ᠎ᠠ ᠶᠢᠨ ᠲᠣᠭᠤᠷᠢᠨ ᠳᠤ ᠂ ᠪᠠᠶᠠᠯᠢᠭ ᠰᠠᠶᠢᠬᠠᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠥᠷᠨᠢᠭᠦᠯᠵᠦ ᠂ ᠤᠯᠠᠨ ᠲᠦᠮᠡᠨ ᠳᠤ ᠨᠡᠩ ᠰᠠᠶᠢᠨ | ᠦᠢᠯᠡᠴᠢᠯᠡᠨ᠎ᠡ ︾ ᠭᠡᠵᠦ ᠵᠠᠬᠦᠠᠭᠠᠷ ᠬᠤᠰᠢᠭᠤᠨ ᠤ ᠴᠠᠭ ᠠᠭᠤᠷ ᠤᠨ ᠬᠤᠷᠢᠶ᠎ᠠ ᠶᠢᠨ ᠲᠠᠷᠤᠭ᠎ᠠ ᠵᠠᠩ ᠮᠢᠨ ᠶᠠᠷᠢᠨ᠎ᠠ ᠃ | | ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤᠨ ᠳᠤ ᠯᠧᠢ ᠹᠧᠩ ᠠᠴᠠ ᠲᠠᠭᠠᠨ ᠰᠤᠷᠤᠯᠴᠠᠬᠤ ᠨᠢᠬᠡ ᠪᠦᠯᠦᠭ ᠰᠠᠶᠢᠨ ᠲᠤᠷᠠᠴᠤᠳ ᠴᠣᠯᠭᠤᠷᠠᠨ ᠭᠠᠷᠴᠤ ᠂ | ᠲᠡᠳᠡ ᠠᠮᠢᠳᠤᠷᠠᠯ ᠳᠤᠮᠳᠠ ᠪᠠᠨ ᠨᠡᠩ ᠣᠯᠠᠨ ᠬᠥᠮᠦᠰ ᠢ ᠲᠠᠭᠠᠭᠤᠯᠤᠨ ᠲᠠᠶᠢᠴᠢᠯᠠᠵᠦ ᠯᠧᠢ ᠹᠧᠩ ᠠᠴᠠ ᠲᠠᠭᠠᠨ ᠰᠤᠷᠤᠯᠴᠠᠬᠤ ᠰᠠᠶᠢᠨ ᠳᠤᠷ᠎ᠠ ᠶᠢᠨ | ᠦᠢᠯᠡᠴᠢᠯᠡᠭᠡ ᠶᠢᠨ ᠠᠵᠢᠯᠯᠠᠭ᠎ᠠ ᠳᠠᠭᠠᠨ ᠲᠠᠳᠠᠨ ᠣᠷᠣᠯᠴᠠᠭᠤᠯᠵᠤ ᠂ ᠪᠣᠯᠪᠠᠰᠤᠨ ᠤ ᠴᠡᠴᠡᠬᠡᠰ ᠢ ᠭᠠᠵᠠᠷ ᠪᠦᠬᠦᠨ᠎ᠠ ᠲᠡᠯᠬᠡᠷᠡᠬᠦᠯᠦᠨᠠ ᠃ | | |