| 3 ᠰᠠᠷ᠎ᠠ ᠶᠢᠨ 27 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠷᠢ ᠯᠠᠨᠺᠠ ᠶᠢᠨ ᠶᠡᠷᠦᠩᠬᠡᠢ ᠰᠠᠶᠢᠳ ᠭᠦᠨᠠᠸᠠᠳᠧᠨᠠ ᠲᠠᠢ ᠠᠭᠤᠯᠵᠠᠪᠠ ᠃ | | ᠰᠢ ᠶᠢᠨ ᠫᠢᠩ ᠂ ᠳᠤᠮᠳᠠᠳᠤ ᠰᠷᠢ ᠯᠠᠨᠺᠠ ᠶᠢᠨ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ ᠂ ᠬᠤᠶᠠᠷ ᠤᠯᠤᠰ ᠤᠨ ᠠᠷᠠᠳ ᠲᠦᠮᠡᠨ ᠲᠥᠷᠥᠯᠬᠢ ᠶᠢᠨ | ᠳᠣᠲᠣᠨᠣ ᠰᠡᠳᠬᠢᠯᠭᠡ ᠲᠠᠢ ᠶᠤᠮ ᠃ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠶᠢ ᠰᠠᠶᠢᠲᠤᠷ ᠪᠠᠬᠢᠵᠢᠭᠦᠯᠦᠨ ᠰᠠᠶᠢᠲᠤᠷ ᠬᠥᠭᠵᠢᠭᠦᠯᠬᠦ ᠨᠢ ᠬᠤᠶᠠᠷ ᠤᠯᠤᠰ ᠤᠨ | ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠣᠨ ᠬᠠᠮᠲᠤ ᠶᠢᠨ ᠬᠦᠰᠡᠯ ᠡᠷᠡᠮᠡᠯᠵᠡᠯ ᠲᠠᠢ ᠨᠡᠶᠢᠴᠡᠨ᠎ᠡ ᠃ ᠳᠤᠮᠳᠠᠳᠤ ᠤᠯᠤᠰ ᠳᠤᠷᠠᠲᠠᠶ᠎ᠠ ᠰᠷᠢ | ᠯᠠᠨᠺᠠ ᠶᠢᠨ ᠬᠢᠨ ᠲᠠᠢ ᠬᠠᠮᠲᠤ ᠪᠠᠷ ︽ ᠲᠤᠰᠠᠭᠠᠷ ᠲᠣᠭᠲᠠᠨᠢᠵᠤ ᠥᠪᠡᠷ ᠢ ᠪᠠᠨ ᠬᠦᠴᠦᠷᠬᠡᠭᠵᠢᠭᠦᠯᠬᠦ ᠂ ᠪᠦᠯᠬᠦᠮᠳᠡᠨ ᠬᠠᠪᠰᠤᠷᠤᠯᠴᠠᠬᠤ ︾ ᠶᠢᠨ ︽ ᠲᠤᠲᠤᠷᠭ᠎ᠠ | ᠭᠤᠮ ᠤᠨ ᠰᠣᠯᠢᠯᠴᠠᠭᠠᠨ ᠤ ᠵᠥᠪᠳᠡᠯᠴᠡᠭᠡᠷ ︾ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ ᠂ ᠤᠯᠤᠰ ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ ᠂ | ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠥᠷᠭᠡᠳᠬᠡᠵᠦ ᠂ ︽ | ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ ᠂ ᠳᠤᠮᠳᠠᠳᠤ ᠰᠷᠢ ᠯᠠᠨᠺᠠ ᠶᠢᠨ ᠴᠢᠩ ᠦᠨᠡᠨᠴᠢ ᠪᠠᠷ ᠬᠠᠷᠢᠯᠴᠠᠨ | ᠬᠠᠪᠰᠤᠷᠤᠯᠴᠠᠬᠤ ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ | ᠦᠭᠡᠢ ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠤᠯᠤᠰ ᠤᠨ ᠬᠢᠨ ᠰᠷᠢ ᠯᠠᠨᠺᠠ ᠶᠢᠨ ᠤᠯᠤᠰ ᠤᠨ ᠡᠷᠬᠡ ᠮᠡᠳᠡᠯ ᠂ ᠲᠤᠰᠠᠭᠠᠷ ᠲᠣᠭᠲᠠᠨᠢᠯ ᠂ ᠦᠨᠳᠦᠰᠦᠲᠡᠨ ᠤ ᠨᠡᠷ᠎ᠡ ᠬᠦᠨᠳᠦ ᠪᠠᠨ | ᠬᠠᠮᠠᠭᠠᠯᠠᠬᠤ ᠂ ᠲᠣᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ ᠂ ᠰᠷᠢ ᠯᠠᠨᠺᠠ ᠶᠢᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃ ᠬᠤᠶᠠᠷ ᠲᠠᠯ᠎ᠠ ᠪᠠᠷ ᠢᠶᠠᠨ ᠬᠠᠮᠲᠤ ᠪᠠᠷ | ᠴᠢᠷᠮᠠᠶᠢᠵᠤ ᠪᠠᠶᠢᠭᠠᠳ ︽ ᠨᠢᠭᠡ ᠪᠦᠰᠡ ᠨᠢᠭᠡ ᠵᠠᠮ ︾ ᠂ ᠣᠨᠴᠠᠭᠠᠶᠢᠯᠠᠨ ᠺᠣᠯᠤᠮᠪᠤ ᠶᠢᠨ ᠭᠠᠷᠠᠮ ᠤᠨ ᠬᠤᠳᠠ ᠪᠣᠯᠣᠨ ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ | ᠬᠥᠭᠵᠢᠭᠦᠯᠬᠦ ᠬᠤᠶᠠᠷ ᠶᠡᠭᠡ ᠵᠢᠯᠤᠭᠤᠳᠬᠤ ᠲᠦᠷᠦᠯ ᠵᠦᠢᠯ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ ᠂ ᠪᠠᠷᠠᠭᠠᠨ ᠤ ᠭᠦᠢᠯᠭᠡᠭᠡ ᠂ | ᠡᠨᠧᠷᠭᠢ ᠂ ᠠᠵᠤ ᠦᠢᠯᠡᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠲᠣᠭᠠᠴᠢᠯᠠᠭᠰᠠᠨ ᠠᠵᠤ ᠠᠬᠤᠢ ᠂ ᠪᠣᠬᠢᠷᠳᠤᠯ ᠦᠭᠡᠢ ᠠᠵᠤ ᠠᠬᠤᠢ ᠂ ᠴᠡᠪᠡᠷ ᠡᠨᠧᠷᠭᠢ ᠂ | ᠰᠣᠶᠣᠯ ᠵᠢᠭᠤᠯᠴᠢᠯᠠᠯ ᠂ ᠲᠠᠯᠠᠢ ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠶ᠎ᠠ ᠃ ᠳᠤᠮᠳᠠᠳᠤ ᠤᠯᠤᠰ | ᠳᠤᠷᠠᠲᠠᠶ᠎ᠠ ᠰᠷᠢ ᠯᠠᠨᠺᠠ ᠶᠢᠨ ᠣᠨᠴᠠᠯᠢᠭᠲᠤ ᠴᠢᠨᠠᠷ ᠰᠠᠶᠢᠲᠠᠢ ᠦᠢᠯᠡᠳᠬᠦᠨ ᠢ ᠬᠢᠯᠢ ᠪᠠᠷ ᠣᠷᠣᠭᠤᠯᠬᠤ ᠶᠢ ᠦᠷᠭᠦᠯᠵᠢᠯᠡᠨ ᠥᠷᠭᠡᠳᠬᠡᠵᠦ ᠂ ᠳᠤᠮᠳᠠᠳᠤ ᠤᠯᠤᠰ ᠤᠨ | ᠠᠵᠤ ᠠᠬᠤᠶᠢᠯᠠᠯ ᠤᠨ ᠰᠷᠢ ᠯᠠᠨᠺᠠ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠵᠣᠷᠢᠭᠵᠢᠭᠤᠯᠤᠨ᠎ᠠ ᠂ ᠰᠷᠢ ᠯᠠᠨᠺᠠ ᠶᠢᠨ ᠬᠢᠨ ᠡᠷᠬᠡ ᠲᠡᠭᠰᠢ ᠂ ᠢᠯᠡ | ᠲᠣᠳᠣ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠬᠤ ᠶᠢ ᠬᠦᠰᠡᠵᠦ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠬᠥᠳᠡᠭᠡ | ᠲᠣᠰᠬᠤᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ ᠂ ᠰᠷᠢ ᠯᠠᠨᠺᠠ ᠶᠢᠨ ᠠᠵᠤ ᠠᠬᠤᠢ ᠶᠢᠨ ᠭᠡᠯᠪᠡᠷᠢ ᠶᠢ | ᠬᠤᠪᠢᠷᠠᠭᠤᠯᠤᠨ ᠲᠡᠰ ᠳᠡᠪᠰᠢᠬᠦ ᠪᠠ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠃ ᠬᠤᠶᠠᠷ ᠲᠠᠯ᠎ᠠ ᠪᠠᠷ ᠢᠶᠠᠨ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠲᠠᠪᠤᠨ ᠵᠠᠷᠴᠢᠮ ᠢ ᠤᠯᠠᠮ ᠴᠢᠨᠠᠭᠰᠢᠳᠠ ᠪᠠᠳᠠᠷᠠᠭᠤᠯᠵᠤ ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ | ᠴᠢᠩᠭᠠᠳᠬᠠᠵᠤ ᠂ ᠳᠤᠮᠳᠠᠳᠤ ᠰᠷᠢ ᠯᠠᠨᠺᠠ ᠶᠢᠨ ᠬᠠᠮᠲᠤ ᠶᠢᠨ ᠠᠰᠢᠭ ᠲᠤᠰᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠰᠠᠶᠢᠲᠤᠷ ᠬᠠᠮᠠᠭᠠᠯᠠᠵᠤ ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠪᠠᠯ ᠵᠣᠬᠢᠨ᠎ᠠ ᠭᠡᠵᠦ ᠴᠢᠬᠤᠯᠠᠴᠢᠯᠠᠪᠠ ᠃ | ᠭᠦᠨᠠᠸᠠᠳᠧᠨᠠ ᠂ ᠰᠷᠢ ᠯᠠᠨᠺᠠ ᠳᠤᠮᠳᠠᠳᠤ ᠤᠯᠤᠰ ᠤᠯᠠᠮᠵᠢᠯᠠᠯᠲᠤ ᠨᠥᠬᠦᠷᠯᠡᠯ ᠲᠠᠢ ᠶᠤᠮ ᠃ ᠰᠷᠢ ᠯᠠᠨᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ | ᠤᠬᠳᠦ ᠭᠤᠶᠢᠪᠢᠰᠢ ᠦᠭᠡᠢ ᠵᠢᠷᠤᠮᠯᠠᠵᠤ ᠂ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭᠠᠨ ᠤ ᠲᠦᠷᠦ ᠶᠢᠨ ᠪᠣᠳᠣᠯᠭ᠎ᠠ ᠶᠢ ᠤᠬᠳᠦ ᠭᠤᠶᠢᠪᠢᠰᠢ ᠦᠭᠡᠢ | ᠬᠡᠷᠡᠭᠵᠢᠭᠦᠯᠵᠦ ᠂ ᠳᠤᠮᠳᠠᠳᠤ ᠤᠯᠤᠰ ᠢ ᠢᠮᠠᠭᠲᠠ ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠪᠠ ᠃ ᠰᠷᠢ ᠯᠠᠨᠺᠠ ᠶᠢᠨ ᠬᠦᠴᠢᠷᠳᠡᠯ ᠲᠠᠢ ᠦᠶ᠎ᠡ ᠳᠤ | ᠳᠤᠮᠳᠠᠳᠤ ᠤᠯᠤᠰ ᠢᠮᠠᠭᠲᠠ ᠴᠠᠭ ᠲᠤᠬᠠᠢ ᠳᠤᠨᠢ ᠲᠤᠰᠠᠯᠠᠮᠵᠢ ᠦᠵᠡᠭᠦᠯᠳᠡᠭ ᠢ ᠰᠷᠢ ᠯᠠᠨᠺᠠ ᠶᠢᠨ ᠬᠢᠨ ᠮᠠᠷᠲᠠᠬᠤ ᠦᠭᠡᠢ ᠶᠤᠮ ᠂ ᠰᠷᠢ ᠯᠠᠨᠺᠠ ᠳᠤᠮᠳᠠᠳᠤ ᠤᠯᠤᠰ | ᠪᠣᠯ ᠬᠤᠪᠢ ᠵᠠᠶᠠᠭ᠎ᠠ ᠪᠠᠨ ᠬᠠᠮᠲᠤᠳᠬᠠᠭᠰᠠᠨ ᠵᠣᠪᠠᠭᠤᠷᠢ ᠵᠦᠳᠡᠭᠦᠷᠢ ᠪᠠᠨ ᠬᠠᠮᠲᠤᠳᠬᠠᠭᠰᠠᠨ ᠨᠠᠶᠢᠵᠠ ᠮᠥᠨ ᠃ ᠺᠣᠯᠤᠮᠪᠤ ᠶᠢᠨ ᠭᠠᠷᠠᠮ ᠤᠨ ᠬᠤᠳᠠ ᠪᠣᠯᠣᠨ | ᠬᠠᠨᠪᠠᠨᠲ᠋ᠣᠲ᠋ᠠ ᠶᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠵᠡᠷᠭᠡ ᠲᠦᠷᠦᠯ ᠵᠦᠢᠯ ᠨᠢ ᠰᠷᠢ ᠯᠠᠨᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠢᠯ ᠤᠨ | ᠶᠡᠭᠡ ᠪᠠᠷ ᠬᠥᠭᠵᠢᠭᠡᠵᠦ ᠂ ᠭᠠᠵᠠᠷ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠶᠢ ᠴᠦ ᠬᠦᠴᠦᠲᠡᠢ ᠠᠬᠢᠭᠤᠯᠤᠭᠰᠠᠨ ᠪᠠᠶᠢᠨ᠎ᠠ ᠃ ᠲᠡᠷᠢᠭᠦᠯᠡᠭᠴᠢ ᠰᠢ ᠶᠢᠨ | ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠨᠢ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠪᠠ ᠢᠳᠡᠪᠬᠢ ᠬᠦᠴᠦᠨ | ᠨᠡᠮᠡᠷᠢᠯᠡᠵᠡᠢ ᠂ ᠰᠷᠢ ᠯᠠᠨᠺᠠ ᠶᠢᠨ ᠬᠢᠨ ᠢᠳᠡᠪᠬᠢᠲᠡᠢ ᠣᠷᠣᠯᠴᠠᠨ ᠳᠡᠮᠵᠢᠨ᠎ᠠ ᠭᠡᠵᠦ ᠢᠯᠡᠳᠬᠡᠪᠡ ᠃ ᠰᠷᠢ ᠯᠠᠨᠺᠠ ᠶᠢᠨ ᠬᠢᠨ ᠳᠤᠷᠠᠲᠠᠶ᠎ᠠ ᠦᠷᠭᠦᠯᠵᠢᠯᠡᠨ ᠳᠤᠮᠳᠠᠳᠤ | ᠤᠯᠤᠰ ᠯᠤᠭ᠎ᠠ ᠬᠠᠮᠲᠤ ᠪᠠᠷ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠪᠠᠳᠠᠷᠠᠭᠤᠯᠵᠤ ᠂ ᠰᠷᠢ ᠯᠠᠨᠺᠠ ᠳᠤᠮᠳᠠᠳᠤ ᠶᠢᠨ ᠨᠥᠭᠦᠷᠰᠡᠭ ᠬᠠᠷᠢᠯᠴᠠᠭ᠎ᠠ ᠶᠢ | ᠭᠦᠨᠵᠡᠭᠡᠶᠢᠷᠡᠭᠦᠯᠵᠦ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ ᠂ ᠠᠵᠤ ᠠᠬᠤᠢ ᠠᠷᠠᠯᠵᠢᠶ᠎ᠠ ᠂ ᠰᠤᠷᠭᠠᠨ ᠬᠥᠮᠦᠵᠢᠯ ᠂ | ᠵᠢᠭᠤᠯᠴᠢᠯᠠᠯ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠵᠦ ᠂ ᠤᠯᠠᠨ ᠤᠯᠤᠰ ᠤᠯᠠᠨ | ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠶᠢ ᠨᠢᠭᠲᠠᠷᠠᠭᠤᠯᠵᠤ ᠂ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ ᠃ | ᠸᠠᠩ ᠢ ᠠᠭᠤᠯᠵᠠᠯᠲᠠ ᠳᠤ ᠣᠷᠣᠯᠴᠠᠵᠠᠢ ᠃ | ᠢᠷᠡᠯᠲᠡ ᠄ ᠥᠪᠥᠷ ᠮᠣᠩᠭᠤᠯ ᠤᠨ ᠡᠳᠦᠷ ᠤᠨ ᠰᠣᠨᠢᠨ | |