| | ᠤᠷᠢᠬᠠᠨ ᠬᠠᠪᠤᠷ ᠡᠬᠡ ᠭᠠᠵᠠᠷ ᠲᠤ ᠰᠠᠭᠠᠳᠠᠵᠤ ᠂ ᠲᠦᠮᠡᠨ ᠪᠣᠳᠠᠰ ᠳᠦᠯᠵᠢᠨ ᠠᠮᠢᠯᠠᠨ᠎ᠠ᠃ 3 ᠰᠠᠷ᠎ᠠ ᠶᠢᠨ 22 ᠤᠨ ᠡᠳᠦᠷ ᠂ ᠵᠡᠭᠦᠨᠭᠠᠷ ᠬᠤᠰᠢᠭᠤᠨ ᠤ 2024 | ᠣᠨ ᠤ ︽ ᠬᠠᠶᠢᠷ᠎ᠠ ᠬᠠᠯᠠᠮᠵᠢ ᠶᠢᠨ ᠢᠨᠵᠧᠨᠧᠷᠢᠩ ︾ ᠵᠢᠩᠬᠢᠨᠢ ᠪᠠᠷ ᠡᠬᠢᠯᠡᠪᠡ ᠃ | ᠵᠡᠭᠦᠨᠭᠠᠷ ᠬᠤᠰᠢᠭᠤ ᠰᠢᠲᠠᠮᠠᠬᠠᠢ ᠬᠡᠢ ᠶᠢᠨ ᠬᠤᠭᠤᠯᠠᠢ ᠲᠣᠣᠷ ᠢ ᠰᠢᠨ᠎ᠡ ᠪᠠᠷ ᠪᠦᠳᠤᠭᠡᠨ ᠪᠠᠶᠢᠭᠤᠯᠬᠤ ᠲᠦᠷᠦᠯ ᠵᠦᠢᠯ ᠢ ᠡᠬᠢᠯᠡᠭᠦᠯᠵᠦ ᠂ ᠲᠤᠰ ᠲᠦᠷᠦᠯ ᠵᠦᠢᠯ ᠤᠨ | ᠶᠡᠷᠦᠩᠬᠡᠢ ᠪᠡᠯᠡ ᠣᠷᠣᠭᠤᠯᠤᠯᠲᠠ ᠨᠢ 100 ᠲᠦᠮᠡᠨ ᠲᠥᠭᠦᠷᠢᠭ ᠪᠠᠶᠢᠵᠤ ᠂ ᠰᠢᠲᠠᠮᠠᠬᠠᠢ ᠬᠡᠢ ᠶᠢᠨ ᠬᠤᠭᠤᠯᠠᠢ ᠳᠤᠤᠷ ᠢ1.08 ᠺᠢᠯᠤᠮᠧᠲᠷ ᠪᠦᠳᠤᠭᠡᠨ ᠪᠠᠶᠢᠭᠤᠯᠬᠤ | ᠶᠢ ᠪᠡᠶᠡᠯᠡᠭᠦᠯᠵᠦ ᠂ ᠰᠢᠤᠸᠠᠢ ᠵᠢᠶᠠ ᠸᠠᠨ ᠪᠣᠯᠣᠨ ᠳ᠋ᠠ ᠯᠦ ᠰᠢᠨ᠎ᠡ ᠲᠣᠭᠤᠷᠢᠭ ᠤᠨ ᠪᠠᠷᠤᠭ 6 ᠲᠦᠮᠡᠨ ᠡᠷᠦᠬᠡ ᠶᠢᠨ ᠰᠠᠭᠤᠭᠠᠯᠢ ᠠᠷᠠᠳ ᠤᠨ ᠰᠢᠳᠠᠮᠠᠬᠠᠢ ᠬᠡᠢ | ᠭᠡᠷᠡᠭᠯᠡᠬᠦ ᠬᠤᠭᠤᠯᠠᠢ ᠳᠤᠤᠷ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ᠪᠠᠷ ᠪᠤᠢ᠃ | | | ᠵᠡᠭᠦᠨᠭᠠᠷ ᠬᠤᠰᠢᠭᠤ ᠰᠢᠤᠸᠠᠢ ᠵᠢᠶᠠ ᠸᠠᠨ ᠬᠤᠲᠠ ᠶᠢᠨ ᠶᠠᠪᠤᠳᠠᠯ ᠤᠨ ᠲᠣᠭᠤᠷᠢᠭ ᠤᠨ ᠢᠯᠴᠢ ᠬᠠᠩᠭᠠᠬᠤ ᠭᠤᠣᠯ ᠬᠠᠮᠢᠶᠠᠷᠤᠯᠲᠠ ᠶᠢᠨ ᠲᠣᠣᠷ ᠢ ᠦᠭᠡᠷᠡᠴᠢᠯᠡᠬᠦ | ᠲᠥᠷᠥᠯ ᠵᠦᠢᠯ ᠤᠨ ᠠᠵᠢᠯ ᠢ ᠡᠬᠢᠯᠡᠭᠦᠯᠵᠦ ᠂ ᠪᠦᠸᠧ ᠯᠢ ᠭᠸᠤ ᠠᠴᠠ ᠯᠦᠩ ᠸᠠᠩ ᠭᠧᠦ ᠶᠡᠭᠡ ᠬᠥᠭᠦᠷᠭᠡ ᠬᠦᠷᠬᠦ ᠢᠯᠴᠢ ᠬᠠᠩᠭᠠᠬᠤ ᠶᠢ ᠭᠤᠣᠯᠯᠠᠨ ᠬᠠᠮᠢᠶᠠᠷᠬᠤ | ᠲᠣᠣᠷ ᠂ ᠳ᠋ᠦᠩ ᠬᠤᠸᠠ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠶᠢ ᠭᠤᠣᠯᠯᠠᠨ ᠬᠠᠮᠢᠶᠠᠷᠬᠤ ᠲᠣᠣᠷ ᠂ ᠶᠢᠨ ᠽᠤᠸᠠᠨ ᠰᠠᠭᠤᠭᠠᠯᠢ ᠲᠣᠭᠤᠷᠢᠭ ᠤᠨ ᠢᠯᠴᠢ | ᠰᠣᠯᠢᠯᠴᠠᠬᠤ ᠥᠷᠲᠡᠭᠡ ᠠᠴᠠ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠶᠢ ᠭᠤᠣᠯᠯᠠᠨ ᠬᠠᠮᠢᠶᠠᠷᠬᠤ ᠲᠣᠣᠷ ᠂ ᠵᠡᠭᠦᠨᠭᠠᠷ ᠪᠠᠷᠠᠭᠤᠨ ᠵᠡᠭᠡᠯᠢ ᠶᠢᠨ ᠱᠢ ᠵᠢᠢ | ᠳᠤᠮᠳᠠᠳᠤ ᠰᠤᠷᠭᠠᠭᠤᠯᠢ ᠶᠢᠨ ᠪᠠᠷᠠᠭᠤᠨ ᠡᠮᠦᠨ᠎ᠡ ᠥᠨᠴᠥᠭ ᠠᠴᠠ ᠱᠧᠩ ᠯᠢ ᠪᠦᠯᠦᠭᠯᠡᠯ ᠤᠨ ᠡᠭᠦᠳᠡᠨ ᠡᠮᠦᠨᠡᠬᠢ ᠢᠯᠴᠢ ᠬᠠᠩᠭᠠᠬᠤ ᠶᠢ ᠭᠤᠣᠯᠯᠠᠨ ᠬᠠᠮᠢᠶᠠᠷᠬᠤ | ᠲᠣᠣᠷ ᠂ ᠢ ᠰᠢᠨ ᠰᠠᠭᠤᠭᠠᠯᠢ ᠲᠣᠭᠤᠷᠢᠭ ᠤᠨ ᠢᠯᠴᠢ ᠰᠣᠯᠢᠯᠴᠠᠬᠤ ᠥᠷᠲᠡᠭᠡ ᠠᠴᠠ ᠢ ᠰᠢᠨ AB ᠲᠣᠭᠤᠷᠢᠭ ᠤᠨ ᠢᠯᠴᠢ ᠬᠠᠩᠭᠠᠬᠤ ᠶᠢ ᠭᠤᠣᠯᠯᠠᠨ | ᠬᠠᠮᠢᠶᠠᠷᠬᠤ ᠲᠣᠣᠷ ᠢ ᠦᠭᠡᠷᠡᠴᠢᠯᠡᠵᠤ ᠂ ᠥᠭᠡᠷᠡᠴᠢᠯᠡᠨ ᠵᠠᠰᠠᠬᠤ ᠣᠷᠳᠣ ᠶᠢᠨ ᠬᠡᠮᠵᠢᠶ᠎ᠡ ᠨᠢ 2.9 ᠺᠢᠯᠣᠮᠧᠲᠷ ᠪᠠᠶᠢᠵᠤ ᠂ ᠨᠡᠶᠢᠲᠡ 2900 ᠲᠦᠮᠡᠨ | ᠲᠥᠭᠦᠷᠢᠭ ᠤᠨ ᠪᠡᠯᠡ ᠣᠷᠣᠭᠤᠯᠤᠨ᠎ᠠ ᠃ | | | ᠵᠡᠭᠦᠨᠭᠠᠷ ᠬᠤᠰᠢᠭᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠡᠬᠢᠯᠡᠭᠦᠯᠵᠦ ᠂ ᠶᠡᠷᠦᠩᠬᠡᠢ ᠪᠡᠯᠡ ᠣᠷᠣᠭᠤᠯᠤᠯᠲᠠ ᠨᠢ | ᠪᠠᠷᠤᠭ 3.6 ᠳ᠋ᠦᠩᠰᠢᠭᠤᠷ ᠲᠥᠭᠦᠷᠢᠭ ᠲᠤ ᠬᠦᠷᠤᠨ᠎ᠠ᠃ ᠰᠢᠤᠸᠠᠢ ᠵᠢᠶᠠ ᠸᠠᠨ ᠪᠠᠯᠭᠠᠰᠤᠨ ᠤ ᠲᠣᠭᠤᠷᠢᠭ ᠤᠨ 2010 ᠣᠨ ᠠᠴᠠ ᠡᠮᠦᠨ᠎ᠡ ᠪᠠᠶᠢᠭᠤᠯᠤᠭᠰᠠᠨ 21 | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ ᠂ 2010 ᠣᠨ ᠠᠴᠠ ᠰᠡᠭᠦᠯᠡᠷ ᠪᠠᠶᠢᠭᠤᠯᠤᠭᠰᠠᠨ 4 ᠰᠠᠭᠤᠭᠠᠯᠢ ᠲᠣᠭᠤᠷᠢᠭ ︵ᠰᠢᠶᠠᠩ | ᠶᠦᠨᠰᠠᠭᠤᠭᠠᠯᠢ ᠲᠣᠭᠤᠷᠢᠭ ᠂ ᠪᠧᠢ ᠶᠤᠸᠠᠨ ᠵᠡᠭᠦᠨ ᠲᠣᠭᠤᠷᠢᠭ ᠂ ᠪᠧᠢ ᠶᠤᠸᠠᠨ ᠪᠠᠷᠠᠭᠤᠨ ᠲᠣᠭᠤᠷᠢᠭ ᠂ ᠨᠠᠨ ᠶᠤᠸᠠᠨ ᠰᠠᠭᠤᠭᠠᠯᠢ ᠲᠣᠭᠤᠷᠢᠭ︶ ᠤᠨ | ᠬᠠᠮᠢᠶᠠᠷᠤᠯᠲᠠ ᠶᠢᠨ ᠲᠣᠣᠷ ᠢ ᠰᠢᠨᠡᠳᠬᠡᠨ ᠥᠭᠡᠷᠡᠴᠢᠯᠡᠵᠦ ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 7000 ᠲᠦᠮᠡᠨ ᠲᠥᠭᠦᠷᠢᠭ ᠲᠤ ᠬᠦᠷᠦᠨ᠎ᠡ᠃ ᠰᠢᠤᠸᠠᠢ | ᠵᠢᠶᠠ ᠸᠠᠨ ᠤ ᠶᠦᠩ ᠠᠨ ᠰᠠᠭᠤᠭᠠᠯᠢ ᠲᠣᠭᠤᠷᠢᠭ ᠂ ᠶᠠᠪᠠᠭᠠᠨ ᠬᠥᠮᠥᠨ ᠤ ᠣᠷᠣᠨ ᠰᠠᠭᠤᠴᠠ ᠶᠢᠨ ᠠᠰᠠᠷ ᠂ ᠰᠢᠨ ᠶᠤᠸᠠᠨ B ᠲᠣᠭᠤᠷᠢᠭ ᠵᠡᠷᠭᠡ 77 ᠬᠠᠭᠤᠴᠢᠨ | ᠰᠠᠭᠤᠭᠠᠯᠢ ᠲᠣᠭᠤᠷᠢᠭ ︵ ᠭᠠᠭᠴᠠ ᠠᠰᠠᠷ ᠪᠠᠭᠲᠠᠨ᠎ᠠ ︶ ᠤᠨ ᠠᠰᠠᠷ ᠤᠨ ᠳᠣᠲᠣᠷᠠᠬᠢ ᠢᠯᠴᠢ ᠬᠠᠩᠭᠠᠬᠤ ᠬᠤᠭᠤᠯᠠᠢ ᠲᠣᠣᠷ ᠢ ᠦᠭᠡᠷᠡᠴᠢᠯᠡᠨ ᠵᠠᠰᠠᠵᠤ ᠂ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2000 ᠲᠦᠮᠡᠨ ᠲᠥᠭᠦᠷᠢᠭ ᠪᠣᠯᠣᠨ᠎ᠠ ᠃ | | | ᠱᠠᠬᠳᠠᠷ ᠪᠠᠯᠭᠠᠰᠤᠨ ᠤ ᠲᠣᠭᠤᠷᠢᠭ ᠤᠨ ᠢᠯᠴᠢ ᠬᠠᠩᠭᠠᠬᠤ ᠬᠤᠭᠤᠯᠠᠢ ᠲᠣᠣᠷ ᠢ 81.5 ᠺᠢᠯᠣᠮᠧᠲᠷ ᠥᠭᠡᠷᠡᠴᠢᠯᠡᠵᠦ ᠂ ᠡᠭᠦᠨ ᠳᠤ ᠨᠢᠭᠡᠳᠦᠭᠡᠷ ᠲᠣᠣᠷ ᠢ 2.5 | ᠺᠢᠯᠣᠮᠧᠲᠷ ᠥᠭᠡᠷᠡᠴᠢᠯᠡᠵᠦ ᠂ ᠬᠤᠶᠠᠳᠤᠭᠠᠷ ᠲᠣᠣᠷ ᠢ 79 ᠺᠢᠯᠣᠮᠧᠲᠷ ᠥᠭᠡᠷᠡᠴᠢᠯᠡᠵᠦ ᠂ ᠨᠡᠶᠢᠲᠡ 6255 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ ᠃ | ᠡᠭᠦᠨ ᠠᠴᠠ ᠭᠠᠳᠠᠨ᠎ᠠ ᠂ ᠱᠠᠬᠳᠠᠷ ᠪᠠᠯᠭᠠᠰᠤᠨ ᠤ ᠮᠢᠨ ᠯᠧ ᠰᠠᠭᠤᠭᠠᠯᠢ ᠲᠣᠭᠤᠷᠢᠭ ᠂ ᠵᠢᠦ ᠷᠦᠩ ᠰᠠᠭᠤᠭᠠᠯᠢ ᠲᠣᠭᠤᠷᠢᠭ ᠂ ᠵᠢᠩ ᠯᠢ ᠶᠤᠸᠠᠨ ᠰᠠᠭᠤᠭᠠᠯᠢ | ᠲᠣᠭᠤᠷᠢᠭ ᠵᠡᠷᠭᠡ ᠰᠠᠭᠤᠭᠠᠯᠢ ᠲᠣᠭᠤᠷᠢᠭ ᠤᠨ 10 ᠢᠯᠴᠢ ᠰᠣᠯᠢᠯᠴᠠᠬᠤ ᠥᠷᠲᠡᠭᠡ ᠶᠢ ᠰᠠᠶᠢᠵᠢᠷᠠᠭᠤᠯᠤᠨ ᠥᠭᠡᠷᠡᠴᠢᠯᠡᠵᠦ ᠂ ᠨᠡᠶᠢᠲᠡ 1500 ᠲᠦᠮᠡᠨ | ᠲᠥᠭᠦᠷᠢᠭ ᠤᠨ ᠪᠡᠯᠡ ᠣᠷᠣᠭᠤᠯᠤᠨ᠎ᠠ ᠃ | ᠡᠭᠦᠨ ᠠᠴᠠ ᠭᠠᠳᠠᠨ᠎ᠠ ᠂ ᠵᠡᠭᠦᠨᠭᠠᠷ ᠬᠤᠰᠢᠭᠤ ᠢᠳᠡᠭᠡᠨ ᠤᠮᠳᠠᠭᠠᠨ ᠤ ᠲᠠᠯᠠᠪᠤᠷ ᠤᠨ ︽ ᠯᠤᠩᠬᠤᠳᠤ ᠰᠠᠪᠠᠶᠢ ᠬᠤᠭᠤᠯᠠᠢ ᠪᠠᠷ ᠳᠠᠮᠵᠢᠭᠤᠯᠬᠤ ᠪᠣᠯᠭᠠᠨ | ᠥᠭᠡᠷᠡᠴᠢᠯᠡᠬᠦ ︾ ᠲᠥᠷᠥᠯ ᠵᠦᠢᠯ ᠢ ᠬᠡᠷᠡᠭᠵᠢᠭᠦᠯᠬᠦ ᠪᠠᠷ ᠪᠣᠶ ᠃ ︽ ᠵᠠᠰᠠᠭ ᠤᠨ ᠣᠷᠳᠣᠨ ᠬᠥᠲᠥᠯᠥᠨ ᠵᠢᠯᠤᠭᠤᠳᠬᠤ ᠂ ᠰᠢᠲᠠᠭᠠᠯᠭ᠎ᠠ ᠶᠢᠨ ᠠᠵᠤ ᠠᠬᠤᠶᠢᠯᠠᠯ | ᠬᠡᠷᠡᠭᠵᠢᠭᠦᠯᠬᠦ ᠂ ᠬᠡᠷᠡᠭᠯᠡᠭᠴᠢ ᠨᠠᠶᠢᠳᠠᠪᠤᠷᠢᠵᠢᠭᠤᠯᠬᠤ ︾ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠬᠡᠷᠡᠭᠯᠡᠭᠴᠢᠳ ᠤᠨ ᠥᠭᠡᠷᠡᠴᠢᠯᠡᠨ ᠵᠠᠰᠠᠬᠤ ᠥᠪᠡᠷ ᠤᠨ ᠥᠷᠲᠡᠭ ᠢ | ᠪᠠᠭᠤᠷᠠᠭᠤᠯᠵᠤ ᠂ ᠢᠳᠡᠭᠡᠨ ᠤᠮᠳᠠᠭᠠᠨ ᠤ ᠲᠠᠯᠠᠪᠤᠷ ᠭᠠᠵᠠᠷ ᠤᠨ ᠯᠣᠩᠬᠤᠳᠤ ᠰᠠᠪᠠᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠢ ᠬᠡᠷᠡᠭᠯᠡᠬᠦ ᠠᠮᠤᠷ | ᠲᠦᠪᠰᠢᠨ ᠤ ᠳᠠᠯᠳᠠ ᠬᠡᠮ ᠢ ᠤᠯᠠᠮ ᠨᠢᠭᠡ ᠠᠯᠬᠤᠮ ᠠᠷᠢᠯᠭᠠᠵᠤ ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠷᠢ ᠳᠦᠪᠰᠢᠨ ᠢ | ᠪᠦᠲᠦᠮᠵᠢᠲᠡᠶ ᠳᠡᠭᠡᠭᠰᠢᠯᠡᠭᠦᠯᠦᠨ᠎ᠡ ᠃ 2024 ᠣᠨ ᠳᠤ ᠰᠢᠩᠭᠡᠨᠵᠢᠮᠡᠯ ᠬᠡᠢ ᠬᠡᠷᠡᠭᠯᠡᠬᠦ ᠡᠷᠦᠬᠡ ᠶᠢ 200 ᠡᠷᠦᠬᠡ ᠳᠤ ᠬᠦᠷᠭᠡᠬᠦ ᠪᠠᠷ ᠲᠥᠯᠥᠪᠯᠡᠵᠦ ᠂ ᠡᠷᠦᠬᠡ | ᠪᠦᠷᠢ ᠳᠤ ᠳᠤᠮᠳᠠᠴᠢ ᠪᠠᠷ 7500 ᠲᠥᠭᠦᠷᠢᠭ ᠤᠨ ᠨᠥᠬᠦᠪᠦᠷᠢ ᠥᠭᠴᠦ ᠂ ᠨᠡᠶᠢᠲᠡ 150 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ ᠃ | ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠲᠠᠯ᠎ᠠ ᠪᠠᠷ ᠂ ᠬᠤᠲᠠ ᠪᠠᠯᠭᠠᠰᠤᠨ ᠤ ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠭᠤᠣᠯᠳᠠᠯᠭ᠎ᠠ ᠲᠠᠢ ᠲᠥᠷᠥᠯ | ᠵᠦᠢᠯ ᠤᠨ ᠨᠠᠷᠢᠨ ᠬᠠᠭᠤᠳᠠᠰᠤᠨ ᠳᠤ 1 ᠵᠦᠢᠯ ᠢ ᠵᠢᠭᠰᠠᠭᠠᠨ ᠣᠷᠣᠭᠤᠯᠵᠤ ᠂ ᠵᠡᠭᠦᠨᠭᠠᠷ ᠬᠤᠰᠢᠭᠤᠨ ᠤ ᠰᠢᠤᠸᠠᠢ ᠵᠢᠶᠠ ᠸᠠᠨ ᠪᠠᠯᠭᠠᠰᠤ ᠶᠢᠨ ᠤᠰᠤ ᠬᠠᠩᠭᠠᠬᠤ ᠶᠢ | ᠰᠢᠯᠢᠳᠡᠭᠵᠢᠭᠦᠯᠬᠦ ᠢᠨᠵᠧᠨᠧᠷᠢᠩ ᠳᠤ 1224 ᠲᠦᠮᠡᠨ ᠲᠥᠭᠦᠷᠢᠭ ᠤᠨ ᠪᠡᠯᠡ ᠣᠷᠣᠭᠤᠯᠵᠤ ᠂ 5000 ᠪᠣᠰᠤᠭ᠎ᠠ ᠳᠥᠷᠪᠡᠯᠵᠢᠨ ᠮᠧᠲᠷ ᠤᠨ ᠤᠰᠤᠨ ᠴᠥᠭᠦᠷᠥᠮ | ᠵᠢᠴᠢ ᠢᠵᠢ ᠪᠦᠷᠢᠳᠦᠭᠦᠯᠬᠦ ᠳᠦᠬᠦᠭᠡᠷᠤᠮᠵᠢ ᠶᠢ ᠰᠢᠨ᠎ᠡ ᠪᠠᠷ ᠪᠠᠶᠢᠭᠤᠯᠵᠤ ᠂ ᠬᠤᠶᠢᠳᠤ ᠠᠭᠤᠯᠠᠨ ᠤ ᠵᠠᠯᠭᠠᠯᠳᠤᠭᠰᠠᠨ ᠣᠷᠣᠨ ᠤ ᠡᠯ᠎ᠡ ᠤᠰᠤᠨ ᠤ ᠢᠷᠡᠯᠳᠡ ᠶᠢᠨ | ᠭᠠᠵᠠᠷ ᠂ ᠤᠰᠤ ᠲᠦᠭᠡᠭᠡᠬᠦ ᠦᠢᠯᠡᠳᠪᠦᠷᠢ ᠶᠢᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠬᠤᠯᠪᠣᠭᠠᠯᠠᠬᠤ ᠂ ᠬᠠᠷᠢᠯᠴᠠᠨ ᠪᠡᠯᠡᠳᠬᠡᠯ ᠬᠢᠬᠦ ᠶᠢ ᠪᠡᠶᠡᠯᠡᠭᠦᠯᠵᠦ ᠂ ᠤᠰᠤᠨ ᠤ | ᠬᠠᠩᠭᠠᠯᠭ᠎ᠠ ᠶᠢᠨ ᠪᠠᠲᠤᠯᠠᠭ᠎ᠠ ᠶᠢᠨ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠃ ᠱᠢ ᠡᠯ ᠯᠢᠶᠠᠨ ᠴᠧᠩ ᠰᠢᠶᠠᠩ ᠤᠨ ᠤᠰᠤᠨ ᠤ ᠢᠷᠡᠯᠳᠡ ᠶᠢ ᠰᠣᠯᠢᠬᠤ | ᠢᠨᠵᠧᠨᠧᠷᠢᠩ ᠢ ᠬᠡᠷᠡᠭᠵᠢᠭᠦᠯᠬᠦ ᠳᠤ ᠨᠡᠶᠢᠲᠡ 8699 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ ᠃ ᠪᠠᠶᠢᠭᠤᠯᠵᠤ ᠳᠠᠭᠤᠰᠤᠭᠰᠠᠨ ᠤ ᠳᠠᠷᠠᠭ᠎ᠠ ᠱᠢ ᠡᠯ ᠯᠢᠶᠠᠨ | ᠴᠧᠩ ᠰᠢᠶᠠᠩ ᠤᠨ ᠦ᠋ ᠵᠢᠶᠠ ᠶᠣᠣ ᠵᠡᠷᠭᠡ 19 ᠲᠣᠰᠬᠤᠨ ᠤ 2.5 ᠲᠦᠮᠡ ᠰᠢᠬᠠᠮ ᠬᠥᠮᠥᠨ ᠳᠤ ᠠᠰᠢᠭ ᠬᠦᠷᠲᠡᠭᠡᠨ᠎ᠡ ᠃ | ᠵᠡᠭᠦᠨᠭᠠᠷ ᠬᠤᠰᠢᠭᠤ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠭᠰᠠᠭᠠᠷ ᠢᠷᠡᠵᠠᠢ᠃ ᠣᠶᠢᠯᠠᠭᠠᠭᠰᠠᠨ ᠢᠶᠠᠷ ᠂ ᠡᠨᠡ | ᠵᠢᠯ ᠂ ᠣᠷᠳᠣᠰ ᠬᠤᠲᠠ ᠶᠢᠨ ︽ ᠬᠠᠶᠢᠷ᠎ᠠ ᠬᠠᠯᠠᠮᠵᠢ ᠶᠢᠨ ᠢᠨᠵᠧᠨᠧᠷᠢᠩ ︾ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠵᠡᠬᠦᠠᠭᠠᠷ ᠬᠤᠰᠢᠭᠤᠨ ᠤ 10 ᠳᠦᠷᠤᠯ | ᠵᠤᠶᠢᠯ ᠣᠷᠣᠵᠤ ᠂ ᠶᠡᠷᠦᠩᠬᠡᠢ ᠪᠡᠯᠡ ᠣᠷᠣᠭᠤᠯᠤᠯᠲᠠ ᠨᠢ 6.65 ᠳ᠋ᠦᠩᠰᠢᠭᠤᠷ ᠲᠥᠭᠦᠷᠢᠭ ᠪᠣᠯᠣᠨ᠎ᠠ ᠃ ᠡᠭᠦᠨ ᠳᠤ ᠳᠤᠯᠠᠭᠠᠯᠠᠭ᠎ᠠ ᠶᠢᠨ ᠪᠠᠲᠤᠯᠠᠭ᠎ᠠ ᠶᠢᠨ ᠲᠥᠷᠥᠯ | ᠵᠦᠢᠯ 6 ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 5.6 ᠳ᠋ᠦᠩᠰᠢᠭᠤᠷ ᠲᠥᠭᠦᠷᠢᠭ ᠪᠣᠯᠣᠨ᠎ᠠ ︔ ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠲᠥᠷᠥᠯ | ᠵᠦᠢᠯ 2 ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 9923 ᠲᠦᠮᠡᠨ ᠲᠥᠭᠦᠷᠢᠭ ᠪᠣᠯᠣᠨ᠎ᠠ ︔ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ | ᠲᠥᠷᠥᠯ ᠵᠦᠢᠯ 2 ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 250 ᠲᠦᠮᠡᠨ ᠲᠥᠭᠦᠷᠢᠭ ᠪᠣᠯᠣᠨ᠎ᠠ ᠃ | | | |