| | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 27 ᠤ ᠴᠠᠭᠢᠯᠭᠠᠨ ᠮᠡᠳᠡᠭᠡ 3 ᠰᠠᠷ᠎ᠠ ᠶᠢᠨ 27 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ | ᠡᠷᠳᠡᠮ ᠰᠢᠨᠵᠢᠯᠡᠭᠡᠨ ᠤ ᠡᠲᠡᠭᠡᠳ ᠤᠨ ᠲᠥᠯᠥᠭᠡᠯᠡᠭᠴᠢᠳ ᠲᠠᠢ ᠬᠠᠮᠲᠤ ᠠᠭᠤᠯᠵᠠᠪᠠ ᠃ | | 3 ᠰᠠᠷ᠎ᠠ ᠶᠢᠨ 27 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠧᠷᠢᠺᠠ ᠶᠢᠨ | ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠤᠨ ᠬᠢᠨ ᠤ | ᠳᠡᠯᠭᠡᠷᠡᠬᠦ ᠬᠠᠪᠤᠷ ᠢᠶᠠᠷ ᠳᠤᠮᠳᠠᠳᠤ ᠤᠯᠤᠰ ᠲᠤ ᠠᠶᠢᠯᠴᠢᠯᠠᠬᠰᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠂ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠴᠢᠬᠤᠯᠠ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠢᠭᠡ ᠪᠣᠯᠣᠨ᠎ᠠ ᠃ ᠳᠤᠮᠳᠠᠳᠤ ᠠᠮᠧᠷᠢᠺᠠ ᠬᠤᠶᠠᠷ ᠤᠯᠤᠰ | ᠬᠠᠮᠲᠤᠷᠠᠯᠴᠠᠬᠤ ᠶᠤᠮ ᠦᠦ ᠡᠰᠡᠬᠦᠯ᠎ᠡ ᠡᠰᠡᠷᠭᠦᠴᠡᠯᠳᠦᠬᠦ ᠶᠤᠮ ᠦᠦ ᠭᠡᠳᠡᠭ ᠨᠢ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠪᠣᠯᠣᠨ ᠬᠥᠮᠥᠨ | ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠨ᠎ᠠ ᠃ ᠳᠤᠮᠳᠠᠳᠤ ᠠᠮᠧᠷᠢᠺᠠ ᠶᠢᠨ ᠲᠤᠰ ᠲᠤᠰ ᠤᠨ ᠠᠮᠵᠢᠯᠲᠠ ᠪᠣᠯ ᠬᠠᠷᠢᠯᠴᠠᠨ ᠠᠵᠠ ᠲᠣᠭᠢᠶᠠᠯ | ᠪᠤᠯᠳᠠᠭ ᠃ ᠬᠤᠶᠠᠷ ᠲᠠᠯ᠎ᠠ ᠪᠠᠷ ᠢᠶᠠᠨ ᠴᠥᠮ ᠨᠦᠭᠦᠭᠡ ᠡᠲᠡᠭᠡᠳ ᠢᠶᠠᠨ ᠬᠠᠨᠢᠲᠠᠨ ᠢᠶᠠᠷ ᠦᠵᠡᠵᠦ ᠂ ᠬᠠᠷᠢᠯᠴᠠᠨ ᠭᠦᠨᠳᠦᠳᠭᠡᠵᠦ ᠂ ᠨᠠᠶᠢᠷᠠᠮᠳᠠᠯ ᠢᠶᠠᠷ ᠵᠡᠷᠭᠡᠴᠡᠨ | ᠣᠷᠣᠰᠢᠵᠤ ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠭᠦᠷᠳᠡᠪᠡᠯ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠠᠷᠤᠢ ᠰᠠᠶᠢᠵᠢᠷᠠᠬᠤ ᠶᠤᠮ ᠃ ᠡᠨᠡ ᠵᠢᠯ ᠪᠣᠯ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠡᠦᠬᠡ ᠪᠣᠯ ᠬᠤᠶᠠᠷ | ᠤᠯᠤᠰ ᠤᠨ ᠠᠷᠠᠳ ᠲᠦᠮᠡᠨ ᠤ ᠨᠥᠭᠦᠷᠰᠡᠭ ᠶᠠᠪᠤᠯᠴᠠᠭᠠᠨ ᠤ ᠲᠡᠦᠬᠡ ᠮᠥᠨ ᠂ ᠥᠩᠭᠡᠷᠡᠭᠰᠡᠨ ᠳᠤ ᠠᠷᠠᠳ ᠲᠦᠮᠡᠨ ᠳᠤ ᠲᠦᠰᠢᠭᠯᠡᠨ ᠪᠢᠴᠢᠭᠯᠡᠵᠦ ᠂ ᠢᠷᠡᠭᠡᠳᠦᠢ ᠳᠤ | ᠨᠡᠩ ᠴᠤ ᠠᠷᠠᠳ ᠲᠦᠮᠡᠨ ᠳᠤ ᠲᠦᠰᠢᠭᠯᠡᠨ ᠡᠭᠦᠳᠦᠨ ᠪᠦᠲᠦᠭᠡᠬᠦ ᠬᠡᠷᠡᠭᠲᠡᠢ ᠃ ᠳᠤᠮᠳᠠᠳᠤ ᠤᠯᠤᠰ ᠲᠤ ᠰᠠᠶᠢᠨ ᠢ ᠰᠤᠷᠬᠤᠶᠠ ᠤᠷᠭᠢᠯ ᠳᠤ ᠠᠪᠠᠷᠢᠬᠤ ᠮᠡᠲᠦ ᠪᠡᠷᠬᠡ ᠂ | ᠮᠠᠭᠤ ᠶᠢ ᠰᠤᠷᠬᠤᠶᠠ ᠴᠠᠰᠤᠨ ᠢᠪᠡᠷᠡᠬᠦ ᠮᠡᠲᠦ ᠭᠢᠯᠪᠠᠷ ᠭᠡᠳᠡᠭ ᠦᠭᠡ ᠪᠠᠶᠢᠳᠠᠭ ᠃ ᠬᠤᠶᠠᠷ ᠤᠯᠤᠰ ᠤᠨ ᠡᠯ᠎ᠡ ᠡᠲᠡᠭᠡᠳ ᠤᠨ ᠬᠥᠮᠥᠰ ᠢᠯᠡᠭᠦᠬᠡᠨ ᠶᠠᠪᠤᠯᠴᠠᠵᠤ ᠂ | ᠢᠯᠡᠭᠦᠬᠡᠨ ᠰᠣᠯᠢᠯᠴᠠᠵᠤ ᠂ ᠲᠠᠰᠤᠷᠠᠯᠲᠠ ᠦᠭᠡᠢ ᠬᠠᠮᠲᠤ ᠶᠢᠨ ᠲᠠᠨᠢᠯᠲᠠ ᠪᠠᠨ ᠬᠤᠷᠠᠮᠳᠤᠭᠤᠯᠵᠤ ᠂ ᠢᠲᠡᠭᠡᠯᠴᠡᠭᠡ ᠪᠠᠨ ᠨᠡᠮᠡᠭᠳᠡᠭᠦᠯᠵᠦ ᠂ ᠡᠯ᠎ᠡ ᠵᠦᠢᠯ ᠤᠨ ᠬᠠᠷᠰᠢ | ᠰᠠᠭᠠᠳ ᠢ ᠠᠷᠢᠯᠭᠠᠵᠤ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠦᠨᠡᠨ | ᠪᠣᠳᠠᠲᠠᠢ ᠪᠤᠶᠠᠨ ᠦᠢᠯᠡᠳᠴᠦ ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠰᠢ ᠶᠢᠨ ᠫᠢᠩ ᠠᠮᠧᠷᠢᠺᠠ ᠶᠢᠨ ᠲᠠᠯ᠎ᠠ ᠶᠢᠨ ᠲᠥᠯᠥᠭᠡᠯᠡᠭᠴᠢᠳ ᠤᠨ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠡᠳᠡᠨ ᠤ ᠬᠠᠯᠠᠮᠵᠢᠯᠠᠵᠤ ᠪᠠᠶᠢᠭ᠎ᠠ | ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ ᠃ | ᠰᠢ ᠶᠢᠨ ᠫᠢᠩ ᠂ ᠳᠤᠮᠳᠠᠳᠤ ᠤᠯᠤᠰ ᠤᠨ ᠠᠵᠤ ᠠᠬᠤᠢ ᠪᠣᠯ ᠡᠷᠡᠭᠦᠯ ᠪᠥᠭᠡᠳ ᠦᠷᠭᠦᠯᠵᠢᠯᠡᠬᠦ ᠴᠢᠨᠠᠷᠲᠠᠢ ᠶᠤᠮ ᠃ ᠨᠢᠳᠤᠨᠤᠨ ᠳᠤᠮᠳᠠᠳᠤ ᠤᠯᠤᠰ ᠤᠨ ᠠᠵᠤ | ᠠᠬᠤᠢ ᠶᠢᠨ ᠨᠡᠮᠡᠭᠳᠡᠯ ᠤᠨ ᠬᠤᠷᠳᠤᠴᠠ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠡᠮᠦᠨ᠎ᠡ ᠡᠩᠨᠡᠭᠡᠨ ᠳᠤ ᠣᠷᠣᠵᠤ ᠂ ᠳᠡᠯᠡᠬᠡᠢ ᠶᠢᠨ | ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠦᠷᠭᠦᠯᠵᠢᠯᠡᠨ 