| 2023 ᠣᠨ ᠳᠤ ᠂ ᠮᠠᠨ ᠤ ᠤᠯᠤᠰ ᠤᠨ ᠠᠵᠢᠯ ᠣᠯᠭᠤᠯᠲᠠ ᠶᠢᠨ ᠭᠤᠣᠯ ᠭᠦᠢᠴᠡᠳᠬᠡᠯ ᠲᠤᠭ᠎ᠠ ᠠᠮᠵᠢᠯᠲᠠ ᠲᠠᠢ ᠪᠡᠶᠡᠯᠡᠭᠳᠡᠵᠦ ᠂ ᠠᠵᠢᠯ ᠣᠯᠭᠤᠯᠲᠠ ᠶᠢᠨ | ᠪᠠᠶᠢᠳᠠᠯ ᠶᠡᠷᠦᠩᠬᠡᠢ ᠳᠤ ᠪᠠᠨ ᠰᠠᠶᠢᠵᠢᠷᠠᠪᠠ ᠄ 1 — 12 ᠳ᠋ᠤᠭᠠᠷ ᠰᠠᠷ᠎ᠠ ᠳᠤ ᠂ ᠪᠥᠬᠦ ᠤᠯᠤᠰ ᠤᠨ ᠬᠤᠲᠠ ᠪᠠᠯᠭᠠᠰᠤᠨ ᠤ 1244 ᠲᠦᠮᠡᠨ ᠬᠥᠮᠥᠨ ᠠᠵᠢᠯ | ᠣᠯᠵᠤ ᠂ 12 ᠳ᠋ᠤᠭᠠᠷ ᠰᠠᠷ᠎ᠠ ᠳᠤ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠨ ᠨᠣᠷᠮ᠎ᠠ 5.1% ᠪᠠᠶᠢᠵᠤ ᠂ ᠭᠤᠣᠯᠳᠠᠯᠭ᠎ᠠ ᠲᠠᠢ ᠬᠥᠮᠦᠰ ᠤᠨ | ᠠᠵᠢᠯ ᠣᠯᠭᠤᠯᠲᠠ ᠵᠢᠱᠢᠯᠲᠡ ᠠᠴᠠ ᠰᠠᠶᠢᠨ ᠪᠣᠯᠪᠠ ᠃ | ︽ ᠬᠠᠨᠳᠤᠰᠢ ᠠᠴᠠ ᠦᠵᠡᠪᠡᠯ ᠂ 2024 ᠣᠨ ᠤ ᠠᠵᠢᠯ ᠣᠯᠭᠤᠯᠲᠠ ᠶᠢᠨ ᠠᠵᠢᠯ ᠲᠣᠭᠲᠠᠭᠤᠨ ᠰᠠᠭᠤᠷᠢ ᠲᠠᠢ ᠃ ᠠᠵᠤ ᠠᠬᠤᠢ ᠶᠢᠨ ᠨᠡᠮᠡᠭᠳᠡᠯ ᠤᠯᠠᠮ ᠨᠢᠭᠡ | ᠠᠯᠬᠤᠮ ᠰᠡᠷᠭᠦᠵᠦ ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠬᠤᠪᠢᠷᠠᠭᠤᠯᠵᠤ ᠂ ᠲᠥᠷᠥ ᠶᠢᠨ ᠪᠣᠳᠣᠯᠭ᠎ᠠ ᠶᠢᠨ ᠠᠰᠢᠭ ᠢ ᠦᠷᠭᠦᠯᠵᠢᠯᠡᠨ | ᠪᠠᠳᠠᠷᠠᠭᠤᠯᠵᠤ ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠪᠠᠲᠤ ᠪᠠᠬᠢ ᠲᠤᠰᠠᠯᠠᠮᠵᠢ ᠬᠠᠩᠭᠠᠵᠤ ᠪᠤᠢ ᠃ ︾ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠣᠯᠭᠤᠯᠲᠠ ᠶᠢ ᠠᠬᠢᠭᠤᠯᠬᠤ ᠵᠤᠷᠭᠠᠨ ᠤ ᠳᠠᠷᠤᠭ᠎ᠠ ᠵᠠᠩ ᠶᠢᠩ ᠢᠯᠡᠷᠬᠡᠶᠢᠯᠡᠬᠦ ᠳᠤ ᠪᠠᠨ ᠂ ᠡᠨᠡ ᠵᠢᠯ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ᠱᠠᠭᠠᠷᠳᠠᠯᠭ᠎ᠠ ᠶᠣᠰᠣᠭᠠᠷ ᠂ ︽ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠨᠠᠩ | ᠳᠣᠪᠤᠶᠢᠯᠭᠠᠵᠤ ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ ︾ ᠂ ᠠᠵᠢᠯ ᠣᠯᠭᠤᠯᠲᠠ ᠶᠢᠨ | ᠰᠠᠶᠢᠵᠢᠷᠠᠬᠤ ᠬᠠᠨᠳᠤᠰᠢ ᠶᠢ ᠬᠦᠴᠦᠯᠡᠨ ᠪᠠᠬᠢᠵᠢᠭᠦᠯᠦᠨ᠎ᠡ ᠭᠡᠵᠡᠢ ᠃ | ᠬᠠᠮᠵᠢᠯᠴᠠᠭ᠎ᠠ ᠪᠠᠨ ᠴᠢᠩᠭᠠᠳᠬᠠᠵᠤ ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠠᠳᠠᠷᠠᠭᠤᠯᠤᠨ᠎ᠠ ᠃ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠳᠤ ᠠᠰᠢᠭᠲᠠᠢ ᠲᠦᠷᠦ ᠶᠢᠨ ᠪᠣᠳᠣᠯᠭ᠎ᠠ ᠶᠢ ᠢᠯᠡᠭᠦᠬᠡᠨ ᠨᠡᠶᠢᠲᠡᠯᠡᠵᠦ ᠂ ᠠᠵᠤ ᠠᠬᠤᠢ ᠶᠢᠨ ᠪᠤᠰᠤ ᠲᠦᠷᠦ ᠶᠢᠨ ᠪᠣᠳᠣᠯᠭ᠎ᠠ ᠶᠢ ᠨᠡᠶᠢᠲᠡᠯᠡᠵᠦ | ᠠᠵᠢᠯ ᠣᠯᠭᠤᠯᠲᠠ ᠶᠢᠨ ᠨᠥᠯᠥᠭᠡ ᠶᠢ ᠵᠡᠷᠭᠡ ᠪᠠᠷ ᠦᠨᠡᠯᠡᠨ ᠵᠢᠱᠢᠬᠦ ᠶᠢ ᠠᠬᠢᠭᠤᠯᠤᠨ ᠂ ᠡᠳ᠋ ᠤᠨ ᠵᠠᠰᠠᠭ ᠤᠨ ᠨᠥᠬᠦᠪᠦᠷᠢ ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠂ | ᠮᠥᠩᠭᠦᠨ ᠭᠦᠢᠯᠭᠡᠭᠡᠨ ᠤ ᠳᠡᠮᠵᠢᠯᠭᠡ ᠂ ᠨᠡᠶᠢᠭᠡᠮ ᠤᠨ ᠪᠠᠲᠤᠯᠠᠭ᠎ᠠ ᠵᠡᠷᠭᠡ ᠳᠡᠮᠵᠢᠯᠭᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ ᠂ ᠲᠦᠷᠦ ᠶᠢᠨ ᠪᠣᠳᠣᠯᠭ᠎ᠠ ᠪᠠᠷ | ᠠᠵᠢᠯ ᠣᠯᠭᠤᠯᠲᠠ ᠶᠢ ᠠᠬᠢᠭᠤᠯᠬᠤ ᠠᠰᠢᠭ ᠢ ᠪᠠᠳᠠᠷᠠᠭᠤᠯᠤᠨ᠎ᠠ ᠃ | ᠰᠢᠨ᠎ᠡ ᠶᠢ ᠡᠭᠦᠳᠬᠦ ᠶᠢ ᠠᠬᠢᠭᠤᠯᠵᠤ ᠂ ᠠᠵᠢᠯ ᠤᠨ ᠪᠠᠶᠢᠷᠢ ᠶᠢᠨ ᠣᠷᠣᠨ ᠵᠠᠢ ᠶᠢ ᠠᠭᠤᠳᠠᠯᠤᠨ᠎ᠠ ᠃ ᠠᠵᠢᠯ ᠣᠯᠭᠤᠯᠲᠠ ᠶᠢᠨ ᠠᠵᠤ ᠦᠢᠯᠡᠰ ᠤᠨ ᠬᠠᠮᠵᠢᠯᠴᠠᠨ | ᠬᠥᠳᠡᠯᠦᠯᠴᠡᠬᠦ ᠲᠣᠭᠲᠠᠯᠴᠠᠭ᠎ᠠ ᠶᠢ ᠦᠷᠭᠦᠯᠵᠢᠯᠡᠨ ᠪᠦᠷᠢᠨᠰᠢᠭᠦᠯᠵᠦ ᠂ ᠲᠣᠭᠠᠴᠢᠯᠠᠭᠰᠠᠨ ᠠᠵᠤ ᠠᠬᠤᠢ ᠂ ᠪᠣᠬᠢᠷᠲᠤᠯ ᠦᠭᠡᠢ ᠠᠵᠤ ᠠᠬᠤᠢ ᠂ ᠪᠤᠭᠤᠷᠤᠯᠴᠤᠳ ᠤᠨ | ᠠᠵᠤ ᠠᠬᠤᠢ ᠵᠡᠷᠭᠡ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠵᠦ ᠂ ᠨᠡᠩ ᠤᠯᠠᠨ ᠰᠢᠨ᠎ᠡ ᠠᠵᠢᠯ ᠤᠨ ᠪᠠᠶᠢᠷᠢ ᠶᠢ ᠡᠭᠦᠳᠦᠨ᠎ᠡ ᠃ | ᠭᠤᠣᠯᠳᠠᠯᠭ᠎ᠠ ᠶᠢ ᠠᠳᠬᠤᠵᠤ ᠂ ᠠᠵᠢᠯ ᠣᠯᠭᠤᠯᠲᠠ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ᠎ᠠ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠵᠠᠯᠠᠭᠤᠴᠤᠳ ᠲᠤ ᠠᠵᠢᠯ ᠣᠯᠭᠤᠬᠤ ᠳᠡᠮᠵᠢᠯᠭᠡ ᠶᠢ ᠴᠢᠩᠭᠠᠳᠬᠠᠵᠤ ᠂ ᠲᠤᠰᠬᠠᠢ ᠦᠢᠯᠡᠴᠢᠯᠡᠭᠡ ᠶᠢ ᠴᠢᠩᠭᠠᠷᠠᠭᠤᠯᠤᠨ ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠶᠢ | ᠵᠣᠯᠭᠠᠭᠤᠯᠤᠭᠰᠠᠨ ᠂ ᠵᠠᠯᠠᠭᠤᠴᠤᠳ ᠤᠨ ᠠᠵᠢᠯ ᠣᠯᠵᠤ ᠦᠰᠦᠨ ᠪᠤᠶᠢᠵᠢᠬᠤ ᠶᠢ ᠠᠬᠢᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ ︔ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ ᠂ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠂ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠤᠵᠠᠭᠠᠶᠢᠷᠠᠭᠤᠯᠵᠤ ᠂ ᠨᠤᠲᠤᠭ ᠲᠤ ᠪᠠᠨ ᠪᠤᠴᠠᠵᠤ ᠦᠢᠯᠡᠰ | ᠪᠤᠰᠬᠠᠬᠤ ᠶᠢ ᠳᠡᠮᠵᠢᠨ᠎ᠡ ︔ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ ᠂ ᠠᠵᠢᠯ ᠣᠯᠭᠤᠯᠲᠠ ᠶᠢᠨ ᠲᠤᠰᠠᠯᠠᠮᠵᠢ ᠶᠢᠨ | ᠳᠦᠷᠢᠮ ᠢ ᠲᠡᠭᠦᠯᠳᠡᠷᠵᠢᠭᠦᠯᠦᠨ ᠂ ᠠᠵᠢᠯ ᠣᠯᠭᠤᠯᠲᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ ᠃ | ︽ ᠡᠭᠦᠨ ᠠᠴᠠ ᠭᠠᠳᠠᠨ᠎ᠠ ᠂ ᠡᠨᠡ ᠵᠢᠯ ᠪᠠᠰᠠ ᠪᠦᠬᠦ ᠤᠯᠤᠰ ᠤᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠭᠠᠷᠭᠠᠨ ᠂ | ᠭᠡᠷ ᠤᠨ ᠡᠭᠦᠳᠡᠨ ᠳᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠵᠠᠭᠪᠤᠷ ᠢ ᠪᠤᠶ ᠪᠣᠯᠭᠠᠵᠤ ᠂ ᠣᠯᠠᠨ ᠲᠦᠮᠡᠨ ᠤ ᠮᠡᠳᠡᠷᠡᠵᠦ ᠬᠦᠷᠲᠡᠬᠦ᠋ᠢᠴᠡ ᠨᠡᠩ ᠣᠯᠠᠨ ᠠᠵᠢᠯ | ᠣᠯᠭᠤᠯᠲᠠ ᠶᠢᠨ ᠦᠢᠯᠡᠴᠢᠯᠡᠭᠡ ᠶᠢ ᠬᠠᠩᠭᠠᠬᠤ ᠪᠣᠯᠣᠨ᠎ᠠ ︾ ᠭᠡᠵᠦ ᠵᠠᠩ ᠶᠢᠩ ᠬᠡᠯᠡᠪᠡ ᠃ | ᠣᠳᠣᠬᠠᠨ ᠳᠤ ᠂ ᠰᠢᠨ᠎ᠡ ᠨᠢᠭᠡ ᠵᠢᠯ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠶᠠᠭ ᠵᠠᠯᠭᠠᠭ᠎ᠠ ᠪᠠᠷ ᠪᠤᠲᠠᠲᠠᠶᠢᠵᠢᠭᠤᠯᠵᠤ ᠪᠠᠶᠢᠨ᠎ᠠ ᠃ ᠠᠵᠢᠯ | ᠣᠯᠬᠤ ᠳᠤ ᠬᠦᠴᠢᠷᠲᠡᠢ ᠬᠥᠮᠥᠰ ᠂ ᠠᠵᠢᠯ ᠠᠯᠳᠠᠭᠰᠠᠨ ᠵᠡᠮᠳᠡᠭᠴᠦᠳ ᠲᠤ ᠵᠣᠷᠢᠭᠤᠯᠤᠭᠰᠠᠨ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠠᠵᠢᠯᠯᠠᠭ᠎ᠠ ᠶᠢ | ᠨᠢᠭᠡᠨᠲᠡ ᠡᠬᠢᠯᠡᠭᠦᠯᠵᠦ ᠂ ᠴᠥᠭᠡᠨ ᠪᠤᠰᠤ ᠭᠠᠵᠠᠷ ᠣᠷᠣᠨ ᠤ ᠬᠢᠨ ︽ ᠠᠵᠢᠯ ᠣᠯᠭᠤᠯᠲᠠ ᠶᠢᠨ ᠮᠣᠬᠤᠯᠠᠭ ︾ ᠭᠠᠷᠭᠠᠵᠤ ᠂ ᠠᠵᠢᠯ ᠤᠨ ᠪᠠᠶᠢᠷᠢ ᠶᠢᠨ ᠮᠡᠳᠡᠭᠡ | ᠵᠠᠩᠭᠢ ᠶᠢ ᠤᠯᠠᠨ ᠲᠦᠮᠡᠨ ᠤ ᠳᠡᠷᠭᠡᠳᠡ ᠬᠦᠷᠭᠡᠵᠦ ᠪᠠᠶᠢᠨ᠎ᠠ ᠃ 2024 ᠣᠨ ᠤ ᠬᠠᠪᠤᠷ ᠤᠨ ᠤᠷᠢ ᠠᠵᠢᠯᠯᠠᠭ᠎ᠠ ᠶᠢ ᠨᠢᠭᠡᠨᠲᠡ ᠪᠥᠬᠦ ᠤᠯᠤᠰ ᠲᠤ ᠥᠷᠨᠢᠭᠦᠯᠵᠦ ᠂ | ᠵᠢᠱᠢᠯᠲᠡ ᠪᠠᠷ 3000 ᠲᠦᠮᠡᠨ ᠠᠵᠢᠯ ᠤᠨ ᠪᠠᠶᠢᠷᠢ ᠬᠠᠩᠭᠠᠬᠤ ᠪᠣᠯᠣᠨ᠎ᠠ ᠃ | ︽ ᠪᠢᠳᠡ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠵᠢᠮ᠎ᠡ ᠶᠣᠰᠣ ᠲᠠᠢ ᠤᠶᠠᠯᠳᠤᠭᠤᠯᠤᠨ ᠂ ᠬᠥᠳᠡᠯᠮᠦᠷᠢᠴᠢᠳ ᠤᠨ ᠬᠡᠷᠡᠭᠴᠡᠭᠡ ᠶᠢ | ᠦᠨᠳᠦᠰᠦᠯᠡᠨ ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠂ | ᠲᠠᠷᠢᠶᠠᠴᠢᠨ ᠬᠦᠴᠦ ᠶᠠᠪᠤᠭᠰᠠᠳ ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠦᠮᠦᠰ ᠪᠠ ᠡᠯ᠎ᠡ ᠲᠥᠷᠥᠯ ᠤᠨ ᠠᠵᠢᠯᠴᠢᠨ ᠬᠡᠷᠡᠭᠯᠡᠬᠦ ᠠᠵᠤ | ᠠᠬᠤᠶᠢᠯᠠᠯ ᠢ ᠬᠠᠮᠤᠷᠴᠦ ᠂ ︿ ᠰᠠᠷ᠎ᠠ ᠪᠣᠯᠭᠠᠨ ᠡᠯᠰᠡᠯᠲᠡ ᠲᠠᠢ ᠂ ᠦᠢᠯᠡᠴᠢᠯᠡᠭᠡ ᠶᠢ ᠲᠠᠰᠤᠯᠳᠠᠭᠤᠯᠬᠤ ᠦᠭᠡᠢ ﹀ ᠶᠢ ᠴᠢᠷᠮᠠᠶᠢᠨ ᠪᠡᠶᠡᠯᠡᠭᠦᠯᠦᠨ᠎ᠡ ︾ ᠭᠡᠵᠦ ᠵᠠᠩ ᠶᠢᠩ | ᠬᠡᠯᠡᠪᠡ ᠃ | | | |