| ᠶᠡᠷᠦᠩᠬᠡᠢ ᠱᠦᠵᠢ ᠰᠢ ᠶᠢᠨ ᠫᠢᠩ ᠤᠨ ᠬᠤᠣᠷᠲᠤ ᠡᠳ᠋ ᠢ ᠴᠠᠭᠠᠵᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠤᠨ ᠪᠠᠷᠢᠮᠵᠢᠶᠠᠵᠢᠭᠤᠯᠤᠯᠲᠠ ᠂ ᠲᠣᠭᠠᠵᠢᠭᠤᠯᠤᠭᠰᠠᠨ ᠡᠬᠢ | ᠪᠠᠶᠠᠯᠢᠭ ᠤᠨ ᠳᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠂ ᠤᠯᠤᠰ ᠤᠨ ᠬᠤᠣᠷᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠤᠨ ︽ | ᠪᠦᠬᠦ ᠤᠯᠤᠰ ᠤᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠪᠠᠷᠢᠮᠵᠢᠶᠠᠵᠢᠭᠤᠯᠤᠭᠰᠠᠨ ᠮᠠᠲ᠋ᠧᠷᠢᠶᠠᠯ ᠢ ᠰᠣᠩᠭᠤᠬᠤ ᠠᠵᠢᠯᠯᠠᠭ᠎ᠠ ᠶᠢ ᠥᠷᠨᠢᠭᠦᠯᠬᠦ | ᠲᠤᠬᠠᠢ ᠮᠡᠳᠡᠭᠳᠡᠯ ︾ ᠶᠣᠰᠣᠭᠠᠷ ᠂ ᠡᠨᠡ ᠡᠳᠦᠷ ᠠᠴᠠ ᠡᠬᠢᠯᠡᠨ 4 ᠰᠠᠷ᠎ᠠ ᠶᠢᠨ ᠡᠬᠢ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠬᠤᠣᠷᠲᠤ ᠡᠳ᠋ ᠢ ᠴᠠᠭᠠᠵᠠᠯᠠᠬᠤ ᠠᠯᠪᠠᠨ ᠭᠡᠷ ᠲᠠᠢ ᠬᠠᠮᠲᠤᠷᠠᠨ ᠪᠦᠬᠦ ᠣᠷᠣᠨ ᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ | ᠬᠥᠮᠦᠵᠢᠯ ᠤᠨ ᠬᠢᠴᠢᠶᠡᠯ ᠤᠨ ᠫᠷᠣᠭ᠍ᠷᠠᠮ ᠢ ᠴᠤᠭᠯᠠᠭᠤᠯᠵᠤ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ ᠂ ᠨᠢᠭᠡ ᠪᠦᠯᠦᠭ ᠬᠡᠷᠡᠭᠯᠡᠬᠦ ᠬᠡᠪᠴᠢᠶ᠎ᠡ ᠥᠷᠭᠡᠨ ᠂ | ᠨᠠᠶᠢᠷᠠᠭᠤᠯᠤᠨ ᠦᠢᠯᠡᠳᠬᠦ ᠲᠦᠪᠰᠢᠨ ᠥᠨᠳᠥᠷ ᠂ ᠪᠣᠳᠠᠲᠠᠢ ᠬᠡᠷᠡᠭᠯᠡᠬᠦ ᠦᠷ᠎ᠡ ᠪᠦᠲᠦᠮᠵᠢ ᠰᠠᠶᠢᠨ ᠬᠤᠣᠷᠲᠤ ᠡᠳ᠋ ᠢ ᠴᠠᠭᠠᠵᠠᠯᠠᠬᠤ ᠬᠥᠮᠦᠵᠢᠯ ᠤᠨ ᠬᠢᠴᠢᠶᠡᠯ ᠢ | ᠰᠢᠯᠭᠠᠷᠠᠭᠤᠯᠤᠨ ᠂ ᠪᠦᠬᠦ ᠣᠷᠣᠨ ᠤ ᠬᠡᠪᠴᠢᠶᠡᠨ ᠳᠤ ᠬᠡᠷᠡᠭᠯᠡᠬᠦ ᠶᠢᠨ ᠬᠠᠮᠲᠤ ᠰᠢᠯᠢᠳᠡᠭ ᠢ ᠰᠣᠩᠭᠤᠨ ᠤᠯᠤᠰ ᠤᠨ ᠬᠤᠣᠷᠲᠤ ᠡᠳ᠋ ᠢ ᠴᠠᠭᠠᠵᠠᠯᠠᠬᠤ ᠠᠯᠪᠠᠨ ᠭᠡᠷ ᠲᠤ | ᠪᠠᠲᠤᠯᠠᠨ ᠲᠠᠨᠢᠯᠴᠠᠭᠤᠯᠤᠨ᠎ᠠ ᠃ ᠨᠢᠭᠡ ᠂ ᠰᠢᠯᠭᠠᠷᠠᠭᠤᠯᠤᠯᠲᠠ ᠳᠤ ᠣᠷᠣᠯᠴᠠᠬᠤ ᠳᠤᠭᠤᠶᠢᠯᠠᠩ ᠪᠠ ᠡᠲᠡᠭᠡᠳ ᠬᠢᠴᠢᠶᠡᠯ ᠤᠨ ᠫᠷᠣᠭ᠍ᠷᠠᠮ ᠢ ︽ ᠪᠠᠭ᠎ᠠ ᠰᠤᠷᠭᠠᠭᠤᠯᠢ ᠶᠢᠨ | ᠳᠤᠭᠤᠶᠢᠯᠠᠩ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠳᠤᠭᠤᠶᠢᠯᠠᠩ ᠂ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠂ ᠨᠡᠶᠢᠭᠡᠮ ᠤᠨ ᠳᠤᠭᠤᠶᠢᠯᠠᠩ ︾ ᠭᠡᠵᠦ ᠵᠢᠷᠭᠤᠭᠠᠨ ᠳᠤᠭᠤᠶᠢᠯᠠᠩ | ᠶᠣᠰᠣᠭᠠᠷ ᠮᠡᠳᠡᠭᠦᠯᠬᠦ ᠪᠠ ᠰᠢᠯᠭᠠᠷᠠᠭᠤᠯᠵᠤ ᠂ ᠠᠳᠠᠯᠢ ᠪᠤᠰᠤ ᠰᠤᠷᠭᠠᠭᠤᠯᠢ ᠶᠢᠨ ᠨᠠᠰᠤᠨ ᠤ ᠰᠤᠷᠤᠭᠴᠢᠳ ᠲᠤ ᠬᠠᠨᠳᠤᠭᠤᠯᠤᠭᠰᠠᠨ ᠲᠤᠰᠬᠠᠢ ᠰᠡᠳᠦᠪᠲᠦ | ᠬᠢᠴᠢᠶᠡᠯ ᠤᠨ ᠫᠷᠣᠭ᠍ᠷᠠᠮ ᠪᠣᠯᠬᠤ ᠪᠥᠭᠡᠳ ᠪᠠᠰᠠ ᠣᠯᠠᠨ ᠨᠡᠶᠢᠲᠡ ᠳᠤ ᠬᠠᠨᠳᠤᠭᠤᠯᠤᠭᠰᠠᠨ ᠨᠡᠶᠢᠳᠡᠮ ᠬᠡᠷᠡᠭᠯᠡᠬᠦ ᠬᠢᠴᠢᠶᠡᠯ ᠤᠨ ᠫᠷᠣᠭ᠍ᠷᠠᠮ ᠪᠣᠯᠤᠨ᠎ᠠ ᠃ | ᠰᠢᠯᠭᠠᠷᠠᠭᠤᠯᠤᠯᠲᠠ ᠳᠤ ᠣᠷᠣᠯᠴᠠᠬᠤ ᠡᠲᠡᠭᠡᠳ ᠪᠣᠯ ᠰᠤᠷᠭᠠᠭᠤᠯᠢ ᠳᠤ ᠪᠠᠶᠢᠭ᠎ᠠ ᠰᠤᠷᠤᠭᠴᠢ ᠂ ᠬᠤᠣᠷᠲᠤ ᠡᠳ᠋ ᠢ ᠴᠠᠭᠠᠵᠠᠯᠠᠬᠤ ᠲᠤᠰᠬᠠᠢ ᠪᠠ ᠲᠤᠰᠢᠶᠠᠯ | ᠬᠠᠪᠰᠤᠷᠭᠠᠭᠰᠠᠨ ᠪᠠᠭᠰᠢ ᠂ ᠬᠤᠣᠷᠲᠤ ᠡᠳ᠋ ᠢ ᠴᠠᠭᠠᠵᠠᠯᠠᠬᠤ ᠠᠵᠢᠯᠲᠠᠨ ᠂ ᠬᠤᠣᠷᠲᠤ ᠡᠳ᠋ ᠢ ᠴᠠᠭᠠᠵᠠᠯᠠᠬᠤ ᠰᠠᠶᠢᠨ ᠳᠤᠷᠠᠴᠤᠤᠯ ᠪᠠ ᠬᠤᠣᠷᠲᠤ ᠡᠳ᠋ ᠢ ᠴᠠᠭᠠᠵᠠᠯᠠᠬᠤ | ᠨᠡᠶᠢᠲᠡ ᠶᠢᠨ ᠠᠰᠠᠷᠠᠮᠵᠢ ᠶᠢᠨ ᠠᠵᠢᠯᠲᠠᠨ ᠪᠣᠯᠤᠨ᠎ᠠ ᠃ ᠬᠤᠶᠠᠷ ᠂ ᠮᠡᠳᠡᠭᠦᠯᠬᠦ ᠱᠠᠭᠠᠷᠳᠠᠯᠭ᠎ᠠ ︵ ᠨᠢᠭᠡ ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠯᠤᠰ ᠤᠨ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠪᠣᠯᠤᠨ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠳᠤ ᠨᠡᠶᠢᠴᠡᠵᠦ ᠂ ᠰᠤᠷᠭᠠᠨ ᠬᠥᠮᠦᠵᠢᠯ ᠤᠨ | ᠵᠢᠮ᠎ᠡ ᠶᠣᠰᠣ ᠶᠢ ᠵᠢᠷᠤᠮᠯᠠᠨ ᠂ ᠠᠳᠠᠯᠢ ᠪᠤᠰᠤ ᠨᠠᠰᠤᠨ ᠤ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠪᠤᠶᠢᠵᠢᠯᠲᠠ ᠶᠢᠨ ᠣᠨᠴᠠᠯᠢᠭ ᠪᠣᠯᠤᠨ | ᠰᠤᠷᠤᠯᠴᠠᠯᠭ᠎ᠠ ᠶᠢᠨ ᠣᠨᠴᠠᠯᠢᠭ ᠲᠤ ᠨᠡᠶᠢᠴᠡᠭᠰᠡᠨ ᠪᠠᠶᠢᠬᠤ ᠬᠡᠷᠡᠭᠲᠡᠢ ︔ ᠬᠤᠣᠷᠲᠤ ᠡᠳ᠋ ᠢ ᠴᠠᠭᠠᠵᠠᠯᠠᠬᠤ ᠠᠵᠢᠯ ᠤᠨ ᠪᠣᠳᠠᠲᠤ ᠱᠠᠭᠠᠷᠳᠠᠯᠭ᠎ᠠ ᠳᠤ ᠨᠡᠶᠢᠴᠡᠵᠦ ᠂ ᠣᠨᠣᠯ | ᠰᠢᠨᠵᠢᠯᠡᠬᠦ ᠤᠬᠠᠭᠠᠨᠴᠢ ᠂ ᠵᠢᠷᠤᠭ ᠲᠥᠯᠥᠪᠯᠡᠭᠡ ᠴᠢᠩᠭ᠎ᠠ ᠨᠢᠮᠪᠠᠢ ᠂ ᠪᠦᠲᠦᠴᠡ ᠵᠦᠢ ᠵᠣᠬᠢᠰᠲᠠᠢ ᠂ ᠦᠰᠦᠭ ᠪᠢᠴᠢᠭ ᠨᠠᠷᠢᠯᠢᠭ ᠪᠣᠯᠪᠠᠰᠤᠷᠠᠩᠭᠤᠢ ᠂ ᠨᠡᠯᠢᠶᠡᠳ | ᠥᠷᠭᠡᠨ ᠳᠡᠯᠭᠡᠷ ᠬᠡᠷᠡᠭᠯᠡᠭᠡᠨ ᠤ ᠴᠢᠨᠠᠷ ᠲᠠᠢ ᠪᠠᠶᠢᠬᠤ ᠬᠡᠷᠡᠭᠲᠡᠢ ᠃ ︵ ᠬᠤᠶᠠᠷ ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠯᠤᠰ ᠤᠨ ᠳᠣᠲᠣᠭᠠᠳᠤ ᠭᠠᠳᠠᠭᠠᠳᠤ ᠶᠢᠨ | ᠠᠳᠠᠯᠢ ᠲᠥᠷᠥᠯ ᠤᠨ ᠮᠠᠲ᠋ᠧᠷᠢᠶᠠᠯ ᠤᠨ ᠰᠢᠯᠢᠳᠡᠭ ᠦᠷ᠎ᠡ ᠪᠦᠲᠦᠭᠡᠯ ᠢ ᠪᠦᠲᠦᠮᠵᠢᠲᠡᠢ ᠰᠢᠩᠭᠡᠭᠡᠵᠦ ᠂ ᠬᠤᠣᠷᠲᠤ ᠡᠳ᠋ ᠢ ᠴᠠᠭᠠᠵᠠᠯᠠᠬᠤ ᠬᠦᠷᠢᠶᠡᠨ ᠳᠠᠬᠢ ᠮᠢᠨᠴᠦᠷᠡᠭᠦᠯᠬᠦ | ᠡᠮ ᠤᠨ ᠵᠦᠢᠯ ᠂ ᠡᠮᠲᠦ ᠪᠣᠳᠠᠰ ᠂ ᠰᠢᠨ᠎ᠡ ᠣᠶᠤᠨ ᠰᠠᠨᠠᠭ᠎ᠠ ᠶᠢ ᠬᠥᠭᠡᠷᠦᠭᠦᠯᠬᠦ ᠪᠣᠳᠠᠰ ᠵᠢᠴᠢ ᠰᠢᠨᠤᠭᠤᠯᠬᠤ ᠪᠣᠳᠠᠰ ᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠬᠦ | ᠵᠡᠷᠭᠡ ᠰᠢᠨ᠎ᠡ ᠮᠡᠳᠡᠯᠭᠡ ᠶᠢ ᠲᠤᠰᠬᠠᠵᠤ ᠂ ᠬᠤᠣᠷᠲᠤ ᠡᠳ᠋ ᠢ ᠴᠠᠭᠠᠵᠠᠯᠠᠬᠤ ᠪᠠᠭᠰᠢ ᠶᠢᠨ ᠬᠢᠷᠢ ᠬᠡᠮ ᠢ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠴᠤ ᠂ ᠰᠤᠷᠭᠠᠨ | ᠬᠥᠮᠦᠵᠢᠯ ᠤᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ ᠃ ︵ ᠭᠤᠷᠪᠠ ︶ ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ᠤᠭ ᠪᠦᠲᠦᠭᠡᠯ ᠪᠣᠯᠬᠤ | ᠮᠥᠷᠲᠡᠭᠡᠨ ᠵᠢᠩᠬᠢᠨᠢ ᠪᠠᠷ ᠬᠡᠪᠯᠡᠭᠦᠯᠦᠭᠰᠡᠨ ᠦᠭᠡᠢ ᠪᠠᠶᠢᠬᠤ ᠬᠡᠷᠡᠭᠲᠡᠢ ᠃ ᠮᠡᠳᠡᠯᠭᠡ ᠶᠢᠨ ᠬᠡᠪᠯᠡᠯ ᠤᠨ ᠡᠷᠬᠡ ᠳᠤ ᠬᠠᠯᠳᠠᠭᠰᠠᠨ ᠪᠤᠶᠤ ᠬᠠᠭᠤᠯᠤᠭᠰᠠᠨ ᠠᠰᠠᠭᠤᠳᠠᠯ ᠳᠤ | ᠬᠤᠯᠪᠣᠭᠳᠠᠭᠰᠠᠨ ᠪᠥᠲᠦᠭᠡᠯ ᠪᠣᠯᠬᠤ ᠳᠤ ᠬᠦᠷᠪᠡᠯ ᠣᠷᠣᠯᠴᠠᠭᠰᠠᠨ ᠬᠤᠪᠢ ᠬᠥᠮᠦᠨ ᠪᠦᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ | ᠤᠷᠤᠯᠳᠤᠭᠠᠨ ᠳᠤ ᠣᠷᠣᠯᠴᠠᠬᠤ ᠬᠢᠷᠢ ᠭᠡᠮ ᠢ ᠬᠠᠰᠤᠨ᠎ᠠ ᠃ ︵ ᠲᠦᠷᠪᠡ ︶ ᠴᠤᠭᠯᠠᠭᠤᠯᠵᠤ ᠰᠢᠯᠭᠠᠷᠠᠭᠤᠯᠬᠤ ᠳᠤ ᠣᠷᠣᠯᠴᠠᠭᠰᠠᠨ ᠪᠦᠲᠦᠭᠡᠯ ᠢ ᠰᠢᠯᠭᠠᠷᠠᠭᠤᠯᠬᠤ | ᠶᠠᠪᠤᠴᠠ ᠳᠤ ᠪᠠ ᠳᠠᠭᠤᠰᠤᠭᠰᠠᠨ ᠤ ᠳᠠᠷᠠᠭ᠎ᠠ ᠠᠵᠢᠯᠯᠠᠭ᠎ᠠ ᠶᠢ ᠭᠤᠣᠯ ᠡᠷᠬᠢᠯᠡᠭᠰᠡᠨ ᠨᠢᠭᠡᠴᠢ ᠳᠤ ᠲᠥᠯᠥᠪᠦᠷᠢ ᠦᠭᠡᠢ ᠬᠠᠩᠭᠠᠵᠤ ᠂ ᠬᠤᠣᠷᠠᠲᠤ ᠡᠳ᠋ ᠢ ᠴᠠᠭᠠᠵᠠᠯᠠᠬᠤ | ᠤᠬᠠᠭᠤᠯᠭ᠎ᠠ ᠬᠥᠮᠦᠵᠢᠯ ᠤᠨ ᠠᠵᠢᠯ ᠵᠢᠴᠢ ᠬᠠᠮᠢᠶ᠎ᠠ ᠪᠦᠬᠦᠢ ᠵᠠᠭᠤᠴᠢᠯᠠᠭᠤᠷ ᠤᠨ ᠤᠬᠠᠭᠤᠯᠵᠤ ᠳᠡᠯᠭᠡᠨ ᠦᠵᠡᠭᠦᠯᠬᠦ ᠳᠤ ᠬᠡᠷᠡᠭᠯᠡᠨ ᠂ ᠲᠤᠰ ᠠᠵᠢᠯᠯᠠᠭ᠎ᠠ ᠳᠤ | ᠣᠷᠣᠯᠴᠠᠪᠠᠯ ᠡᠨᠡ ᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠱᠠᠭᠠᠷᠳᠠᠯᠭ᠎ᠠ ᠶᠢ ᠵᠥᠪᠰᠢᠶᠡᠷᠡᠭᠰᠡᠨ ᠢᠶᠠᠷ ᠦᠵᠡᠨ᠎ᠡ ᠃ ︵ ᠲᠠᠪᠤ ︶ ᠬᠢᠴᠢᠶᠡᠯ ᠤᠨ ᠫᠷᠣᠭ᠍ᠷᠠᠮ ᠢ PPT | ᠬᠡᠯᠪᠡᠷᠢ ᠪᠠᠷ ᠮᠡᠳᠡᠭᠦᠯᠦᠨ᠎ᠡ ᠃ ᠢᠵᠢ ᠬᠢᠴᠢᠶᠡᠯ ᠪᠦᠷᠢ ᠨᠢ ᠴᠥᠮ ︽ ᠪᠦᠬᠦ ᠣᠷᠣᠨ ᠤ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠬᠢᠴᠢᠶᠡᠯ ᠤᠨ | ᠮᠠᠲ᠋ᠧᠷᠢᠶᠠᠯ ᠢ ᠰᠢᠯᠭᠠᠷᠠᠭᠤᠯᠬᠤ ᠠᠵᠢᠯᠯᠠᠭ᠎ᠠ ᠶᠢ ᠪᠠᠲᠤᠯᠠᠨ ᠲᠠᠨᠢᠯᠴᠠᠭᠤᠯᠵᠤ ᠮᠡᠳᠡᠭᠦᠯᠬᠦ ᠬᠦᠰᠦᠨᠦᠭᠲᠦ ︾ ᠶᠢ ᠲᠠᠭᠯᠠᠨ ᠮᠡᠳᠡᠭᠦᠯᠬᠦ ᠬᠡᠷᠡᠭᠲᠡᠢ ᠃ ᠲᠠᠨᠢᠯᠴᠠᠭᠤᠯᠵᠤ | ᠮᠡᠳᠡᠭᠦᠯᠬᠦ ᠬᠢᠴᠢᠶᠡᠯ ᠤᠨ ᠫᠷᠣᠭ᠍ᠷᠠᠮ ᠨᠢ ︽ ᠠᠶᠢᠮᠠᠭ ᠬᠤᠲᠠ + ᠳᠤᠭᠤᠶᠢᠯᠠᠩ + ᠳᠠᠷᠠᠭᠠᠯᠠᠯ ᠨᠣᠮᠧᠷ ︾ ᠢ ᠨᠢᠭᠡᠳᠦᠯᠲᠡᠢ ᠬᠡᠷᠡᠭᠯᠡᠨ᠎ᠡ ᠂ ᠵᠢᠱᠢᠶᠡᠯᠡᠪᠡᠯ ᠄ ︽ ᠬᠥᠬᠡᠬᠤᠲᠠ | + ᠪᠠᠭ᠎ᠠ ᠰᠤᠷᠭᠠᠭᠤᠯᠢ + 1 ︾ ᠃ ᠭᠤᠷᠪᠠ ᠂ ᠠᠵᠢᠯᠯᠠᠭᠠᠨ ᠤ ᠳᠡᠰ ᠳᠠᠷᠠᠭᠠᠯᠠᠯ ︵ ᠨᠢᠭᠡ ︶ ᠠᠶᠢᠮᠠᠭ ᠬᠤᠲᠠ ᠰᠢᠯᠭᠠᠷᠠᠭᠤᠯᠬᠤ ᠄ 4 ᠳ᠋ᠦ᠋ᠭᠡᠷ ᠰᠠᠷ᠎ᠠ ᠶᠢᠨ 11 ᠤ | ᠡᠳᠦᠷ ᠠᠴᠠ ᠡᠮᠦᠨ᠎ᠡ ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠂ ᠬᠤᠣᠷᠠᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ᠤᠨ ᠬᠢᠨ ᠬᠠᠮᠲᠤᠷᠠᠨ ᠲᠤᠰ | ᠭᠠᠵᠠᠷ ᠤᠨ ᠬᠢᠴᠢᠶᠡᠯ ᠤᠨ ᠫᠷᠣᠭ᠍ᠷᠠᠮ ᠢ ᠰᠣᠩᠭᠤᠵᠤ ᠂ ᠠᠶᠢᠮᠠᠭ ᠬᠤᠲᠠ ᠨᠢᠭᠡ ᠪᠦᠷᠢ ᠶᠢᠨ ᠳᠤᠭᠤᠶᠢᠯᠠᠩ ᠪᠦᠷᠢ ᠬᠠᠮᠤᠭ ᠤᠨ ᠪᠠᠭ᠎ᠠ ᠳᠤ ᠪᠠᠨ 4 ᠬᠢᠴᠢᠶᠡᠯ ᠤᠨ | ᠫᠷᠣᠭ᠍ᠷᠠᠮ ᠮᠡᠳᠡᠭᠦᠯᠬᠦ ᠬᠡᠷᠡᠭᠲᠡᠢ ᠃ ᠶᠡᠭᠡ ᠳᠡᠭᠡᠳᠦ ᠰᠤᠷᠭᠠᠭᠤᠯᠢ ᠶᠢᠨ ᠳᠤᠭᠤᠶᠢᠯᠠᠩ ᠢ ᠰᠤᠷᠭᠠᠭᠤᠯᠢ ᠨᠢ ᠠᠩᠬ᠎ᠠ ᠬᠢᠨᠠᠬᠤ ᠪᠠ ᠲᠠᠨᠢᠯᠴᠠᠭᠤᠯᠬᠤ ᠶᠢ ᠬᠠᠷᠢᠭᠤᠴᠠᠬᠤ | ᠮᠥᠷᠲᠡᠭᠡᠨ ᠬᠠᠮᠤᠭ ᠤᠨ ᠪᠠᠭ᠎ᠠ ᠳᠤ ᠪᠠᠨ 2 ᠬᠢᠴᠢᠶᠡᠯ ᠤᠨ ᠫᠷᠣᠭ᠍ᠷᠠᠮ ᠢ ᠮᠡᠳᠡᠭᠦᠯᠬᠦ ᠬᠡᠷᠡᠭᠲᠡᠢ ᠃ ᠮᠡᠳᠡᠭᠦᠯᠬᠦ ᠢᠮᠧᠯ ᠄ 1721533035@qq.com ᠃ ᠡᠯ᠎ᠡ | ᠭᠠᠵᠠᠷ ᠤᠨ ᠡᠯ᠎ᠡ ᠶᠡᠭᠡ ᠳᠡᠭᠡᠳᠦ ᠰᠤᠷᠭᠠᠭᠤᠯᠢ ᠰᠢᠯᠭᠠᠷᠠᠭᠤᠯᠬᠤ ᠳᠡᠰ ᠳᠠᠷᠠᠭᠠᠯᠠᠯ ᠢᠶᠠᠨ ᠵᠢᠷᠤᠮᠵᠢᠭᠤᠯᠵᠤ ᠂ ᠴᠢᠨᠠᠷ ᠴᠢᠨᠰᠠᠭ᠎ᠠ ᠶᠢ ᠴᠢᠩᠭ᠎ᠠ ᠡᠵᠡᠮᠳᠡᠨ ᠂ ᠬᠢᠴᠢᠶᠡᠯ ᠤᠨ | ᠠᠭᠤᠯᠭ᠎ᠠ ᠵᠥᠪ ᠣᠨᠣᠪᠴᠢᠲᠠᠢ ᠪᠠᠶᠢᠬᠤ ᠶᠢ ᠦᠨᠡᠨ ᠬᠦ ᠪᠠᠲᠤᠯᠠᠵᠤ ᠂ ᠢᠯᠡ ᠲᠣᠳᠣ ᠪᠠᠶᠢᠬᠤ ᠶᠢ ᠪᠠᠷᠢᠮᠲᠠᠯᠠᠨ ᠂ ᠡᠷᠬᠡ ᠲᠡᠭᠰᠢ ᠲᠥᠪ ᠭᠤᠣᠯᠴᠢ ᠪᠠᠶᠢᠬᠤ ᠶᠢ | ᠪᠠᠲᠤᠯᠠᠬᠤ ᠬᠡᠷᠡᠭᠲᠡᠢ ᠃ ︵ ᠬᠤᠶᠠᠷ ︶ ᠥᠪᠡᠷᠲᠡᠭᠡᠨ ᠵᠠᠰᠠᠬᠤ ᠣᠷᠣᠨ ᠰᠢᠯᠭᠠᠷᠠᠭᠤᠯᠬᠤ ᠄ 4 ᠳ᠋ᠦ᠋ᠭᠡᠷ ᠰᠠᠷ᠎ᠠ ᠶᠢᠨ 21 ᠤ ᠡᠳᠦᠷ ᠠᠴᠠ ᠡᠮᠦᠨ᠎ᠡ ᠂ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠬᠤᠣᠷᠠᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠲᠠᠢ | ᠬᠠᠮᠲᠤᠷᠠᠨ ᠬᠤᠣᠷᠠᠲᠤ ᠡᠳ᠋ ᠢ ᠴᠠᠭᠠᠵᠠᠯᠠᠬᠤ ᠬᠦᠷᠢᠶᠡᠨ ᠳᠠᠬᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠵᠤ ᠂ | ᠱᠠᠭᠠᠷᠳᠠᠯᠭ᠎ᠠ ᠳᠤ ᠨᠡᠶᠢᠴᠡᠬᠦ ᠬᠢᠴᠢᠶᠡᠯ ᠤᠨ ᠫᠷᠣᠭ᠍ᠷᠠᠮ ᠢ ᠬᠢᠨᠠᠨ ᠲᠣᠭᠲᠠᠭᠠᠵᠤ ᠂ ᠱᠠᠩᠨᠠᠯ ᠣᠯᠬᠤ ᠬᠢᠴᠢᠶᠡᠯ ᠤᠨ ᠫᠷᠣᠭ᠍ᠷᠠᠮ ᠤᠨ ᠨᠡᠷᠡᠰ ᠢ ᠲᠣᠭᠲᠠᠭᠠᠨ ᠂ ᠥᠪᠥᠷ | ᠮᠣᠩᠭᠤᠯ ᠤᠨ ᠰᠤᠷᠭᠠᠨ ᠬᠥᠮᠦᠵᠢᠯ ᠨᠡᠶᠢᠲᠡᠯᠡᠯ ᠪᠠ ᠥᠪᠥᠷ ᠮᠣᠩᠭᠤᠯ ᠤᠨ ᠬᠤᠣᠷᠠᠲᠤ ᠡᠳ᠋ ᠢ ᠴᠠᠭᠠᠵᠠᠯᠠᠬᠤ ᠸᠢᠴᠠᠲ ᠤᠨ ᠨᠡᠶᠢᠲᠡ ᠶᠢᠨ ᠳ᠋ᠤᠭᠠᠷ ᠲᠤ ᠢᠯᠡ | ᠨᠡᠶᠢᠲᠡᠯᠡᠨ᠎ᠡ ᠃ ︵ ᠭᠤᠷᠪᠠ ︶ ᠦᠷ᠎ᠡ ᠳ᠋ᠦᠩ ᠢ ᠢᠯᠡ ᠨᠡᠶᠢᠲᠡᠯᠡᠬᠦ ᠄ ᠢᠯᠡ ᠨᠡᠶᠢᠲᠡᠯᠡᠭᠰᠡᠨ ᠦᠷ᠎ᠡ ᠳ᠋ᠦᠩ ᠳᠤ ᠰᠠᠨᠠᠯ ᠦᠭᠡᠢ ᠪᠣᠯ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠬᠤᠣᠷᠠᠲᠤ ᠡᠳ᠋ ᠢ ᠴᠠᠭᠠᠵᠠᠯᠠᠬᠤ ᠠᠵᠢᠯ ᠤᠨ ᠠᠯᠪᠠᠨ ᠭᠡᠷ ᠠᠴᠠ ᠵᠢᠩᠬᠢᠨᠢ ᠪᠠᠷ ᠮᠡᠳᠡᠭᠳᠡᠨ᠎ᠡ ᠃ | ᠲᠤᠰ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ 2024 ᠣᠨ ᠤ ᠪᠦᠬᠦ ᠣᠷᠣᠨ ᠤ ᠬᠤᠣᠷᠠᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ | ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ ᠃ ᠳᠥᠷᠪᠡ ᠂ ᠱᠠᠩᠨᠠᠯ ᠤᠨ ᠲᠣᠬᠢᠷᠠᠭᠤᠯᠤᠯᠲᠠ ᠡᠨᠡ ᠤᠳᠠᠭᠠᠨ ᠤ ᠠᠵᠢᠯᠯᠠᠭ᠎ᠠ ᠶᠢᠨ ᠳᠤᠭᠤᠶᠢᠯᠠᠩ ᠪᠦᠷᠢ ᠳᠤ ᠲᠤᠰ | ᠲᠤᠰ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠱᠠᠩᠨᠠᠯ ᠲᠣᠬᠢᠷᠠᠭᠤᠯᠤᠭᠰᠠᠨ ᠪᠥᠭᠡᠳ ᠱᠠᠩᠨᠠᠯ ᠣᠯᠤᠭᠰᠠᠨ ᠦᠨᠡᠮᠯᠡᠯ ᠣᠯᠭᠤᠪᠠ ᠃ ᠡᠯ᠎ᠡ | ᠳᠤᠭᠤᠶᠢᠯᠠᠩ ᠤᠨ ᠰᠢᠯᠢᠳᠡᠭ ᠪᠦᠲᠦᠭᠡᠯ ᠢ ᠤᠯᠤᠰ ᠤᠨ ᠬᠤᠣᠷᠠᠲᠤ ᠡᠳ᠋ ᠢ ᠴᠠᠭᠠᠵᠠᠯᠠᠬᠤ ᠠᠯᠪᠠᠨ ᠭᠡᠷ ᠲᠤ ᠲᠠᠨᠢᠯᠴᠠᠭᠤᠯᠤᠨ᠎ᠠ ᠃ ᠡᠯ᠎ᠡ ᠱᠠᠲᠤᠨ ᠤ ᠰᠤᠷᠭᠠᠨ | ᠬᠥᠮᠦᠵᠢᠯ ᠂ ᠬᠤᠣᠷᠲᠤ ᠡᠳ᠋ ᠢ ᠴᠠᠭᠠᠵᠠᠯᠠᠬᠤ ᠰᠠᠯᠠᠭ᠎ᠠ ᠮᠥᠴᠢᠷ ᠪᠣᠯᠤᠨ ᠡᠯ᠎ᠡ ᠶᠡᠭᠡ ᠳᠡᠭᠡᠳᠦ ᠰᠤᠷᠭᠠᠭᠤᠯᠢ ᠡᠨᠡ ᠤᠳᠠᠭᠠᠨ ᠤ ᠬᠤᠣᠷᠲᠤ ᠡᠳ᠋ ᠢ ᠴᠠᠭᠠᠵᠠᠯᠠᠬᠤ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠂ ᠰᠤᠷᠭᠠᠭᠤᠯᠢ ᠳᠤ ᠪᠠᠶᠢᠭ᠎ᠠ ᠪᠠᠭᠰᠢ | ᠰᠤᠷᠤᠭᠴᠢ ᠵᠢᠴᠢ ᠬᠤᠣᠷᠲᠤ ᠡᠳ᠋ ᠢ ᠴᠠᠭᠠᠵᠠᠯᠠᠬᠤ ᠠᠵᠢᠯᠲᠠᠨ ᠂ ᠰᠠᠶᠢᠨ ᠳᠤᠷᠠᠴᠤᠤᠯ ᠂ ᠨᠡᠶᠢᠭᠡᠮ ᠤᠨ ᠡᠯ᠎ᠡ ᠡᠲᠡᠭᠡᠳ ᠤᠨ ᠬᠤᠣᠷᠲᠤ ᠡᠳ᠋ ᠢ ᠴᠠᠭᠠᠵᠠᠯᠠᠬᠤ | ᠨᠡᠶᠢᠲᠡ ᠶᠢᠨ ᠠᠰᠠᠷᠠᠮᠵᠢ ᠶᠢᠨ ᠠᠵᠢᠯᠲᠠᠨ ᠢ ᠥᠷᠭᠡᠨ ᠢᠶᠠᠷ ᠳᠠᠶᠢᠴᠢᠯᠠᠨ ᠠᠵᠢᠯᠯᠠᠭ᠎ᠠ ᠳᠤ ᠣᠷᠣᠯᠴᠠᠭᠤᠯᠬᠤ ᠬᠡᠷᠡᠭᠲᠡᠢ ᠃ ᠡᠭᠦᠨ ᠤ ᠬᠠᠮᠲᠤ ᠂ ᠬᠤᠣᠷᠲᠤ ᠡᠳ᠋ ᠢ | ᠰᠡᠷᠭᠡᠶᠢᠯᠡᠬᠦ ᠬᠥᠮᠦᠵᠢᠯ ᠤᠨ ᠰᠢᠯᠢᠳᠡᠭ ᠪᠠᠭᠰᠢ ᠶᠢ ᠢᠳᠡᠪᠬᠢᠲᠡᠢ ᠪᠠᠷ ᠢᠯᠡᠷᠡᠭᠦᠯᠬᠦ ᠪᠠ ᠰᠣᠩᠭᠤᠨ ᠭᠠᠷᠭᠠᠵᠤ ᠂ ᠬᠤᠣᠷᠲᠤ ᠡᠳ᠋ ᠢ ᠴᠠᠭᠠᠵᠠᠯᠠᠬᠤ ᠬᠢᠴᠢᠶᠡᠯ ᠤᠨ ᠵᠢᠭᠠᠨ | ᠰᠤᠷᠭᠠᠯᠲᠠ ᠶᠢᠨ ᠲᠡᠷᠢᠭᠦᠨ ᠤ ᠣᠶᠢᠯᠠᠭᠠᠭᠳᠠᠬᠤᠨ ᠂ ᠲᠤᠷᠰᠢᠯᠭ᠎ᠠ ᠂ ᠠᠷᠭ᠎ᠠ ᠪᠠᠷᠢᠯ ᠢ ᠪᠣᠯᠪᠠᠰᠤᠷᠠᠭᠤᠯᠬᠤ ᠪᠠ ᠳᠡᠯᠭᠡᠷᠡᠭᠦᠯᠵᠦ ᠂ ᠰᠢᠯᠢᠳᠡᠭ ᠬᠢᠴᠢᠶᠡᠯ ᠤᠨ ᠪᠦᠲᠦᠭᠡᠯ ᠢ | ᠲᠤᠰ ᠭᠠᠵᠠᠷ ᠤᠨ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠤᠨ ᠬᠥᠮᠥᠷᠭᠡ ᠳᠤ ᠣᠷᠣᠭᠤᠯᠬᠤ ᠶᠢᠨ ᠬᠠᠮᠲᠤ ᠥᠷᠭᠡᠨ ᠢᠶᠠᠷ | ᠬᠡᠷᠡᠭᠯᠡᠵᠦ ᠂ ᠪᠦᠬᠦ ᠣᠷᠣᠨ ᠤ ᠵᠠᠯᠠᠭᠤᠴᠤᠳ ᠪᠠᠭᠠᠴᠤᠳ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠥᠷᠨᠢᠭᠦᠯᠬᠦ ᠶᠢ ᠠᠬᠢᠭᠤᠯᠬᠤ | ᠬᠡᠷᠡᠭᠲᠡᠢ ᠃ | | |