ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠰᠡᠷᠡᠮᠵᠢᠬᠦᠯᠦᠯ︕ ᠪᠦᠬᠦ ᠪᠥᠮᠪᠥᠷᠴᠡᠭ ᠲᠤ ᠨᠠᠭᠠᠳᠤ ᠵᠠᠬ᠎ᠠ ᠳᠠᠭᠠᠨ ᠨᠠᠢᠮᠠᠨ ᠤ ᠨᠢᠭᠡ ᠬᠤᠪᠢ ᠶᠢᠨ ᠬᠦᠮᠦᠨ ᠨᠢ ᠮᠠᠷᠢᠶᠠᠯᠠᠬᠤ ᠡᠪᠡᠳᠴᠢᠨ ᠳᠤ ᠨᠡᠷᠪᠡᠭᠳᠡᠵᠡᠢ
ᠨᠡᠶᠢᠲᠡᠯᠡᠭᠰᠡᠨ ᠴᠠᠭ᠄
2024/3/29
    ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ︵ WHO ︶ 3 ᠰᠠᠷ᠎ᠠ ᠶᠢᠨ 1 ᠤ ᠡᠳᠦᠷ ᠰᠢᠨ᠎ᠡ ᠪᠠᠷ ᠨᠡᠶᠢᠲᠡᠯᠡᠭᠰᠡᠨ ᠪᠥᠬᠦ ᠳᠡᠯᠡᠬᠡᠶ ᠶᠢᠨ ᠠᠨᠠᠭᠠᠬᠤ ᠤᠬᠠᠭᠠᠨ ᠤ ᠨᠢᠭᠡᠨ ᠰᠤᠳᠤᠯᠭᠠᠨ ᠠᠴᠠ ᠡᠰᠢ ᠲᠠᠲᠠᠵᠤ ᠬᠡᠯᠡᠬᠦ ᠳᠡᠭᠡᠨ ᠂ ᠳᠡᠯᠡᠬᠡᠶ ᠶᠢᠨ ᠪᠥᠮᠪᠥᠷᠴᠡᠭ ᠳᠡᠭᠡᠷ᠎ᠡ ᠨᠠᠭᠠᠳᠤ ᠵᠠᠬ᠎ᠠ ᠳᠠᠭᠠᠨ ᠨᠠᠢᠮᠠᠨ ᠤ ᠨᠢᠭᠡ ᠬᠤᠪᠢ ᠶᠢᠨ ᠬᠦᠮᠦᠨ ᠨᠢ ᠮᠠᠷᠢᠶᠠᠯᠠᠬᠤ ᠡᠪᠡᠳᠴᠢᠨ ᠳᠤ ᠨᠡᠷᠪᠡᠭᠳᠡᠵᠡᠢ ᠭᠡᠪᠡ ᠃ 2022 ᠣᠨ ᠤ ᠪᠦᠷᠢᠳᠬᠡᠯ ᠠᠴᠠ ᠦᠵᠡᠪᠡᠯ ᠂ 10 ᠳ᠋ᠦᠩᠰᠢᠭᠤᠷ ᠬᠥᠮᠦᠨ ᠡᠶᠢᠮᠦ ᠡᠪᠡᠳᠴᠢᠨ ᠳᠤ ᠨᠡᠷᠪᠡᠭᠳᠡᠵᠦ ᠂ 1990 ᠣᠨ ᠠᠴᠠ ᠨᠠᠭᠠᠰᠢ ᠡᠨᠡ ᠬᠦ ᠲᠤᠭ᠎ᠠ ᠨᠢ 5 ᠠᠴᠠ 19 ᠨᠠᠰᠤᠨ ᠤ ᠬᠥᠮᠦᠰ ᠤᠨ ᠳᠣᠲᠣᠷ᠎ᠠ ᠳᠥᠷᠪᠡᠨ ᠳᠠᠬᠢᠨ ᠨᠡᠮᠡᠭᠳᠡᠭᠰᠡᠨ ᠪᠠᠶᠢᠨ᠎ᠠ ᠃ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠡᠯᠡᠬᠦ ᠳᠡᠭᠡᠨ ᠂ ᠧᠦ᠋ᠷᠣᠫᠠ ᠳᠤ ᠪᠡᠶ᠎ᠡ ᠶᠢᠨ ᠬᠦᠨᠳᠦ ᠨᠢ ᠬᠡᠳᠦ ᠬᠦᠨᠳᠦ ᠪᠠᠶᠢᠬᠤ ᠪᠠ ᠮᠠᠷᠢᠶᠠᠯᠠᠬᠤ ᠨᠢ ᠬᠦᠮᠦᠰ ᠤᠨ ᠦᠬᠦᠬᠦ ᠪᠠ ᠵᠡᠮᠳᠡᠭ ᠪᠣᠯᠬᠤ ᠶᠢᠨ ᠭᠤᠣᠯ ᠰᠢᠯᠲᠠᠭᠠᠨ ᠤ ᠨᠢᠭᠡ ᠪᠤᠯᠵᠠᠢ ᠂ ᠵᠢᠱᠢᠯᠳᠡ ᠪᠠᠷ ᠂ ᠮᠠᠷᠢᠶᠠᠯᠠᠬᠤ ᠡᠪᠡᠳᠴᠢᠨ ᠨᠢ ᠵᠢᠯ ᠪᠦᠷᠢ 120 ᠭᠠᠷᠤᠶ ᠲᠦᠮᠡᠨ ᠬᠥᠮᠦᠨ ᠢ ᠦᠬᠦᠭᠦᠯᠵᠦ ᠪᠠᠶᠢᠨ᠎ᠠ ᠭᠡᠪᠡ ᠃    
ᠢᠷᠡᠯᠲᠡ᠄ ᠠᠷᠠᠳ ᠤᠨ ᠰᠦᠯᠵᠢᠶ᠎ᠡ