| | ︽ ᠲᠠ ᠪᠣᠯᠣᠨ ᠪᠤᠰᠤᠳ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠭᠠᠯ ᠰᠡᠷᠭᠡᠶᠢᠯᠡᠵᠤ ᠤᠨᠲᠠᠷᠠᠭᠠᠬᠤ ᠰᠠᠯᠠᠭ᠎ᠠ ᠮᠥᠴᠢᠷ ᠠᠴᠠ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡ ᠶᠢ ᠴᠠᠬᠢᠯᠭᠠᠨ ᠱᠠᠲᠤᠨ ᠳᠤ ᠣᠷᠣᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠢ ᠂ ᠠᠰᠠᠷ ᠤᠨ ᠭᠤᠳᠤᠮᠵᠢᠨ ᠳᠤ ᠣᠷᠣᠭᠤᠯᠬᠤ ᠶᠢ | ᠴᠢᠩᠭ᠎ᠠ ᠴᠠᠭᠠᠵᠠᠯᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ ᠃ ︾ ᠴᠠᠬᠢᠯᠭᠠᠨ ᠱᠠᠲᠤᠨ ᠤ ᠰᠡᠦᠬᠡᠨ ᠬᠠᠶᠢᠷᠴᠠᠭ ᠤᠨ ᠣᠷᠣᠢ ᠳᠤ ᠤᠭᠰᠠᠷᠠᠭᠰᠠᠨ ᠬᠢᠨᠠᠨ | ᠡᠵᠡᠮᠰᠢᠭᠦᠷ ᠤᠨ ᠰᠡᠷᠡᠮᠵᠢ ᠶᠢᠨ ᠳ᠋ᠧᠩ ᠪᠠᠴᠢᠮ ᠲᠦᠷᠭᠡᠨ ᠢᠶᠠᠷ ᠭᠢᠯᠠᠯᠵᠠᠵᠤ ᠂ ᠰᠡᠷᠡᠮᠵᠢ ᠶᠢᠨ ᠦᠭᠡ ᠶᠢ ᠳᠠᠬᠢᠨ ᠳᠠᠪᠲᠠᠨ ᠰᠠᠨᠠᠭᠤᠯᠬᠤ ᠪᠤᠯᠤᠨ᠎ᠠ ᠃ ᠴᠠᠬᠢᠯᠭᠠᠨ ᠱᠠᠲᠤ | ᠡᠭᠦᠳᠡ ᠪᠠᠨ ᠬᠠᠭᠠᠬᠤ ᠶᠢ ︽ ᠲᠡᠪᠴᠢᠨ ︾ ᠂ ᠳᠠᠷᠤᠭᠤᠯ ︽ ᠦᠢᠯᠡᠳᠦᠯ ᠢᠶᠠᠨ ᠠᠯᠳᠠᠵᠤ ︾ ᠂ ᠴᠠᠬᠢᠯᠭᠠᠨ ᠱᠠᠲᠤ ᠠᠵᠢᠯᠯᠠᠬᠤ ᠪᠠᠨ ᠵᠣᠭᠰᠣᠵᠤ ᠂ ᠴᠠᠬᠢᠯᠭᠠᠨ | ᠬᠥᠳᠡᠯᠭᠡᠭᠦᠷᠲᠦ ᠲᠡᠷᠭᠡ ᠴᠠᠬᠢᠯᠭᠠᠨ ᠱᠠᠲᠤ ᠶᠢᠨ ᠥᠷᠥᠭᠡᠨ ᠠᠴᠠ ᠰᠠᠯᠪᠠᠯ ᠂ ᠴᠠᠬᠢᠯᠭᠠᠨ ᠱᠠᠲᠤ ᠰᠠᠶ᠋ᠢ ᠬᠡᠪ ᠤᠨ ᠠᠵᠢᠯᠯᠠᠭ᠎ᠠ ᠪᠠᠨ ᠰᠡᠷᠭᠦᠭᠡᠵᠦ ᠴᠢᠳᠠᠨ᠎ᠠ ᠃ | ᠡᠨᠡ ᠪᠣᠯ ᠣᠶᠢᠷ᠎ᠠ ᠳᠤ ᠵᠡᠭᠦᠨᠭᠠᠷ ᠬᠤᠰᠢᠭᠤᠨ ᠤ ᠬᠡᠷᠡᠭᠵᠢᠭᠦᠯᠦᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ︱ ᠣᠷᠣᠨ | ᠰᠠᠭᠤᠴᠠ ᠶᠢᠨ ᠰᠠᠭᠤᠭᠠᠯᠢ ᠲᠣᠭᠤᠷᠢᠭ ᠤᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠬᠦ ᠲᠥᠬᠦᠭᠡᠷᠦᠮᠵᠢ ᠶᠢ ᠨᠡᠮᠡᠵᠦ ᠤᠭᠰᠠᠷᠠᠬᠤ | ᠲᠥᠷᠥᠯ ᠵᠦᠢᠯ ᠪᠣᠯᠣᠨ᠎ᠠ ᠃ | | ᠰᠢᠩ ᠯᠦᠩ ᠵᠡᠭᠡᠯᠢ ᠭᠤᠳᠤᠮᠵᠢ ᠶᠢᠨ ᠪᠧᠢ ᠶᠤᠸᠠᠨ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠳᠠᠭᠠᠭᠠᠮᠠᠯ ᠶᠢᠨ ᠮᠧᠶ ᠴᠢᠩ ᠰᠤᠷᠪᠤᠯᠵᠢᠯᠠᠭᠴᠢ ᠳᠤ ᠄ ︽ | ᠡᠨᠡ ᠪᠣᠯ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠱᠠᠳᠤᠨ ᠳᠤ ᠣᠷᠣᠬᠤ ᠶᠢ ᠬᠤᠷᠢᠭᠯᠠᠬᠤ ᠰᠢᠰᠲ᠋ᠧᠮ ᠪᠤᠯᠤᠨ᠎ᠠ ᠂ ᠡᠨᠡ ᠬᠦ ᠤᠶᠤᠨᠴᠢ ᠰᠢᠰᠲ᠋ᠧᠮ ᠨᠢ | ᠴᠠᠬᠢᠯᠭᠠᠨ ᠱᠠᠲᠤᠨ ᠳᠤ ᠰᠦᠯᠵᠢᠶᠡᠨ ᠤ ᠳᠦᠷᠰᠦ ᠰᠢᠩᠭᠡᠭᠡᠬᠦ ᠮᠠᠰᠢᠨ ᠪᠠ ᠤᠶᠤᠨᠴᠢ ᠲᠤᠷᠰᠢᠭᠤᠯ ᠤᠨ ᠮᠠᠰᠢᠨ ᠲᠠᠭᠠᠷᠠᠭᠤᠯᠤᠭᠰᠠᠨ ᠶᠤᠮ ᠂ ᠡᠭᠦᠨ ᠳᠤ ᠭᠤᠣᠯᠳᠠᠭᠤ | ᠴᠠᠬᠢᠯᠭᠠᠨ ᠬᠥᠳᠡᠯᠭᠡᠭᠦᠷᠲᠦ ᠲᠡᠷᠭᠡ ᠴᠠᠬᠢᠯᠭᠠᠨ ᠱᠠᠲᠤᠨ ᠳᠤ ᠣᠷᠣᠬᠤ ᠶᠢ ᠢᠯᠭᠠᠨ ᠲᠠᠨᠢᠵᠤ ᠂ ᠴᠠᠬᠢᠯᠭᠠᠨ ᠬᠥᠳᠡᠯᠭᠡᠭᠦᠷᠲᠦ ᠲᠡᠷᠭᠡ ᠣᠷᠣᠮᠠᠭᠴᠠ ᠴᠠᠬᠢᠯᠭᠠᠨ ᠱᠠᠲᠤ | ᠳᠠᠷᠤᠢ ᠠᠵᠢᠯᠯᠠᠬᠤ ᠶᠢ ᠲᠡᠪᠴᠢᠵᠦ ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠠᠰᠠᠷ ᠳᠡᠭᠡᠷ᠎ᠡ ᠴᠠᠬᠢᠯᠭᠠᠨ ᠴᠡᠨᠡᠭᠯᠡᠬᠦ ᠠᠮᠤᠷ ᠳᠦᠪᠰᠢᠨ ᠤ ᠳᠠᠯᠳᠠ ᠬᠡᠮ ᠢ ᠲᠠᠰᠤ | ᠬᠤᠷᠢᠭᠯᠠᠳᠠᠭ ︾ ᠭᠡᠵᠤ ᠶᠠᠷᠢᠨ᠎ᠠ᠃ | | ᠴᠠᠬᠢᠯᠭᠠᠨ ᠱᠠᠲᠤ ᠶᠢᠨ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠬᠦ ᠲᠥᠬᠦᠭᠡᠷᠦᠮᠵᠢ ᠳᠤ ᠪᠠᠰᠠ ᠴᠠᠬᠢᠯᠭᠠᠨ ᠱᠠᠲᠤ ᠶᠢᠨ ᠬᠠᠪᠴᠢᠬᠤ ᠶᠢ ᠰᠡᠷᠭᠡᠶᠢᠯᠡᠬᠦ ᠬᠡᠷᠡᠯ | ᠬᠥᠰᠢᠭᠡ ᠶᠢᠨ ᠬᠠᠮᠠᠭᠠᠯᠠᠯᠲᠠ ᠶᠢᠨ ᠰᠢᠰᠲ᠋ᠧᠮ ᠪᠠ ︽ ᠰᠡᠳᠬᠢᠯ ᠢ ᠳᠤᠯᠠᠭᠠᠴᠠᠭᠤᠯᠬᠤ ︾ ᠰᠡᠤᠭᠡᠨ ᠬᠠᠶᠢᠷᠴᠠᠭ ᠤᠨ ᠲᠦᠰᠢᠭᠦᠷ ᠢ ᠳᠠᠭᠠᠯᠳᠤᠭᠤᠯᠵᠠᠢ ᠃ ᠬᠠᠪᠴᠢᠬᠤ ᠶᠢ | ᠰᠡᠷᠭᠡᠶᠢᠯᠡᠬᠦ ᠰᠢᠰᠲ᠋ᠧᠮ ᠳᠤ ᠵᠠᠭᠤ ᠭᠠᠷᠤᠢ ᠪᠠᠶᠢᠴᠠᠭᠠᠯᠲᠠ ᠶᠢᠨ ᠴᠡᠭ ᠲᠠᠢ᠂ ᠭᠡᠳᠦ ᠤᠯᠠᠭᠠᠨ ᠤ ᠨᠥᠯᠥᠭᠡ ᠪᠠᠷ ᠠᠷᠪᠠᠨ ᠰᠠᠨᠲ᠋ᠢᠮᠧᠲᠷ ᠥᠨᠳᠥᠷ ᠨᠣᠬᠠᠢ ᠶᠢ ᠪᠦᠷ | ᠪᠠᠶᠢᠴᠠᠭᠠᠨ ᠬᠡᠮᠵᠢᠵᠦ ᠲᠠᠶᠢᠯᠤᠨ᠎ᠠ ᠂ ᠵᠥᠪᠬᠡᠨ ᠬᠡᠪ ᠤᠨ ᠪᠤᠰᠤ ᠪᠠᠶᠢᠳᠠᠯ ᠲᠠᠢ ᠪᠣᠯ ᠴᠠᠬᠢᠯᠭᠠᠨ ᠱᠠᠲᠤᠨ ᠤ ᠡᠭᠦᠳᠡ ᠬᠠᠭᠠᠬᠳᠠᠬᠤ ᠦᠭᠡᠢ ᠪᠤᠯᠵᠤ ᠂ ᠴᠠᠬᠢᠯᠭᠠᠨ | ᠱᠠᠲᠤᠨ ᠤ ᠬᠥᠮᠥᠨ ᠪᠠ ᠶᠠᠭᠤᠮ᠎ᠠ ᠬᠠᠪᠴᠢᠬᠤ ᠠᠶᠤᠯ ᠭᠠᠷᠬᠤ ᠶᠢ ᠬᠤᠷᠢᠭᠯᠠᠵᠤ ᠲᠠᠶᠢᠯᠤᠨ᠎ᠠ ᠃ | | ᠪᠧᠢ ᠶᠤᠸᠠᠨ ᠰᠠᠭᠤᠭᠠᠯᠢ ᠲᠣᠭᠤᠷᠢᠭ ᠤᠨ ᠡᠵᠡᠨᠳᠡᠨ ᠦ᠋ ᠹᠧᠢ ᠬᠡᠯᠡᠬᠦ ᠳᠡᠭᠡᠨ ᠄ ︽ ᠴᠠᠬᠢᠯᠭᠠᠨ ᠱᠠᠲᠤ ᠶᠢᠨ ᠲᠦᠰᠢᠭᠦᠷ ᠪᠠ ᠬᠠᠪᠴᠢᠬᠤ ᠶᠢ ᠰᠡᠷᠭᠡᠶᠢᠯᠡᠬᠦ ᠴᠢᠳᠠᠮᠵᠢ | ᠨᠢ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠪᠠ ᠬᠡᠦᠬᠡᠳ ᠲᠤ ᠮᠠᠰᠢ ᠳᠣᠲᠣᠨᠣ ᠪᠠᠶᠢᠳᠠᠭ ᠂ ᠨᠠᠷᠢᠨ ᠵᠦᠢᠯᠡᠰ ᠲᠤ ᠬᠠᠯᠠᠭᠤᠨ ᠳᠤᠯᠠᠭᠠᠨ ᠪᠠᠶᠢᠳᠠᠭ ᠂ | ᠢᠯᠠᠩᠭᠤᠶ᠎ᠠ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠠᠬᠢᠯᠭᠠᠨ ᠱᠠᠲᠤ ᠪᠠᠷ ᠳᠡᠮᠵᠢᠨ ᠠᠰᠠᠷ ᠳᠡᠭᠡᠷ᠎ᠡ ᠭᠠᠷᠬᠤ ᠠᠴᠠ ᠪᠣᠯᠤᠭᠰᠠᠨ ᠠᠮᠤᠷ ᠲᠦᠪᠰᠢᠨ ᠤ ᠳᠠᠯᠳᠠ | ᠬᠡᠮ ᠢ ᠦᠨᠳᠦᠰᠦᠨ ᠠᠴᠠ ᠨᠢ ᠰᠡᠷᠭᠡᠶᠢᠯᠡᠵᠦ ᠴᠢᠳᠠᠭᠰᠠᠨ ᠶᠤᠮ ︾ ᠭᠡᠨ᠎ᠠ ᠃ | | ᠣᠶᠢᠯᠠᠭᠠᠭᠰᠠᠨ ᠢᠶᠠᠷ ᠂ ᠤᠳᠤᠬᠠᠨ ᠪᠣᠯᠲᠠᠯ᠎ᠠ ᠂ ᠶᠢᠩ ᠽᠧ ᠵᠡᠭᠡᠯᠢ ᠭᠤᠳᠤᠮᠵᠢ ᠶᠢᠨ ᠲᠤᠸ ᠶᠤᠸᠠᠨ ᠱᠧᠩ ᠵᠢᠩ ᠰᠠᠭᠤᠭᠠᠯᠢ ᠲᠣᠭᠤᠷᠢᠭ ᠤᠨ 3 ᠴᠠᠬᠢᠯᠭᠠᠨ ᠱᠠᠲᠤ ᠂ | ᠰᠢᠩ ᠯᠦᠩ ᠵᠡᠭᠡᠯᠢ ᠭᠤᠳᠤᠮᠵᠢ ᠶᠢᠨ ᠪᠧᠢ ᠶᠤᠸᠠᠨ ᠪᠠᠷᠠᠭᠤᠨ ᠲᠣᠭᠤᠷᠢᠭ ᠤᠨ 1 ᠴᠠᠬᠢᠯᠭᠠᠨ ᠱᠠᠲᠤᠨ ᠳᠤ ᠨᠢᠭᠡᠨᠲᠡ ᠣᠷᠣᠨ ᠰᠠᠭᠤᠴᠠ ᠶᠢᠨ ᠰᠠᠭᠤᠭᠠᠯᠢ | ᠲᠣᠭᠤᠷᠢᠭ ᠤᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠬᠦ ᠲᠥᠬᠦᠭᠡᠷᠦᠮᠵᠢ ᠶᠢ ᠨᠡᠮᠡᠵᠦ ᠤᠭᠰᠠᠷᠠᠭᠰᠠᠨ ᠪᠠᠶᠢᠨ᠎ᠠ ᠃ ︽ ᠬᠤᠰᠢᠭᠤᠨ ᠤ | ᠵᠠᠰᠠᠭ ᠤᠨ ᠣᠷᠳᠣᠨ 400 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠂ ᠬᠤᠶᠠᠷ ᠰᠠᠷ᠎ᠠ ᠶᠢᠨ ᠬᠤᠭᠤᠴᠠᠭᠠᠨ ᠳᠤ ᠰᠢᠤᠸᠠᠢ ᠵᠢᠶᠠ | ᠸᠠᠨ ᠂ ᠳ᠋ᠠ ᠯᠦ ᠂ ᠱᠠᠬᠳᠠᠷ ᠣᠷᠣᠨ ᠤ 1684 ᠴᠠᠬᠢᠯᠭᠠᠨ ᠱᠠᠲᠤ ᠶᠢᠨ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠬᠦ ᠲᠥᠬᠦᠭᠡᠷᠦᠮᠵᠢ ᠶᠢ ᠨᠡᠮᠡᠵᠦ | ᠤᠭᠰᠠᠷᠠᠬᠤ ᠶᠢ ᠪᠡᠶᠡᠯᠡᠭᠦᠯᠦᠨ᠎ᠡ ︾ ᠭᠡᠵᠦ ᠵᠡᠭᠦᠨᠭᠠᠷ ᠬᠤᠰᠢᠭᠤᠨ ᠤ ᠣᠷᠣᠨ ᠰᠠᠭᠤᠴᠠ ᠶᠢᠨ ᠪᠠᠲᠤᠯᠠᠪᠤᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ | ᠠᠳᠠᠯ ᠠᠬᠤᠢ ᠶᠢᠨ ᠲᠠᠰᠤᠭ ᠤᠨ ᠳᠡᠳ᠋ ᠡᠷᠬᠢᠯᠡᠭᠴᠢ ᠦ᠋ ᠴᠢᠶᠠᠩ ᠶᠠᠷᠢᠨ᠎ᠠ ᠃ | ︽ ᠠᠷᠠᠳ ᠤᠨ ᠰᠠᠨᠠᠭᠠᠰᠢᠷᠠᠯ︾ ᠢ ᠰᠠᠨᠠᠭᠠᠯᠵᠠᠵᠤ ᠂ ︽ᠠᠷᠠᠳ ᠤᠨ ᠬᠦᠰᠡᠯ︾ ᠢ ᠪᠡᠶᠡᠯᠡᠭᠦᠯᠦᠨ᠎ᠡ ᠃ ᠣᠯᠠᠨ ᠵᠢᠯ ᠤᠨ ᠲᠤᠷᠰᠢ ᠂ ᠵᠡᠭᠦᠨᠭᠠᠷ ᠬᠤᠰᠢᠭᠤ ᠲᠤᠰᠬᠠᠢ | ᠠᠵᠢᠯᠯᠠᠭ᠎ᠠ ᠪᠠᠷ ᠢᠶᠠᠨ ᠥᠷᠭᠡᠨ ᠣᠯᠠᠨ ᠬᠤᠲᠠ ᠶᠢᠨ ᠠᠷᠠᠳ ᠲᠤ ᠵᠣᠯ ᠵᠢᠷᠭᠠᠯ ᠨᠡᠮᠡᠷᠢᠯᠡᠵᠦ ᠂ ᠠᠷᠠᠳ ᠤᠨ ᠠᠮᠢᠳᠤᠷᠠᠯ ᠤᠨ ︽ ᠬᠠᠯᠠᠭᠤᠨ ᠳᠤᠯᠠᠭᠠᠨ ︾ ᠢᠶᠠᠷ ᠵᠣᠯ | ᠵᠢᠷᠭᠠᠯ ᠤᠨ ︽ ᠬᠤᠪᠢᠶᠠᠷᠢ ︾ ᠶᠢ ᠲᠣᠳᠣᠷᠬᠠᠶᠢᠯᠠᠵᠤ ᠂ ᠵᠤᠯ ᠵᠢᠷᠭᠠᠯᠳᠤ ᠵᠡᠬᠦᠠᠭᠠᠷ ᠢ ᠤᠯᠠᠮ ᠬᠠᠯᠠᠭᠤᠨ ᠳᠤᠳᠤᠨᠤ ᠵᠤᠯ ᠵᠢᠷᠭᠠᠯ ᠲᠠᠢ ᠪᠤᠯᠭᠠᠨ᠎ᠠ ᠃ | | | | |