30% ᠶᠢ ᠳᠠᠪᠠᠪᠠ ᠂ ᠡᠭᠦᠨ ᠢ ᠳᠤᠮᠳᠠᠳᠤ ᠤᠯᠤᠰ ᠤᠨ ᠠᠷᠠᠳ | ᠲᠦᠮᠡᠨ ᠬᠢᠵᠦ ᠪᠦᠲᠦᠭᠡᠭᠰᠡᠨ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ ᠃ ᠳᠤᠮᠳᠠᠳᠤ ᠤᠯᠤᠰ ᠤᠨ ᠬᠥᠭᠵᠢᠯᠲᠡ ᠡᠯ᠎ᠡ | ᠵᠦᠢᠯ ᠤᠨ ᠬᠦᠴᠢᠷ ᠪᠡᠷᠬᠡᠰᠢᠶᠡᠯ ᠥᠷᠢᠰᠦᠯᠳᠦᠭᠡᠨ ᠢ ᠥᠩᠭᠡᠷᠡᠭᠡᠭᠡᠳ ᠰᠠᠶ᠋ᠢ ᠥᠨᠥᠳᠥᠷ ᠲᠤ ᠬᠦᠷᠴᠡᠢ ᠂ ᠥᠩᠭᠡᠷᠡᠭᠰᠡᠨ ᠳᠤ ︽ ᠳᠤᠮᠳᠠᠳᠤ ᠤᠯᠤᠰ ᠰᠦᠢᠷᠡᠬᠦ ᠤᠨᠤᠯ ︾ | ᠠᠴᠠ ᠪᠣᠯᠵᠤ ᠰᠦᠢᠷᠡᠭᠰᠡᠨ ᠦᠭᠡᠢ ᠂ ᠤᠳᠤ ᠴᠤ ︽ ᠳᠤᠮᠳᠠᠳᠤ ᠤᠯᠤᠰ ᠤᠷᠭᠢᠯ ᠳᠠᠭᠠᠨ ᠲᠤᠯᠤᠭᠰᠠᠨ ᠤᠨᠤᠯ ︾ ᠠᠴᠠ ᠪᠣᠯᠵᠤ ᠤᠷᠭᠢᠯ ᠳᠠᠭᠠᠨ ᠲᠤᠯᠬᠤ ᠶᠤᠮ ᠪᠢᠰᠢ ᠃ | ᠪᠢᠳᠡ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠵᠤ ᠂ | ᠳᠤᠮᠳᠠᠳᠤ ᠤᠯᠤᠰ ᠤᠨ ᠠᠷᠠᠳ ᠲᠦᠮᠡᠨ ᠢ ᠲᠠᠰᠤᠷᠠᠯᠲᠠ ᠦᠭᠡᠢ ᠨᠠᠩ ᠰᠠᠶᠢᠨ ᠠᠮᠢᠳᠤᠷᠠᠭᠤᠯᠬᠤ ᠪᠥᠭᠡᠳ ᠪᠠᠰᠠ ᠳᠡᠯᠡᠬᠡᠢ ᠶᠢᠨ ᠦᠷᠭᠦᠯᠵᠢᠯᠡᠬᠦ ᠬᠥᠭᠵᠢᠯᠲᠡ ᠳᠤ ᠨᠠᠩ | ᠶᠡᠭᠡ ᠬᠤᠪᠢ ᠨᠡᠮᠡᠷᠢ ᠦᠵᠡᠭᠦᠯᠦᠨ᠎ᠡ ᠃ ᠳᠤᠮᠳᠠᠳᠤ ᠤᠯᠤᠰ ᠤᠨ ᠬᠥᠭᠵᠢᠯᠲᠡ ᠶᠢᠨ ᠢᠷᠡᠭᠡᠳᠦᠢ ᠪᠣᠯ ᠭᠡᠭᠡᠨ ᠰᠠᠷᠠᠭᠤᠯ ᠶᠤᠮ ᠂ ᠪᠢᠳᠡ ᠢᠲᠡᠭᠡᠯ ᠲᠡᠭᠦᠯᠳᠡᠷ ᠪᠠᠶᠢᠨ᠎ᠠ | ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ | ᠴᠢᠬᠤᠯᠠ ᠡᠷᠳᠡᠨᠢ ᠮᠥᠨ ᠃ ᠳᠤᠮᠳᠠᠳᠤ ᠤᠯᠤᠰ ᠤᠨ ᠥᠭᠡᠷᠡᠴᠢᠯᠡᠯᠲᠡ ᠵᠣᠭᠰᠣᠰᠢ ᠦᠭᠡᠢ ᠶᠤᠮ ᠂ ᠨᠡᠭᠡᠭᠡᠯᠲᠡ ᠵᠣᠭᠰᠣᠰᠢ ᠦᠭᠡᠢ ᠶᠤᠮ ᠃ ᠪᠢᠳᠡ ᠶᠠᠭ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠬᠡᠷᠡᠭᠵᠢᠭᠦᠯᠵᠦ ᠂ ᠵᠠᠬ᠎ᠠ | ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ ᠂ | ᠠᠮᠧᠷᠢᠺᠠ ᠶᠢᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠤᠯᠤᠰ ᠤᠨ ᠠᠵᠤ ᠠᠬᠤᠶᠢᠯᠠᠯ ᠳᠤ ᠨᠡᠩ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠬᠠᠩᠭᠠᠵᠤ | ᠪᠠᠶᠢᠨ᠎ᠠ ᠃ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢᠨ ᠣᠶᠢᠷ᠎ᠠ ᠶᠢᠨ ᠵᠢᠯ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ | ᠬᠤᠪᠢᠷᠠᠯᠲᠠ ᠶᠢᠨ ᠡᠮᠦᠨ᠎ᠡ ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ ᠂ ᠡᠷᠬᠡ ᠲᠡᠭᠰᠢ ᠪᠠᠷ | ᠵᠥᠪᠳᠡᠯᠴᠡᠬᠦ ᠶᠢ ᠪᠠᠷᠢᠮᠲᠠᠯᠠᠵᠤ ᠂ ᠠᠵᠤ ᠠᠬᠤᠢ ᠶᠢᠨ ᠵᠢᠮ᠎ᠡ ᠶᠣᠰᠣ ᠪᠣᠯᠣᠨ ᠵᠠᠬ᠎ᠠ ᠳᠡᠯᠭᠡᠭᠦᠷ ᠤᠨ ᠳᠦᠷᠢᠮ ᠶᠣᠰᠣᠭᠠᠷ ᠠᠵᠢᠯᠯᠠᠵᠤ ᠂ ᠠᠵᠤ ᠠᠬᠤᠢ ᠠᠷᠠᠯᠵᠢᠶᠠᠨ ᠤ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ ᠂ ᠲᠤᠰ ᠲᠤᠰ ᠤᠨ ᠢᠶᠠᠨ ᠬᠥᠭᠵᠢᠯᠲᠡ ᠶᠢᠨ ᠡᠷᠬᠡ ᠶᠢ ᠭᠦᠨᠳᠦᠳᠭᠡᠵᠦ ᠂ ᠳᠤᠮᠳᠠᠳᠤ | ᠠᠮᠧᠷᠢᠺᠠ ᠶᠢᠨ ᠬᠠᠮᠲᠤ ᠪᠠᠷ ᠠᠰᠢᠭ ᠭᠦᠷᠳᠡᠭᠦ ᠪᠠ ᠳᠡᠯᠡᠬᠡᠢ ᠳ᠋ᠠᠬᠢᠨ ᠤ ᠬᠠᠮᠲᠤ ᠪᠠᠷ ᠠᠰᠢᠭ ᠭᠦᠷᠳᠡᠭᠦ ᠶᠢ ᠬᠥᠭᠡᠭᠡᠴᠡᠯᠳᠦᠬᠦ ᠬᠡᠷᠡᠭᠲᠡᠢ ᠃ ᠠᠮᠧᠷᠢᠺᠠ ᠶᠢᠨ ᠠᠵᠤ | ᠠᠬᠤᠶᠢᠯᠠᠯ ᠤᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠂ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ | ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠵᠡᠷᠭᠡ ᠲᠣᠮᠣ ᠭᠡᠯᠪᠡᠷᠢ ᠶᠢᠨ ᠠᠵᠤ ᠠᠬᠤᠢ ᠠᠷᠠᠯᠵᠢᠶᠠᠨ ᠤ ᠠᠵᠢᠯᠯᠠᠭ᠎ᠠ ᠳᠤ ᠨᠠᠩ ᠣᠯᠠᠨ ᠣᠷᠣᠯᠴᠠᠵᠤ ᠂ | ᠦᠷᠭᠦᠯᠵᠢᠯᠡᠨ ᠳᠤᠮᠳᠠᠳᠤ ᠤᠯᠤᠰ ᠲᠤ ᠪᠡᠯᠡ ᠣᠷᠣᠭᠤᠯᠵᠤ ᠂ ᠳᠤᠮᠳᠠᠳᠤ ᠤᠯᠤᠰ ᠲᠤ ᠦᠨᠳᠦᠰᠦᠯᠡᠵᠦ ᠂ ᠳᠤᠮᠳᠠᠳᠤ ᠤᠯᠤᠰ ᠲᠤ ᠠᠰᠢᠭ ᠭᠦᠷᠳᠡᠭᠦ ᠶᠢ ᠪᠠᠶᠠᠷᠯᠠᠨ | ᠤᠭᠲᠤᠵᠤ ᠪᠠᠶᠢᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠡᠨᠡ ᠬᠡᠳᠦᠨ ᠵᠢᠯ ᠳᠤ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠴᠥᠭᠡᠨ ᠪᠤᠰᠤ ᠨᠤᠭᠤᠷᠠᠯ ᠪᠦᠳᠦᠷᠢᠯ ᠢ ᠥᠩᠭᠡᠷᠡᠭᠦᠯᠵᠦ ᠂ ᠪᠠᠰᠠ ᠬᠦᠨᠳᠦ | ᠨᠣᠴᠢᠲᠠᠢ ᠥᠷᠢᠰᠦᠯᠳᠦᠭᠡᠨ ᠳᠤ ᠲᠤᠯᠭᠠᠷᠠᠵᠤ ᠥᠩᠭᠡᠷᠡᠪᠡ ᠂ ᠡᠭᠦᠨ ᠤ ᠰᠤᠷᠭᠠᠮᠵᠢ ᠶᠢ ᠰᠢᠩᠭᠡᠬᠡᠨ ᠠᠪᠤᠭᠤᠰᠢᠲᠠᠢ ᠶᠤᠮ ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ | ᠥᠩᠭᠡᠷᠡᠭᠰᠡᠨ ᠳᠡᠭᠡᠨ ᠪᠤᠴᠠᠵᠤ ᠳᠡᠶᠢᠯᠭᠦ ᠦᠭᠡᠢ ᠪᠤᠯᠪᠠᠴᠤ ᠨᠡᠩ ᠰᠠᠶᠢᠨ ᠰᠠᠶᠢᠬᠠᠨ ᠢᠷᠡᠭᠡᠳᠦᠢ ᠲᠠᠢ ᠪᠤᠯᠬᠤ ᠶᠤᠮ ᠃ ᠨᠢᠳᠤᠨᠤᠨ ᠪᠢ ᠶᠡᠷᠦᠩᠬᠡᠶᠢᠯᠡᠭᠴᠢ | ᠪᠠᠶᠢᠳᠧᠨ ᠲᠠᠢ ᠰᠠᠨ ᠹᠷᠠᠨᠰᠢᠰᠺᠤ ᠳᠤ ᠠᠭᠤᠯᠵᠠᠭᠰᠠᠨ ᠤ ᠬᠠᠮᠤᠭ ᠤᠨ ᠶᠡᠭᠡ ᠬᠠᠮᠲᠤ ᠶᠢᠨ ᠲᠠᠨᠢᠯᠲᠠ ᠪᠣᠯ ᠳᠤᠮᠳᠠᠳᠤ ᠠᠮᠧᠷᠢᠺᠠ ᠶᠢᠨ ᠬᠠᠷᠢᠴᠠᠭ᠎ᠠ ᠶᠢ | ᠲᠣᠭᠲᠠᠪᠤᠷᠢᠵᠢᠭᠤᠯᠵᠤ ᠂ ᠰᠠᠶᠢᠵᠢᠷᠠᠭᠤᠯᠬᠤ ᠶᠠᠪᠤᠳᠠᠯ ᠪᠣᠯᠣᠨ᠎ᠠ ᠃ ᠥᠩᠭᠡᠷᠡᠭᠰᠡᠨ ᠬᠡᠳᠦᠨ ᠰᠠᠷ᠎ᠠ ᠳᠤ ᠂ ᠬᠤᠶᠠᠷ ᠲᠠᠯ᠎ᠠ ᠶᠢᠨ ᠪᠦᠯᠭᠦᠮ ᠮᠢᠨᠤ ᠶᠡᠷᠦᠩᠬᠡᠶᠢᠯᠡᠭᠴᠢ | ᠪᠠᠶᠢᠳᠧᠨ ᠲᠠᠢ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢᠨ ᠲᠣᠭᠤᠷᠢᠨ ᠳᠤ ᠂ ᠤᠯᠤᠰ ᠲᠦᠷᠦ ᠶᠢᠨ ᠭᠠᠳᠠᠭᠠᠳᠤ ᠬᠠᠷᠢᠯᠴᠠᠭ᠎ᠠ ᠂ ᠠᠵᠤ ᠠᠬᠤᠢ ᠠᠷᠠᠯᠵᠢᠶ᠎ᠠ | ᠡᠳ᠋ ᠤᠨ ᠵᠠᠰᠠᠭ ᠮᠥᠩᠭᠦᠨ ᠭᠦᠢᠯᠭᠡᠭᠡ ᠂ ᠬᠠᠤᠯᠢ ᠬᠡᠷᠡᠭᠵᠢᠭᠦᠯᠵᠦ ᠬᠤᠣᠷ ᠴᠠᠭᠠᠵᠠᠯᠠᠬᠤ ᠂ ᠠᠭᠤᠷ ᠠᠮᠢᠰᠬᠤᠯ ᠤᠨ ᠬᠤᠪᠢᠷᠠᠯᠲᠠ ᠂ ᠰᠣᠶᠣᠯ ᠢᠷᠭᠡᠨᠰᠢᠯ ᠤᠨ | ᠰᠣᠯᠢᠯᠴᠠᠭ᠎ᠠ ᠵᠡᠷᠭᠡ ᠡᠯ᠎ᠡ ᠬᠦᠷᠢᠶᠡᠨ ᠳᠤ ᠣᠯᠣᠯᠴᠠᠭ᠎ᠠ ᠪᠠᠨ ᠪᠠᠲᠤᠯᠠᠵᠤ ᠂ ᠠᠬᠢᠴᠠ ᠲᠠᠢ ᠪᠣᠯᠪᠠ ᠃ ᠣᠳᠣᠬᠠᠨ ᠤ ᠪᠠᠶᠢᠳᠠᠯ ᠳᠣᠣᠷ᠎ᠠ ᠳᠤᠮᠳᠠᠳᠤ ᠠᠮᠧᠷᠢᠺᠠ ᠶᠢᠨ | ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ ᠬᠠᠷᠢᠨ ᠨᠡᠩ ᠤᠯᠠᠨ ᠪᠣᠯᠤᠭᠰᠠᠨ ᠪᠠᠶᠢᠨ᠎ᠠ ᠃ ᠠᠵᠤ ᠠᠬᠤᠢ ᠠᠷᠠᠯᠵᠢᠶ᠎ᠠ ᠂ ᠬᠥᠳᠡᠭᠡ ᠠᠵᠤ ᠠᠬᠤᠢ ᠵᠡᠷᠭᠡ | ᠤᠯᠠᠮᠵᠢᠯᠠᠯᠲᠤ ᠬᠦᠷᠢᠶ᠎ᠡ ᠭᠡᠰᠡᠨ ᠴᠦ ᠂ ᠡᠰᠡᠬᠦᠯ᠎ᠡ ᠠᠭᠤᠷ ᠠᠮᠢᠰᠬᠤᠯ ᠤᠨ ᠬᠤᠪᠢᠷᠠᠯᠲᠠ ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ | ᠭᠡᠰᠡᠨ ᠴᠦ ᠂ ᠳᠤᠮᠳᠠᠳᠤ ᠠᠮᠧᠷᠢᠺᠠ ᠨᠦᠭᠦᠭᠡ ᠲᠠᠯ᠎ᠠ ᠶᠢᠨ ᠢᠶᠠᠨ ᠬᠥᠭᠵᠢᠯᠲᠡ ᠶᠢᠨ ᠬᠦᠴᠦᠨ ᠪᠤᠯᠬᠤ ᠶᠣᠰᠣᠲᠠᠢ ᠂ ᠬᠠᠷᠢᠨ ᠬᠠᠷᠰᠢ ᠰᠠᠭᠠᠳ ᠪᠣᠯᠵᠤ ᠪᠤᠯᠬᠤ ᠦᠭᠡᠢ ᠃ | ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢ ᠠᠬᠢᠭᠤᠯᠵᠤ ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠥᠮ | ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ ᠬᠠᠮᠲᠤᠷᠠᠯᠴᠠᠭ᠎ᠠ ᠶᠢ ᠱᠠᠭᠠᠷᠳᠠᠵᠤ ᠂ ᠲᠣᠮᠣ ᠤᠯᠤᠰ ᠤᠨ ᠬᠡᠬᠦᠳᠡᠭ ᠴᠡᠭᠡᠵᠢ ᠲᠠᠢ ᠪᠠᠶᠢᠵᠤ ᠂ ᠲᠣᠮᠣ ᠤᠯᠤᠰ ᠤᠨ | ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠲᠠᠢ ᠠᠳᠠᠯᠢ ᠴᠢᠭᠯᠡᠯ ᠢᠶᠠᠷ ᠤᠷᠤᠭᠰᠢᠯᠠᠵᠤ ᠂ ᠵᠥᠪ ᠪᠠᠶᠢᠯᠳᠤᠬᠤ | ᠪᠣᠳᠣᠯᠭ᠎ᠠ ᠶᠢᠨ ᠲᠠᠨᠢᠯᠲᠠ ᠶᠢ ᠪᠤᠢ ᠪᠤᠯᠭᠠᠵᠤ ᠂ ᠰᠡᠷᠭᠡᠭ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠪᠠᠭᠤᠷᠠᠯᠲᠠ ᠶᠢ | ᠵᠣᠭᠰᠣᠭᠠᠵᠤ ᠲᠣᠭᠲᠠᠭᠤᠨ ᠪᠠᠶᠢᠬᠤ ᠬᠠᠨᠳᠤᠰᠢ ᠶᠢ ᠪᠠᠲᠤᠯᠠᠵᠤ ᠂ ᠵᠥᠪ ᠢᠶᠠᠷ ᠬᠠᠷᠢᠯᠴᠠᠬᠤ ᠵᠠᠮ ᠢ ᠢᠳᠡᠪᠬᠢᠲᠡᠢ ᠰᠦᠪᠡᠭᠴᠢᠯᠡᠵᠦ ᠂ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ ᠃ | ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠪᠦᠭᠦ ᠤᠯᠤᠰ ᠤᠨ ᠵᠥᠪᠯᠡᠯ ᠤᠨ ᠬᠡᠷᠡᠭ ᠮᠡᠳᠡᠭᠴᠢᠳ ᠤᠨ ᠬᠤᠷᠠᠯ ᠤᠨ ᠲᠡᠷᠢᠭᠦᠯᠡᠭᠴᠢ ᠭᠧᠯᠢᠨᠪᠦᠭᠧ ᠂ ᠾᠧᠢ ᠱᠢ | ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠲᠡᠷᠢᠭᠦᠨ ᠭᠦᠢᠴᠡᠳᠭᠡᠭᠴᠢ ᠲᠤᠰᠢᠶᠠᠯᠲᠠᠨ ᠰᠦ᠋ ᠱᠢ ᠮᠢᠨ ᠂ ᠭᠤᠤ ᠲᠦᠩ ᠺᠤᠮᠫᠠᠨᠢ ᠶᠢᠨ ᠶᠡᠷᠦᠩᠬᠡᠢ | ᠵᠠᠬᠢᠷᠤᠭᠴᠢ ᠪᠥᠭᠡᠳ ᠲᠡᠷᠢᠭᠦᠨ ᠭᠦᠢᠴᠡᠳᠭᠡᠭᠴᠢ ᠲᠤᠰᠢᠶᠠᠯᠲᠠᠨ ᠠᠨᠮᠧᠩ ᠂ ᠬᠠᠹᠧᠷᠳ᠋ ᠶᠡᠭᠡ ᠰᠤᠷᠭᠠᠭᠤᠯᠢ ᠶᠢᠨ ᠺᠧᠨᠨᠢᠳᠢ ᠵᠠᠰᠠᠭ ᠤᠨ ᠣᠷᠳᠣᠨ ᠤ ᠳᠡᠭᠡᠳᠦ | ᠰᠤᠷᠭᠠᠭᠤᠯᠢ ᠶᠢᠨ ᠡᠭᠦᠰᠬᠡᠨ ᠪᠠᠶᠢᠭᠤᠯᠤᠭᠰᠠᠨ ᠵᠠᠬᠢᠷᠤᠯ ᠠᠶᠢᠯᠢᠰᠧᠨ ᠂ ᠠᠮᠧᠷᠢᠺᠠ ᠳᠤᠮᠳᠠᠳᠤ ᠶᠢᠨ ᠠᠷᠠᠯᠵᠢᠶᠠᠨ ᠤ ᠪᠦᠭᠦ ᠤᠯᠤᠰ ᠤᠨ ᠵᠥᠪᠯᠡᠯ ᠤᠨ ᠳᠠᠷᠤᠭ᠎ᠠ | ᠠᠶᠢᠯᠦᠨ ᠵᠡᠷᠭᠡ ᠠᠮᠧᠷᠢᠺᠠ ᠶᠢᠨ ᠲᠠᠯ᠎ᠠ ᠶᠢᠨ ᠲᠥᠯᠥᠭᠡᠯᠡᠭᠴᠢ ᠶᠠᠷᠢᠶᠠᠨ ᠳᠠᠭᠠᠨ ᠲᠡᠷᠢᠭᠦᠯᠡᠭᠴᠢ ᠰᠢ ᠶᠢᠨ ᠫᠢᠩ ᠤᠨ ᠴᠠᠭ ᠭᠠᠷᠭᠠᠵᠤ ᠠᠭᠤᠯᠵᠠᠭᠰᠠᠨ ᠳᠤ ᠲᠠᠯᠠᠷᠬᠠᠪᠠ ᠃ | ᠲᠡᠳᠡ ᠂ ᠥᠩᠭᠡᠷᠡᠭᠰᠡᠨ ᠬᠡᠳᠦᠨ ᠠᠷᠪᠠᠨ ᠵᠢᠯ ᠤᠨ ᠲᠤᠷᠰᠢ ᠂ ᠳᠤᠮᠳᠠᠳᠤ ᠤᠯᠤᠰ ᠶᠡᠷᠦ ᠪᠤᠰᠤ ᠶᠢᠨ ᠠᠵᠤ ᠠᠬᠤᠢ ᠶᠢᠨ ᠨᠡᠮᠡᠭᠳᠡᠯ ᠪᠣᠯᠣᠨ ᠭᠡᠯᠪᠡᠷᠢ ᠶᠢ | ᠬᠤᠪᠢᠷᠠᠭᠤᠯᠬᠤ ᠶᠢ ᠪᠡᠶᠡᠯᠡᠭᠦᠯᠵᠦ ᠂ ᠬᠦᠴᠦᠷᠬᠡᠭ ᠶᠡᠭᠡ ᠤᠶᠠᠨ ᠬᠠᠳᠠᠨ ᠴᠢᠨᠠᠷ ᠪᠣᠯᠣᠨ ᠠᠮᠢᠵᠢᠷᠠᠯ ᠤᠨ ᠬᠦᠴᠦᠨ ᠢ ᠢᠯᠡᠷᠡᠭᠦᠯᠪᠡ ᠃ ᠲᠡᠷᠢᠭᠦᠯᠡᠭᠴᠢ ᠰᠢ ᠶᠢᠨ | ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠷᠮᠠᠶᠢᠵᠤ ᠂ ᠨᠡᠩ | ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠪᠡ ᠃ ᠳᠤᠮᠳᠠᠳᠤ ᠤᠯᠤᠰ ᠤᠨ ᠠᠷᠠᠳ ᠲᠦᠮᠡᠨ ᠤ ᠬᠥᠭᠵᠢᠯᠲᠡ ᠶᠢᠨ ᠡᠷᠬᠡ ᠬᠦᠨᠳᠦᠳᠬᠡᠭᠳᠡᠬᠦ ᠶᠣᠰᠣᠲᠠᠢ ᠃ | ᠳᠤᠮᠳᠠᠳᠤ ᠤᠯᠤᠰ ᠲᠤᠰ ᠪᠡᠶ᠎ᠡ ᠶᠢᠨ ᠬᠥᠭᠵᠢᠯᠲᠡ ᠶᠢᠨ ᠬᠠᠷᠠᠯᠲᠠ ᠪᠠᠨ ᠪᠡᠶᠡᠯᠡᠭᠦᠯᠵᠦ ᠂ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠪᠣᠯᠣᠨ ᠠᠭᠤᠰᠤᠯᠴᠠᠯ ᠢ | ᠠᠬᠢᠭᠤᠯᠬᠤ ᠶᠢ ᠢᠲᠡᠭᠡᠵᠦ ᠪᠠᠶᠢᠨ᠎ᠠ ᠃ ᠬᠦᠴᠦᠷᠬᠡᠭ ᠶᠡᠭᠡ ᠂ ᠴᠡᠴᠡᠭᠯᠡᠨ ᠬᠥᠭᠵᠢᠭᠰᠡᠨ ᠳᠤᠮᠳᠠᠳᠤ ᠤᠯᠤᠰ ᠪᠣᠯ ᠳᠡᠯᠡᠬᠡᠢ ᠳ᠋ᠠᠬᠢᠨ ᠤ ᠢᠳᠡᠪᠬᠢ ᠬᠦᠴᠦᠨ ᠮᠥᠨ ᠃ | ᠠᠮᠧᠷᠢᠺᠠ ᠳᠤᠮᠳᠠᠳᠤ ᠶᠢᠨ ᠠᠵᠤ ᠠᠬᠤᠢ ᠶᠢᠨ ᠬᠠᠷᠢᠯᠴᠠᠭ᠎ᠠ ᠨᠢᠭᠲᠠ ᠲᠦᠰᠢᠯᠴᠡᠨ ᠣᠷᠣᠰᠢᠵᠤ ᠂ ᠬᠤᠶᠠᠷ ᠤᠯᠤᠰ ᠭᠠᠭᠴᠠ ᠬᠦ ᠨᠠᠶᠢᠷᠠᠮᠳᠠᠯ ᠢᠶᠠᠷ ᠵᠡᠷᠭᠡᠴᠡᠨ | ᠣᠷᠣᠰᠢᠪᠠᠯ ᠰᠠᠶ᠋ᠢ ᠲᠤᠰ ᠲᠤᠰ ᠤᠨ ᠬᠥᠭᠵᠢᠯ ᠴᠡᠴᠡᠭᠯᠡᠯ ᠢᠶᠠᠨ ᠪᠡᠶᠡᠯᠡᠭᠦᠯᠵᠦ ᠴᠢᠳᠠᠨ᠎ᠠ ᠃ ︽ ᠰᠢᠦᠺᠢᠳᠢᠳ ᠤᠨ ᠤᠨᠠᠭᠤᠯᠢ ︾ ᠨᠢ ᠵᠠᠶᠢᠯᠠᠰᠢ ᠦᠭᠡᠢ ᠪᠢᠰᠢ ᠃ | ᠠᠮᠧᠷᠢᠺᠠ ᠶᠢᠨ ᠠᠵᠤ ᠠᠬᠤᠶᠢᠯᠠᠯ ᠤᠨ ᠬᠢᠨ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠤᠨ ᠲᠣᠭᠲᠠᠭᠠᠭᠰᠠᠨ ᠤᠯᠠᠮ ᠴᠢᠨᠠᠭᠰᠢᠳᠠ ᠥᠭᠡᠷᠡᠴᠢᠯᠡᠯᠲᠡ | ᠨᠡᠭᠡᠭᠡᠯᠲᠡ ᠬᠢᠬᠦ ᠠᠯᠢ ᠤᠯᠠᠨ ᠴᠢᠬᠤᠯᠠ ᠠᠷᠭ᠎ᠠ ᠬᠡᠮᠵᠢᠶ᠎ᠡ ᠶᠢ ᠮᠠᠭᠲᠠᠨ ᠰᠠᠶᠢᠰᠢᠶᠠᠵᠤ ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠠᠯᠤᠰ | ᠢᠷᠡᠭᠡᠳᠦᠢ ᠳᠤ ᠢᠲᠡᠭᠡᠯ ᠲᠠᠢ ᠪᠠᠶᠢᠵᠤ ᠂ ᠡᠷᠡᠰ ᠭᠤᠶᠢᠪᠢᠰᠢ ᠦᠭᠡᠢ ᠪᠠᠷ ᠳᠤᠮᠳᠠᠳᠤ ᠤᠯᠤᠰ ᠲᠤ ᠦᠷᠭᠦᠯᠵᠢᠯᠡᠨ ᠦᠨᠳᠦᠰᠦᠯᠡᠵᠦ ᠂ ᠳᠤᠮᠳᠠᠳᠤ ᠤᠯᠤᠰ ᠯᠤᠭ᠎ᠠ | ᠤᠷᠳᠤ ᠬᠤᠭᠤᠴᠠᠭᠠᠨ ᠤ ᠨᠢᠭᠲᠠ ᠬᠠᠮᠲᠤᠷᠠᠯᠴᠠᠭᠠᠨ ᠤ ᠬᠠᠷᠢᠯᠴᠠᠭ᠎ᠠ ᠶᠢ ᠬᠥᠭᠵᠢᠭᠦᠯᠦᠨ᠎ᠡ ᠃ ᠲᠡᠷᠢᠭᠦᠯᠡᠭᠴᠢ ᠰᠢ ᠶᠢᠨ ᠫᠢᠩ ᠶᠡᠷᠦᠩᠬᠡᠶᠢᠯᠡᠭᠴᠢ ᠪᠠᠶᠢᠳᠧᠨ ᠲᠠᠢ | ᠨᠢᠳᠤᠨᠤᠨ ᠤ 11 ᠰᠠᠷ᠎ᠠ ᠳᠤ ᠰᠠᠨ ᠹᠷᠠᠨᠰᠢᠰᠺᠦ ᠳᠤ ᠠᠮᠵᠢᠯᠲᠠ ᠲᠠᠢ ᠠᠭᠤᠯᠵᠠᠯᠲᠠ ᠬᠢᠵᠦ ᠂ ᠠᠮᠧᠷᠢᠺᠠ ᠶᠢᠨ ᠡᠯ᠎ᠡ ᠡᠲᠡᠭᠡᠳ ᠪᠣᠯᠣᠨ ᠳᠡᠯᠡᠬᠡᠢ ᠶᠢᠨ ᠠᠮᠧᠷᠢᠺᠠ | ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠶᠢᠨ ᠲᠤᠬᠠᠢ ᠵᠢᠱᠢᠯᠲᠡ ᠪᠣᠯᠣᠨ ᠢᠲᠡᠭᠡᠯ ᠢ ᠬᠥᠪᠴᠢᠯᠡᠪᠡ ᠃ ᠠᠮᠧᠷᠢᠺᠠ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ | ᠪᠣᠯᠣᠨ ᠪᠠᠶᠢᠯᠳᠤᠬᠤ ᠪᠣᠳᠣᠯᠭ᠎ᠠ ᠶᠢᠨ ᠡᠷᠳᠡᠮ ᠰᠢᠨᠵᠢᠯᠡᠭᠡᠨ ᠤ ᠡᠲᠡᠭᠡᠳ ᠠᠮᠧᠷᠢᠺᠠ ᠳᠤᠮᠳᠠᠳᠤ ᠬᠤᠶᠠᠷ ᠲᠠᠯ᠎ᠠ ᠶᠢᠨ ᠬᠢᠨ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ | ᠰᠣᠯᠢᠯᠴᠠᠭ᠎ᠠ ᠪᠠᠨ ᠴᠢᠩᠭᠠᠳᠬᠠᠬᠤ ᠶᠢ ᠲᠡᠮᠵᠢᠵᠤ ᠂ ᠣᠶᠢᠯᠠᠭᠠᠯᠴᠠᠭ᠎ᠠ ᠂ ᠢᠲᠡᠭᠡᠯᠴᠡᠭᠡ ᠪᠣᠯᠣᠨ ᠬᠠᠮᠲᠤᠷᠠᠯᠴᠠᠭ᠎ᠠ ᠪᠠᠨ ᠨᠡᠮᠡᠭᠳᠡᠭᠦᠯᠵᠦ ᠂ ᠭᠠᠷ ᠬᠤᠯᠪᠣᠨ ᠪᠦᠭᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠵᠤ ᠂ ᠲᠣᠭᠲᠠᠭᠤᠨ ᠂ ᠦᠷᠭᠦᠯᠵᠢᠯᠡᠬᠦ ᠂ ᠦᠷ᠎ᠡ ᠪᠦᠲᠦᠮᠵᠢᠳᠠᠢ ᠠᠮᠧᠷᠢᠺᠠ ᠳᠤᠮᠳᠠᠳᠤ ᠶᠢᠨ ᠬᠠᠷᠢᠯᠴᠠᠭ᠎ᠠ | ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ ᠃ | ᠸᠠᠩ ᠢ ᠠᠭᠤᠯᠵᠠᠯᠲᠠ ᠳᠤ ᠣᠷᠣᠯᠴᠠᠵᠠᠢ ᠃ | | | |