| ᠡᠪᠦᠯ ᠬᠠᠪᠤᠷ ᠤᠨ ᠤᠯᠠᠷᠢᠯ ᠳᠤ ᠲᠡᠭᠷᠢ ᠬᠦᠢᠲᠡᠷᠡᠵᠦ ᠡᠳ᠋ ᠪᠣᠳᠠᠰ ᠬᠠᠭᠤᠷᠠᠶᠢᠰᠢᠭᠠᠳ ᠂ ᠡᠯ᠎ᠡ ᠵᠦᠢᠯ ᠤᠨ ᠭᠠᠯ ᠤᠨ ᠠᠶᠤᠯ ᠲᠦᠭᠰᠢᠭᠦᠷᠢ ᠶᠢ ᠨᠡᠮᠡᠭᠳᠡᠭᠦᠯᠳᠡᠭ ᠃ | ᠡᠭᠦᠨ ᠳᠤ ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠬᠠᠰᠢ ᠶᠠᠰᠢ ᠬᠠᠨᠳᠤᠵᠤ ᠣᠮᠲᠣᠭᠠᠶᠢᠯᠠᠵᠤ ᠪᠣᠯᠣᠰᠢ ᠦᠭᠡᠢ ᠃ ᠠᠮᠢᠳᠤᠷᠠᠯ ᠳᠤᠮᠳᠠᠬᠢ ᠵᠠᠷᠢᠮ | ᠨᠠᠷᠢᠨ ᠰᠢᠷᠢᠨ ᠵᠦᠢᠯᠡᠰ ᠢ ᠠᠩᠬᠠᠷᠤᠯ ᠳᠠᠭᠠᠨ ᠠᠪᠬᠤ ᠦᠭᠡᠢ ᠠᠴᠠ ᠪᠣᠯᠵᠤ ᠂ ᠠᠮᠠᠷᠬᠠᠨ ᠭᠡᠷ ᠵᠠᠭᠤᠷ᠎ᠠ ᠶᠢᠨ ᠠᠮᠤᠷ ᠲᠦᠪᠰᠢᠨ ᠤ ᠭᠡᠮ ᠰᠣᠭᠤᠭ ᠢ ᠡᠭᠦᠰᠬᠡᠳᠡᠭ ᠃ | | ◆ ᠭᠠᠷ ᠤᠲᠠᠰᠤ ᠴᠡᠨᠡᠭᠯᠡᠭᠴᠢ ᠪᠠᠨ ᠰᠠᠯᠭᠠᠵᠤ ᠲᠠᠯᠪᠢᠬᠤ ᠦᠭᠡᠢ ◆ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢ ᠠᠰᠠᠷ ᠤᠨ ᠭᠤᠳᠤᠮᠵᠢ ᠪᠤᠶᠤ ᠭᠡᠷ ᠲᠡᠭᠡᠨ | ᠣᠷᠣᠭᠤᠯᠬᠤ ◆ ᠭᠠᠯ ᠢᠶᠠᠨ ᠬᠠᠭᠠᠬᠤ ᠦᠭᠡᠢ ᠪᠠᠷ ᠲᠣᠭᠤᠭᠠᠨ ᠭᠡᠷ ᠠᠴᠠ ᠪᠠᠨ ᠰᠠᠯᠬᠤ ◆ ᠲᠠᠮᠠᠬᠢᠨ ᠤ ᠶᠣᠵᠣᠭᠤᠷ ᠢᠶᠠᠨ ᠳᠤᠷ᠎ᠠ ᠪᠠᠷ ᠬᠠᠶᠠᠬᠤ ◆ ᠠᠰᠠᠷ | ᠳᠣᠲᠣᠷᠠᠬᠢ ᠨᠡᠶᠢᠲᠡ ᠶᠢᠨ ᠲᠣᠭᠤᠷᠢᠭ ᠂ ᠠᠰᠠᠷ ᠤᠨ ᠣᠷᠣᠢ ᠂ ᠨᠠᠷᠠᠪᠴᠢᠨ ᠳᠤ ᠡᠯᠳᠡᠪ ᠶᠠᠭᠤᠮ᠎ᠠ ᠣᠪᠣᠭᠠᠯᠠᠭᠰᠠᠨ ᠠᠴᠠ ᠪᠣᠯᠵᠤ ᠂ ᠳᠤᠲᠠᠭᠠᠬᠤ ᠵᠠᠮ ᠪᠠ | ᠠᠶᠤᠯᠭᠦᠢ ᠶᠢᠨ ᠭᠠᠷᠴᠠ ᠶᠢ ᠪᠥᠭᠯᠡᠬᠦ ᠵᠡᠷᠭᠡ ᠃ ᠡᠳᠡᠭᠡᠷ ᠭᠠᠯ ᠤᠨ ᠠᠶᠤᠯ ᠤᠨ ᠭᠡᠮ ᠰᠣᠭᠤᠭ ᠲᠠᠢ ᠡᠷᠡᠭᠦᠯ ᠪᠤᠰᠤ ᠠᠮᠢᠳᠤᠷᠠᠯ ᠤᠨ ᠳᠠᠳᠬᠠᠯ ᠨᠢ ᠭᠡᠷ ᠪᠦᠯᠢ ᠶᠢᠨ | ᠠᠮᠤᠷ ᠲᠦᠪᠰᠢᠨ ᠢ ᠴᠠᠭ ᠢᠮᠠᠭᠲᠠ ᠰᠦᠷᠳᠡᠭᠦᠯᠵᠦ ᠪᠠᠶᠢᠳᠠᠭ ᠃ | | ᠭᠠᠯ ᠤᠨ ᠠᠶᠤᠯ ᠢ ᠰᠡᠷᠭᠡᠶᠢᠯᠡᠬᠦ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ ᠃ ᠡᠳᠦᠷ ᠲᠤᠳᠤᠮ ᠤᠨ ᠲᠤᠷᠰᠢ ᠭᠠᠯ ᠤᠨ ᠠᠶᠤᠯ ᠢ ᠰᠡᠷᠭᠡᠶᠢᠯᠡᠬᠦ ᠳᠤ ᠬᠥᠩᠭᠡᠨ | ᠬᠠᠭᠤᠳᠠᠮ ᠢᠶᠠᠷ ᠬᠠᠨᠳᠤᠵᠤ ᠪᠤᠯᠬᠤ ᠦᠭᠡᠢ ᠂ ᠳᠣᠣᠷᠠᠬᠢ ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢ ᠵᠠᠪᠠᠯ ᠲᠠᠰᠤ | ᠴᠡᠭᠡᠵᠢᠯᠡᠬᠦ ᠬᠡᠷᠡᠭᠲᠡᠢ ᠃ ◆ ᠳᠤᠯᠠᠭᠠᠯᠠᠭ᠎ᠠ ᠂ ᠬᠢᠰᠠ ᠶᠢᠨ ᠬᠠᠵᠠᠭᠤ ᠳᠤ ᠠᠮᠠᠷᠬᠠᠨ ᠨᠣᠴᠣᠬᠤ ᠪᠣᠳᠠᠰ ᠲᠠᠯᠪᠢᠬᠤ ᠦᠭᠡᠢ ᠪᠥᠭᠡᠳ ᠬᠤᠪᠴᠠᠰᠤ ᠬᠤᠨᠠᠷ ᠢᠶᠠᠨ | ᠳᠡᠭᠡᠷ᠎ᠡ ᠨᠢ ᠲᠠᠯᠪᠢᠬᠤ ᠦᠭᠡᠢ ◆ ᠴᠠᠭᠢᠯᠭᠠᠨ ᠳᠡᠪᠢᠰᠬᠡᠷ ᠢ ᠭᠡᠳᠦ ᠤᠳᠠᠭᠠᠨ ᠴᠡᠨᠡᠭᠯᠡᠵᠦ ᠪᠤᠯᠬᠤ ᠦᠭᠡᠢ ◆ ᠬᠡᠢ ᠶᠢᠨ ᠵᠤᠤᠬ᠎ᠠ ᠪᠠᠨ ᠬᠡᠷᠡᠭᠯᠡᠵᠦ ᠳᠠᠭᠤᠰᠪᠠᠯ | ᠬᠠᠭᠠᠯᠭ᠎ᠠ ᠶᠢ ᠨᠢ ᠮᠤᠰᠬᠢᠬᠤ ◆ ᠱᠠᠹᠠ ᠪᠤᠶᠤ ᠣᠷᠣ ᠳᠡᠭᠡᠷ᠎ᠡ ᠪᠠᠨ ᠬᠡᠪᠲᠡᠵᠦ ᠲᠠᠮᠠᠬᠢ ᠲᠠᠲᠠᠬᠤ ᠦᠭᠡᠢ ◆ ᠳᠤᠷ᠎ᠠ ᠪᠠᠷ ᠢᠶᠠᠨ ᠤᠲᠠᠰᠤ ᠲᠠᠲᠠᠵᠤ ᠴᠠᠭᠢᠯᠭᠠᠨ | ᠭᠦᠳᠡᠯᠭᠡᠭᠦᠷᠲᠦ ᠳᠤᠭᠤᠢ ᠲᠡᠷᠭᠡ ᠪᠠᠨ ᠴᠡᠨᠡᠭᠯᠡᠵᠦ ᠂ ᠠᠰᠠᠷ ᠤᠨ ᠭᠤᠳᠤᠮᠵᠢ ᠂ ᠠᠶᠤᠯᠭᠦᠢ ᠶᠢᠨ ᠭᠠᠷᠴᠠ ᠶᠢ ᠪᠥᠭᠯᠡᠵᠦ ᠪᠤᠯᠬᠤ ᠦᠭᠡᠢ ; ᠴᠠᠭᠢᠯᠭᠠᠨ | ᠬᠤᠷᠢᠶᠠᠭᠤᠷ ᠢᠶᠠᠨ ᠲᠣᠭᠲᠠᠭᠰᠠᠨ ᠬᠤᠭᠤᠴᠠᠭ᠎ᠠ ᠲᠠᠢ ᠪᠠᠶᠢᠴᠠᠭᠠᠬᠤ ᠬᠡᠷᠡᠭᠲᠡᠢ ◆ ᠭᠡᠷ ᠲᠡᠭᠡᠨ ᠪᠦᠷᠢᠮᠦᠰᠦᠨ ᠪᠢᠲᠡᠭᠦᠮᠵᠢᠯᠡᠭᠰᠡᠨ ᠬᠤᠯᠠᠭᠠᠢ ᠠᠴᠠ ᠰᠡᠷᠭᠡᠶᠢᠯᠡᠬᠦ | ᠴᠣᠩᠬᠤ ᠤᠭᠰᠠᠷᠠᠬᠤ ᠦᠭᠡᠢ ᠪᠣᠯ ᠰᠠᠶᠢᠨ ᠂ ᠠᠶᠤᠯ ᠳᠤ ᠲᠤᠯᠭᠠᠷᠠᠭᠰᠠᠨ ᠦᠶᠡᠰ ᠰᠠᠭᠠᠳ ᠪᠤᠯᠬᠤ ᠲᠣᠬᠢᠶᠠᠯᠳᠤᠯ ᠲᠠᠢ ᠃ ᠬᠡᠦᠬᠡᠳ ᠨᠠᠰᠤᠲᠠᠶᠢᠴᠤᠤᠯ ᠪᠦᠷᠢ ᠳᠤ ᠭᠡᠷ | ᠪᠦᠯᠢ ᠶᠢᠨ ᠭᠠᠯ ᠤᠨ ᠠᠮᠤᠷ ᠲᠦᠪᠰᠢᠨ ᠤ ᠰᠠᠨᠠᠭᠤᠯᠤᠮᠵᠢ ᠶᠢ ᠢᠯᠡᠭᠦᠬᠡᠨ ᠬᠡᠯᠡᠵᠦ ᠰᠣᠨᠣᠰᠬᠠᠵᠤ ᠂ ᠪᠠᠲᠤᠳᠬᠠᠵᠤ ᠠᠪᠬᠤ ᠶᠢ ᠬᠢᠴᠢᠶᠡᠬᠦ ᠬᠡᠷᠡᠭᠲᠡᠢ ᠃ ᠴᠠᠭᠢᠯᠭᠠᠨ | ᠭᠦᠳᠡᠯᠭᠡᠭᠦᠷᠲᠦ ᠳᠤᠭᠤᠢ ᠲᠡᠷᠭᠡ ᠶᠢ ᠵᠠᠪᠠᠯ ᠳᠦᠷᠢᠮᠵᠢᠭᠦᠯᠦᠨ ᠬᠡᠷᠡᠭᠯᠡᠬᠦ ᠬᠡᠷᠡᠭᠲᠡᠢ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠭᠠᠯ ᠠᠯᠳᠠᠮᠠᠭᠴᠠ ᠠᠶᠤᠯᠲᠤ | ᠴᠢᠨᠠᠷ ᠢᠶᠠᠷ ᠲᠦᠢᠯ ᠤᠨ ᠶᠡᠭᠡ ᠪᠠᠶᠢᠳᠠᠭ ᠠᠴᠠ ᠭᠠᠯ ᠤᠨᠲᠠᠷᠠᠭᠠᠬᠤ ᠠᠨᠬᠭᠢ ᠶᠢᠨ ᠬᠢᠨ ᠤ ᠪᠣᠳᠠᠲᠤ ᠥᠩᠭᠡᠷᠡᠯᠲᠡ ᠠᠴᠠ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ | ᠵᠢᠴᠢ ᠳ᠋ᠢᠶᠠᠨ ᡂᠢ ᠶᠢ ᠄ ◆ ᠠᠰᠠᠷ ᠤᠨ ᠭᠤᠳᠤᠮᠵᠢ ᠪᠤᠶᠤ ᠭᠡᠷ ᠲᠡᠭᠡᠨ ᠣᠷᠣᠭᠤᠯᠵᠤ ᠴᠡᠨᠡᠭᠯᠡᠵᠦ ᠪᠤᠯᠬᠤ ᠦᠭᠡᠢ ◆ ᠤᠲᠠᠰᠤ ᠲᠠᠲᠠᠵᠤ ᠴᠡᠨᠡᠭᠯᠡᠵᠦ ᠪᠤᠯᠬᠤ ᠦᠭᠡᠢ | ◆ ᠳᠤᠷ᠎ᠠ ᠪᠠᠷ ᠰᠣᠬᠤᠷ ᠪᠠᠯᠠᠢ ᠪᠠᠷ ᠥᠭᠡᠷᠡᠴᠢᠯᠡᠨ ᠤᠭᠰᠠᠷᠠᠵᠤ ᠪᠤᠯᠬᠤ ᠦᠭᠡᠢ ◆ ᠡᠳᠦᠷ ᠲᠤᠲᠤᠮ ᠥᠪᠡᠷ ᠢᠶᠠᠨ ᠪᠠᠶᠢᠴᠠᠭᠠᠨ ᠰᠢᠨᠵᠢᠵᠦ ᠪᠠᠶᠢᠬᠤ ᠬᠡᠷᠡᠭᠲᠡᠢ ᠭᠡᠵᠦ | ᠣᠨᠴᠠᠭᠠᠶᠢᠯᠠᠨ ᠰᠠᠨᠠᠭᠤᠯᠵᠤ ᠪᠤᠢ ᠃ | | ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠳᠣᠣᠷᠠᠬᠢ ︽ ᠭᠤᠷᠪᠠ ︾ ᠶᠢ ᠰᠠᠶᠢᠲᠤᠷ ᠰᠠᠬᠢᠬᠤ ᠬᠡᠷᠡᠭᠲᠡᠢ ◆ ᠲᠣᠭᠤᠭᠠᠨ ᠭᠡᠷ ᠢ ᠴᠡᠪᠡᠷᠯᠡᠭᠦ ; | ᠨᠠᠷᠠᠪᠴᠢ ᠶᠢ ᠴᠡᠪᠡᠷᠯᠡᠭᠦ ; ᠠᠰᠠᠷ ᠤᠨ ᠭᠤᠳᠤᠮᠵᠢ ᠶᠢ ᠴᠡᠪᠡᠷᠯᠡᠬᠦ ᠃ ◆ ᠵᠤᠤᠬᠠᠨ ᠤ ᠬᠡᠢ ᠶᠢ ᠬᠠᠭᠠᠬᠤ ; ᠴᠠᠭᠢᠯᠭᠠᠨ ᠤ ᠰᠤᠷᠪᠤᠯᠵᠢ ᠶᠢ ᠬᠠᠭᠠᠬᠤ ; ᠡᠭᠦᠳᠡ | ᠴᠣᠩᠬᠤ ᠶᠢ ᠬᠠᠭᠠᠬᠤ ᠃ ᠲᠣᠭᠤᠭᠠᠨ ᠭᠡᠷ ᠢ ᠴᠡᠪᠡᠷᠯᠡᠬᠦ ᠲᠣᠭᠤᠭᠠᠨ ᠭᠡᠷ ᠪᠣᠯ ᠭᠡᠷ ᠳᠣᠲᠣᠷᠠᠬᠢ ᠬᠠᠮᠤᠭ ᠠᠴᠠ ᠢᠯᠡᠭᠦᠦ ᠬᠡᠷᠡᠭᠴᠡᠭᠡᠲᠦ ᠣᠷᠣᠨ ᠵᠠᠢ ᠪᠣᠯᠣᠨ᠎ᠠ ᠃ | ᠲᠣᠭᠤᠭᠠᠨ ᠭᠡᠷ ᠢ ᠴᠡᠪᠡᠷᠯᠡᠬᠦ ᠶᠢᠨ ᠭᠤᠣᠯᠳᠠᠯᠭ᠎ᠠ ᠨᠢ ᠲᠣᠰᠣ ᠂ ᠴᠠᠭᠠᠰᠤ ᠂ ᠪᠥᠰ ᠵᠡᠷᠭᠡ ᠰᠢᠲᠠᠮᠠᠬᠠᠢ ᠪᠣᠳᠠᠰ ᠢ ᠵᠤᠤᠬ᠎ᠠ ᠵᠡᠷᠭᠡ ᠭᠠᠯ ᠤᠨ ᠰᠤᠷᠪᠤᠯᠵᠢ ᠠᠴᠠ ᠬᠤᠯᠠ | ᠪᠠᠶᠢᠯᠭᠠᠬᠤ ᠶᠠᠪᠤᠳᠠᠯ ᠪᠣᠯᠣᠨ᠎ᠠ ᠃ ᠡᠭᠦᠨ ᠤ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠣᠲᠤᠭ᠎ᠠ ᠰᠣᠷᠣᠬᠤ ᠮᠠᠰᠢᠨ ᠂ ᠰᠢᠲᠠᠮᠠᠬᠠᠢ ᠬᠡᠢ ᠶᠢᠨ ᠵᠤᠤᠬ᠎ᠠ ᠪᠠᠨ | ᠴᠡᠪᠡᠷᠯᠡᠨ᠎ᠡ ᠃ ᠨᠠᠷᠠᠪᠴᠢ ᠶᠢ ᠴᠡᠪᠡᠷᠯᠡᠬᠦ ᠨᠠᠷᠠᠪᠴᠢᠨ ᠳᠡᠭᠡᠷᠡᠬᠢ ᠶᠠᠭᠤᠮ᠎ᠠ ᠬᠡᠦᠮ᠎ᠡ ᠂ ᠢᠯᠠᠩᠭᠤᠶ᠎ᠠ ᠴᠠᠭᠠᠰᠤᠨ ᠬᠠᠶᠢᠷᠴᠠᠭ ᠂ ᠴᠠᠭᠠᠰᠤ ᠂ ᠰᠦᠯᠢᠶᠥᠦ ᠵᠡᠷᠭᠡ ᠠᠮᠠᠷᠬᠠᠨ | ᠰᠢᠲᠠᠬᠤ ᠪᠣᠳᠠᠰ ᠢ ᠴᠠᠭ ᠲᠤᠬᠠᠢ ᠳᠤᠨᠢ ᠴᠡᠪᠡᠷᠯᠡᠬᠦ ᠬᠡᠷᠡᠭᠲᠡᠢ ᠃ ᠣᠷᠳᠣ ᠬᠤᠭᠤᠴᠠᠭ᠎ᠠ ᠪᠠᠷ ᠭᠠᠳᠠᠭᠰᠢ ᠭᠠᠷᠪᠠᠯ ᠡᠭᠦᠳᠡ ᠴᠣᠩᠬᠤ ᠪᠠᠨ ᠬᠠᠭᠠᠵᠤ ᠂ ᠭᠡᠷ ᠲᠤ ᠣᠴᠢ | ᠦᠰᠦᠷᠦᠨ ᠣᠷᠣᠭᠠᠳ ᠭᠠᠯ ᠤᠨ ᠠᠶᠤᠯ ᠭᠠᠷᠬᠤ ᠠᠴᠠ ᠪᠣᠯᠭᠤᠮᠵᠢᠯᠠᠬᠤ ᠬᠡᠷᠡᠭᠲᠡᠢ ᠃ ᠠᠰᠠᠷ ᠤᠨ ᠭᠤᠳᠤᠮᠵᠢ ᠶᠢ ᠴᠡᠪᠡᠷᠯᠡᠬᠦ ᠠᠰᠠᠷ ᠤᠨ ᠱᠠᠲᠤ ᠂ ᠭᠤᠳᠤᠮᠵᠢᠨ ᠤ | ᠪᠤᠯᠤᠩ ᠥᠨᠴᠥᠭ ᠂ ᠭᠠᠵᠠᠷ ᠳᠣᠣᠷᠠᠬᠢ ᠥᠷᠥᠭᠡ ᠵᠡᠷᠭᠡ ᠭᠠᠵᠠᠷ ᠲᠤ ᠶᠠᠭᠤᠮ᠎ᠠ ᠬᠡᠦᠮ᠎ᠡ ᠣᠪᠣᠭᠠᠯᠠᠵᠤ ᠪᠤᠯᠬᠤ ᠥᠭᠡᠶ ; ᠴᠠᠭᠢᠯᠭᠠᠨ ᠭᠦᠳᠡᠯᠭᠡᠭᠦᠷᠲᠦ ᠳᠤᠭᠤᠢ | ᠲᠡᠷᠭᠡ ᠶᠢ ᠠᠰᠠᠷ ᠤᠨ ᠭᠤᠳᠤᠮᠵᠢᠨ ᠳᠤ ᠂ ᠳᠤᠲᠠᠭᠠᠬᠤ ᠵᠠᠮ ᠳᠤ ᠂ ᠠᠶᠤᠯᠭᠦᠢ ᠶᠢᠨ ᠭᠠᠷᠴᠠ ᠳᠤ ᠴᠡᠨᠡᠭᠯᠡᠵᠦ ᠪᠤᠯᠬᠤ ᠦᠭᠡᠢ ᠃ ᠭᠠᠯ ᠤᠨᠲᠠᠷᠠᠭᠠᠬᠤ ᠲᠡᠷᠭᠡᠨ ᠤ | ᠨᠡᠪᠲᠡᠷᠡᠬᠦ ᠵᠠᠮ ᠂ ᠠᠶᠤᠯᠭᠦᠢ ᠶᠢᠨ ᠭᠠᠷᠴᠠ ᠂ ᠳᠤᠲᠠᠭᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠂ ᠴᠠᠭᠢᠯᠭᠠᠨ ᠤᠲᠠᠰᠤᠨ ᠤ ᠬᠠᠶᠢᠷᠴᠠᠭ ᠪᠠ ᠴᠠᠭᠢᠯᠭᠠᠨ | ᠱᠠᠲᠤ ᠶᠢᠨ ᠬᠠᠶᠢᠷᠴᠠᠭ ᠲᠤ ᠡᠯᠳᠡᠪ ᠶᠠᠭᠤᠮ᠎ᠠ ᠬᠡᠦᠮ᠎ᠡ ᠣᠪᠣᠭᠠᠯᠠᠵᠤ ᠲᠠᠯᠪᠢᠵᠤ ᠪᠤᠯᠬᠤ ᠦᠭᠡᠢ ᠃ ᠵᠤᠤᠬᠠᠨ ᠤ ᠬᠡᠢ ᠶᠢ ᠬᠠᠭᠠᠬᠤ ᠬᠡᠢ ᠬᠡᠷᠡᠭᠯᠡᠭᠰᠡᠨ ᠤ ᠳᠠᠷᠠᠭ᠎ᠠ | ᠬᠡᠢ ᠶᠢᠨ ᠬᠠᠭᠠᠯᠭ᠎ᠠ ᠶᠢ ᠮᠤᠰᠬᠢᠵᠤ ᠂ ᠰᠢᠲᠠᠮᠠᠬᠠᠢ ᠬᠡᠢ ᠶᠢᠨ ᠬᠤᠭᠤᠯᠠᠢ ᠶᠢᠨ ᠵᠠᠮ ᠢ ᠳᠤᠷ᠎ᠠ ᠪᠠᠷ ᠢᠶᠠᠨ ᠬᠤᠪᠢᠷᠠᠭᠤᠯᠬᠤ ᠦᠭᠡᠢ ᠪᠠᠶᠢᠵᠤ ᠂ ᠰᠢᠲᠠᠮᠠᠬᠠᠢ ᠬᠡᠢ ᠶᠢᠨ | ᠵᠥᠭᠡᠯᠡᠨ ᠬᠤᠭᠤᠯᠠᠢ ᠶᠢᠨ ᠬᠠᠭᠤᠴᠢᠷᠠᠭᠰᠠᠨ ᠂ ᠬᠤᠭᠵᠢᠷᠠᠭᠰᠠᠨ ᠂ ᠬᠡᠢ ᠭᠤᠭᠤᠵᠢᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠨ᠎ᠠ ᠃ ᠴᠠᠭᠢᠯᠭᠠᠨ ᠤ ᠰᠤᠷᠪᠤᠯᠵᠢ ᠶᠢ ᠬᠠᠭᠠᠬᠤ ᠡᠯ᠎ᠡ ᠵᠦᠢᠯ ᠤᠨ ᠭᠡᠷ ᠤᠨ ᠴᠠᠭᠢᠯᠭᠠᠨ ᠬᠡᠷᠡᠭᠰᠡᠯ ᠨᠢ ᠰᠠᠭᠤᠭᠠᠯᠢ ᠠᠷᠠᠳ ᠲᠤ | ᠳᠥᠭᠦᠮ ᠦᠵᠡᠭᠦᠯᠭᠦ ᠶᠢᠨ ᠬᠠᠮᠲᠤ ᠪᠠᠰᠠ ᠵᠣᠬᠢᠬᠤ ᠬᠡᠮᠵᠢᠶᠡᠨ ᠤ ᠳᠠᠯᠳᠠ ᠭᠡᠮ ᠣᠷᠣᠰᠢᠳᠠᠭ ᠂ ᠰᠠᠭᠤᠭᠠᠯᠢ ᠠᠷᠠᠳ ᠡᠷᠬᠡᠪᠰᠢ ᠬᠡᠷᠡᠭᠯᠡᠬᠦ ᠴᠠᠭ ᠪᠠ ᠬᠡᠷᠡᠭᠯᠡᠬᠦ | ᠠᠷᠭ᠎ᠠ ᠪᠠᠨ ᠠᠩᠬᠠᠷᠴᠤ ᠂ ᠬᠡᠷᠡᠭᠯᠡᠬᠦ ᠦᠭᠡᠢ ᠦᠶ᠎ᠡ ᠳᠤ ᠴᠠᠭᠢᠯᠭᠠᠨ ᠤ ᠰᠤᠷᠪᠤᠯᠵᠢ ᠶᠢ ᠴᠠᠭ ᠲᠤᠬᠠᠢ ᠳᠤᠨᠢ ᠬᠠᠭᠠᠬᠤ ᠬᠡᠷᠡᠭᠲᠡᠢ ᠃ ᠡᠭᠦᠳᠡ ᠴᠣᠩᠬᠤ ᠶᠢ ᠬᠠᠭᠠᠬᠤ | ᠭᠡᠷ ᠠᠴᠠ ᠪᠠᠨ ᠭᠠᠷᠬᠤ ᠳᠠᠭᠠᠨ ᠴᠣᠩᠬᠤ ᠪᠠᠨ ᠬᠠᠭᠠᠬᠤ ᠬᠡᠷᠡᠭᠲᠡᠢ ᠂ ᠣᠶᠢᠷ᠎ᠠ ᠶᠢᠨ ᠵᠢᠯ ᠤᠳ ᠲᠤ ᠫᠤᠤᠵᠢᠩ ᠲᠠᠯᠪᠢᠬᠤ ᠠᠴᠠ ᠪᠣᠯᠵᠤ ᠴᠣᠩᠬᠤ ᠪᠠᠷ ᠣᠴᠢ ᠲᠠᠷᠢ | ᠦᠰᠦᠷᠦᠨ ᠣᠷᠣᠭᠠᠳ ᠭᠠᠯ ᠠᠯᠳᠠᠭᠰᠠᠨ ᠬᠡᠷᠡᠭ ᠵᠥᠩᠳᠡᠭᠡᠨ ᠭᠠᠷᠴᠤ ᠪᠠᠶᠢᠨ᠎ᠠ ᠃ | | ᠭᠡᠷ ᠵᠠᠭᠤᠷ᠎ᠠ ᠪᠠᠨ ᠤᠨᠲᠠᠷᠠᠭᠠᠭᠤᠷ ᠲᠣᠬᠢᠷᠠᠭᠤᠯᠬᠤ ᠠᠴᠠ ᠭᠠᠳᠠᠨ᠎ᠠ ᠂ ᠬᠤᠷᠴᠠ ᠬᠡᠷᠡᠯᠳᠦ ᠳ᠋ᠢᠶᠠᠨᠪᠠᠷ ᠪᠠ ᠱᠦᠭᠦᠯᠲᠡᠲᠦ ᠮᠠᠶ᠋ᠢᠭ ᠤᠨ ᠠᠮᠢᠰᠬᠤᠭᠤᠷ ᠪᠡᠯᠡᠳᠬᠡᠪᠡᠯ | ᠰᠠᠶᠢᠨ ᠃ ᠡᠭᠦᠨ ᠠᠴᠠ ᠭᠠᠳᠠᠨ᠎ᠠ ᠂ ᠭᠡᠷ ᠲᠡᠭᠡᠨ ᠠᠯᠢ ᠴᠢᠳᠠᠬᠤ ᠪᠠᠷ ᠰᠢᠲᠠᠮᠠᠬᠠᠢ ᠬᠡᠢ ᠯᠡᠪᠡᠷᠡᠬᠦ ᠲᠦᠭᠰᠢᠭᠦᠷᠢ ᠶᠢᠨ ᠳᠣᠬᠢᠶ᠎ᠠ ᠤᠭᠰᠠᠷᠠᠬᠤ ᠪᠠ ᠤᠲᠤᠭ᠎ᠠ ᠶᠢ ᠬᠢᠨᠠᠨ | ᠰᠡᠷᠡᠬᠦ ᠲᠦᠢᠭᠰᠢᠭᠦᠷᠢ ᠶᠢᠨ ᠳᠣᠬᠢᠶ᠎ᠠ ᠤᠭᠰᠠᠷᠠᠪᠠᠯ ᠰᠠᠶᠢᠨ ᠃ ᠰᠠᠭᠤᠭᠠᠯᠢ ᠠᠷᠠᠳ ᠨᠢᠭᠡᠪᠦᠷᠢ ᠭᠡᠷ ᠤᠨ ᠢᠶᠠᠨ ᠠᠶᠤᠯ ᠠᠴᠠ ᠵᠢᠭᠤᠲᠠᠬᠤ ᠵᠠᠮ ᠢᠶᠠᠨ ᠰᠠᠶᠢᠨ ᠮᠡᠳᠡᠵᠦ ᠂ | ᠰᠣᠷᠢᠯᠲᠠ ᠪᠣᠯᠪᠠᠰᠤᠷᠠᠯ ᠬᠢᠵᠦ ᠂ ᠠᠶᠤᠯ ᠠᠴᠠ ᠵᠢᠭᠤᠲᠠᠬᠤ ᠪᠠᠴᠢᠮ ᠲᠥᠰᠥᠪ ᠲᠣᠭᠲᠠᠭᠠᠬᠤ ᠨᠢ ᠲᠠᠨ ᠢ ᠠᠶᠤᠯ ᠳᠤ ᠲᠤᠯᠭᠠᠷᠠᠭᠰᠠᠨ ᠮᠥᠴᠡ ᠳᠤ ᠪᠣᠳᠠᠲᠤ | ᠬᠡᠷᠡᠭᠴᠡᠭᠡᠨ ᠳᠤ ᠬᠦᠷᠬᠦ ᠶᠠᠪᠤᠳᠠᠯ ᠶᠤᠮ ᠃ ᠭᠡᠷ ᠵᠠᠭᠤᠷ᠎ᠠ ᠶᠢᠨ ᠭᠠᠯ ᠤᠨ ᠠᠶᠤᠯ ᠢ ᠰᠡᠷᠭᠡᠶᠢᠯᠡᠬᠦ ᠳᠤ ᠡᠳᠡᠭᠡᠷ ᠨᠠᠷᠢᠨ ᠵᠦᠢᠯᠡᠰ ᠢ ᠠᠩᠬᠠᠷᠪᠠᠯ ᠵᠣᠬᠢᠨ᠎ᠠ ◆ | ᠡᠯᠧᠺᠳ᠋ᠷᠣᠨ ᠪᠦᠲᠦᠭᠡᠭᠳᠡᠬᠦᠨ ᠢ ᠰᠥᠨᠢᠵᠢᠨ ᠴᠡᠨᠡᠭᠯᠡᠵᠦ ᠪᠤᠯᠬᠤ ᠦᠭᠡᠢ ◆ ᠲᠣᠭᠲᠠᠭᠰᠠᠨ ᠬᠤᠭᠤᠴᠠᠭ᠎ᠠ ᠲᠠᠢ ᠪᠠᠷ ᠭᠡᠷ ᠤᠨ ᠴᠠᠭᠢᠯᠭᠠᠨ ᠤᠲᠠᠰᠤ ᠬᠠᠭᠤᠴᠢᠷᠠᠭᠰᠠᠨ | ᠡᠰᠡᠬᠦ ᠂ ᠡᠪᠳᠡᠷᠡᠭᠰᠡᠨ ᠵᠡᠷᠭᠡ ᠶᠢ ᠪᠠᠶᠢᠴᠠᠭᠠᠨ᠎ᠠ ◆ ᠴᠠᠭ ᠲᠤᠬᠠᠢ ᠳᠤᠨᠢ ᠨᠠᠷᠠᠪᠴᠢ ᠂ ᠭᠤᠳᠤᠮᠵᠢ ᠂ ᠱᠠᠲᠤᠨ ᠳᠡᠭᠡᠷᠡᠬᠢ ᠶᠠᠭᠤᠮ᠎ᠠ ᠶᠢ ᠬᠤᠷᠢᠶᠠᠵᠤ ᠲᠢᠭᠯᠡᠨ᠎ᠡ ◆ | ᠲᠣᠭᠲᠠᠮᠠᠯ ᠬᠤᠭᠤᠴᠠᠭ᠎ᠠ ᠲᠠᠢ ᠪᠠᠷ ᠣᠲᠤᠭ᠎ᠠ ᠰᠣᠷᠣᠬᠤ ᠮᠠᠰᠢᠨ ᠤ ᠬᠤᠭᠤᠯᠠᠢ ᠶᠢ ᠴᠡᠪᠡᠷᠯᠡᠨ᠎ᠡ ◆ ᠯᠠ ᠂ ᠬᠦᠵᠢ ᠠᠰᠠᠭᠠᠬᠤ ᠳᠠᠭᠠᠨ ᠲᠤᠰᠬᠠᠢ ᠲᠠᠯᠪᠢᠭᠤᠷ ᠪᠠᠶᠢᠬᠤ | ᠬᠡᠷᠡᠭᠲᠡᠢ ◆ ᠭᠡᠷ ᠲᠡᠭᠡᠨ ᠴᠢᠶ᠋ᠢᠦ ᠵᠡᠷᠭᠡ ᠳᠡᠭᠳᠡᠮᠡᠬᠡᠢ ᠴᠢᠨᠠᠷ ᠲᠠᠢ ᠰᠢᠲᠠᠮᠠᠬᠠᠢ ᠳᠡᠯᠪᠡᠷᠡᠮᠡᠲᠡᠭᠡᠢ ᠪᠣᠳᠠᠰ ᠢ ᠲᠠᠯᠪᠢᠵᠤ ᠪᠤᠯᠬᠤ ᠦᠭᠡᠢ ◆ ᠣᠷᠣ ᠱᠠᠹᠠ ᠳᠡᠭᠡᠷ᠎ᠡ ᠪᠠᠨ | ᠲᠠᠮᠠᠬᠢ ᠲᠠᠲᠠᠬᠤ ᠦᠭᠡᠢ ᠂ ᠲᠠᠮᠠᠬᠢᠨ ᠤ ᠶᠣᠵᠣᠭᠤᠷ ᠂ ᠴᠦᠳᠡᠩ ᠤᠨ ᠡᠰᠢ ᠶᠢ ᠪᠦᠷᠢᠮᠦᠰᠦᠨ ᠤᠨᠲᠠᠷᠠᠭᠠᠵᠤ ᠬᠠᠶᠠᠬᠤ ᠬᠡᠷᠡᠭᠲᠡᠢ ᠃ | | |