| ᠰᠢ ᠶᠢᠨ ᠫᠢᠩ ᠯᠢ ᠴᠢᠶᠠᠩ ᠵᠤᠤ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠰᠠᠭᠠᠲᠠᠵᠤ ᠪᠠᠶᠠᠷ ᠬᠦᠷᠭᠡᠪᠡ | ᠸᠠᠩ ᠬᠤ᠋ ᠨᠢᠩ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ | ᠱᠢ ᠲᠠᠢ ᠹᠧᠩ ᠬᠤᠷᠠᠯ ᠢ ᠡᠷᠭᠢᠯᠡᠵᠡᠢ | ᠭᠤᠤ ᠶᠦᠨ ᠯᠦᠩ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠵᠡᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 4 ᠤ ᠴᠠᠭᠢᠯᠭᠠᠨ ᠮᠡᠳᠡᠭᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠡᠷᠭᠦᠨ ᠮᠠᠨᠳᠤᠯᠲᠠ ᠶᠢᠨ | ᠬᠦᠨᠳᠦ ᠡᠭᠦᠷᠭᠡ ᠶᠢ ᠬᠠᠮᠲᠤ ᠪᠠᠷ ᠡᠭᠦᠷᠭᠡᠯᠡᠵᠦ ᠂ ᠳᠠᠷᠪᠠᠭᠤᠯ ᠬᠡᠶᠢᠰᠬᠡᠨ ᠡᠷᠡᠯᠬᠡᠭᠯᠡᠨ ᠲᠡᠮᠡᠴᠡᠵᠦ ᠴᠣ ᠰᠢᠨ᠎ᠡ ᠠᠶᠠᠨ ᠳᠤ ᠭᠠᠪᠢᠶ᠎ᠠ ᠪᠠᠶᠢᠭᠤᠯᠤᠨ᠎ᠠ ᠃ ᠳᠤᠮᠳᠠᠳᠤ | ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ | 4 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ 2000 ᠭᠠᠷᠤᠢ | ᠭᠡᠰᠢᠭᠦᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ ᠂ | ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ ᠂ ᠬᠠᠮᠲᠤ ᠶᠢᠨ ᠲᠠᠨᠢᠯᠲᠠ ᠶᠢ | ᠥᠷᠭᠡᠨ ᠢᠶᠠᠷ ᠨᠢᠭᠲᠠᠷᠠᠭᠤᠯᠤᠨ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠦᠷᠯᠢᠭ ᠰᠠᠶᠢᠬᠠᠨ ᠢᠷᠠᠭᠤ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠃ | | | 3 ᠰᠠᠷ᠎ᠠ ᠶᠢᠨ 4 ᠤ ᠦᠳᠡ ᠶᠢᠨ ᠬᠤᠶᠢᠨ᠎ᠠ ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠵᠢᠷᠤᠭ ᠪᠣᠯ | ᠰᠢ ᠶᠢᠨ ᠫᠢᠩ ᠂ ᠯᠢ ᠴᠢᠶᠠᠩ ᠂ ᠵᠣᠣ ᠯᠧ ᠵᠢᠢ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ | ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | 3 ᠰᠠᠷ᠎ᠠ ᠶᠢᠨ ᠪᠡᠭᠡᠵᠢᠩ ᠬᠤᠲᠠᠨ᠎ᠠ ᠂ ᠤᠷᠢᠬᠠᠨ ᠬᠠᠪᠤᠷ ᠡᠬᠡ ᠭᠠᠵᠠᠷ ᠲᠤ ᠰᠠᠭᠠᠲᠠᠯ᠎ᠠ ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ | ᠲᠠᠩᠬᠢᠮ ᠳᠤ ᠳ᠋ᠧᠩ ᠤᠨ ᠭᠡᠷᠡᠯ ᠳᠤᠸᠠᠯᠠᠵᠤ ᠂ ᠠᠭᠤᠷ ᠠᠮᠢᠰᠬᠤᠯ ᠲᠥᠪ ᠶᠡᠬᠡᠮᠰᠦᠭ ᠪᠥᠭᠡᠳ ᠭᠦᠷ ᠬᠥᠭᠵᠢᠶᠡᠨ ᠲᠠᠢ ᠪᠠᠶᠢᠯ᠎ᠠ ᠃ ᠳᠤᠮᠳᠠᠳᠤ ᠤᠯᠤᠰ ᠤᠨ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ ᠰᠦᠯᠳᠡ ᠶᠢ ᠲᠡᠷᠢᠭᠦᠯᠡᠭᠴᠢᠳ ᠤᠨ ᠲᠠᠶᠢᠰᠠᠨ ᠤ ᠭᠤᠣᠯ ᠳᠤᠮᠳᠠ ᠡᠯᠭᠦᠵᠦ ᠂ ᠬᠤᠷᠴᠠ ᠤᠯᠠᠭᠠᠨ ᠥᠩᠭᠡ ᠲᠠᠢ | ᠠᠷᠪᠠᠨ ᠤᠯᠠᠭᠠᠨ ᠲᠤᠭ ᠢ ᠬᠤᠶᠠᠷ ᠭᠠᠷᠯᠠᠭᠤᠯᠤᠨ ᠵᠢᠭᠰᠠᠭᠠᠪᠠ ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠤᠯᠴᠠᠬᠤ | ᠶᠣᠰᠣᠲᠠᠢ ᠭᠡᠰᠢᠭᠦᠨ 2162 ᠬᠥᠮᠥᠨ ᠪᠤᠢ ᠂ ᠪᠣᠳᠠᠲᠠᠢ ᠣᠷᠣᠯᠴᠠᠬᠰᠠᠨ ᠨᠢ 2093 ᠬᠥᠮᠥᠨ ᠪᠠᠶᠢᠵᠤ ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠱᠢ ᠲᠠᠢ ᠹᠧᠩ ᠂ ᠬᠤ᠋ ᠴᠦᠨ ᠬᠤᠸᠠ ᠂ ᠱᠧᠨ ᠶᠤᠸᠠᠢ ᠶᠤᠸᠠᠢ ᠂ ᠸᠠᠩ ᠶᠦᠩ ᠂ ᠵᠧᠦ ᠴᠢᠶᠠᠩ ᠂ ᠫᠠᠪᠠᠯᠠ · ᠭᠧᠯᠤᠭ᠍ᠨᠠᠮᠵᠢᠯ ᠂ ᠾᠧ ᠾᠧᠦ ᠬᠤᠸᠠ ᠂ | ᠯᠢᠶᠠᠩ ᠵᠧᠨ ᠶᠢᠩ ᠂ ᠪᠠᠭᠠᠲᠤᠷ ᠂ ᠰᠦ᠋ ᠬᠤᠢ ᠂ ᠱᠤᠤ ᠬᠤᠩ ᠂ ᠭᠤᠤ ᠶᠦᠨ ᠯᠦᠩ ᠂ ᠴᠧᠨ ᠦ᠋ ᠂ ᠮᠦ ᠬᠤᠩ ᠂ ᠰᠢᠶᠠᠨ ᠬᠤᠢ ᠂ ᠸᠠᠩ ᠳ᠋ᠦᠩ ᠹᠧᠩ ᠂ ᠵᠢᠶᠠᠩ | ᠰᠢᠨ ᡁᠢ ᠂ ᠵᠢᠶᠠᠩ ᠽᠦᠸᠧ ᠵᠢᠶᠦ᠋ᠨ ᠂ ᠾᠧ ᠪᠦᠦ ᠰᠢᠶᠠᠩ ᠂ ᠸᠠᠩ ᠭᠤᠸᠠᠩ ᠴᠢᠶᠠᠨ ᠂ ᠴᠢᠨ ᠪᠦᠸᠧ ᠶᠦᠩ ᠂ ᠵᠦ ᠶᠦᠩ ᠰᠢᠨ ᠂ ᠶᠠᠩ ᠵᠧᠨ | ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ ᠃ | ᠨᠠᠮ ᠪᠣᠯᠣᠨ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ | ᠵᠧᠩ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠤ ᠂ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠪᠡ ᠃ | ᠦᠳᠡ ᠶᠢᠨ ᠬᠤᠶᠢᠨᠠᠬᠢ 3 ᠴᠠᠭ ᠲᠤ ᠂ ᠱᠢ ᠲᠠᠢ ᠹᠧᠩ ᠶᠡᠭᠡ ᠬᠤᠷᠠᠯ ᠡᠬᠢᠯᠡᠭᠰᠡᠨ ᠢ ᠵᠠᠷᠯᠠᠵᠤ ᠂ ᠪᠦᠭᠦᠳᠡᠭᠡᠷ ᠪᠣᠰᠴᠤ ᠵᠣᠭᠰᠣᠨ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ ᠃ | ᠶᠡᠭᠡ ᠬᠤᠷᠠᠯ ᠠᠴᠠ ᠡᠩ ᠲᠡᠷᠢᠭᠦᠨ ᠳᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ | ᠬᠤᠶᠠᠳᠤᠭᠠᠷ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ ᠃ | ᠸᠠᠩ ᠬᠤ᠋ ᠨᠢᠩ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ ᠃ | | 3 ᠰᠠᠷ᠎ᠠ ᠶᠢᠨ 4 ᠤ ᠦᠳᠡ ᠶᠢᠨ ᠬᠤᠶᠢᠨ᠎ᠠ ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠬᠤᠶᠠᠳᠤᠭᠠᠷ ᠬᠤᠷᠠᠯ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ ᠃ ᠵᠢᠷᠤᠭ ᠪᠣᠯ | ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠵᠦ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | ᠸᠠᠩ ᠬᠤ᠋ ᠨᠢᠩ ᠂ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠡᠭᠢᠯᠡᠯᠲᠡ ᠶᠢᠨ ᠵᠢᠯ ᠮᠥᠨ ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠦᠷᠭᠦᠯᠵᠢᠯᠡᠨ ᠲᠡᠮᠡᠴᠡᠵᠦ ᠂ ᠡᠷᠡᠮᠡᠬᠡᠶᠢᠯᠡᠨ ᠤᠷᠤᠭᠰᠢᠯᠠᠵᠤ ᠂ ᠳᠣᠲᠣᠭᠠᠳᠤ | ᠭᠠᠳᠠᠭᠠᠳᠤ ᠶᠢᠨ ᠬᠦᠴᠢᠷ ᠪᠡᠷᠬᠡᠰᠢᠶᠡᠯ ᠢ ᠡᠷᠡᠰ ᠢᠯᠠᠨ ᠳᠠᠪᠠᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠢᠶᠠᠷ ᠱᠠᠲᠤ ᠰᠢᠯᠵᠢᠵᠦ ᠂ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠵᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ ᠂ ᠠᠮᠤᠷ | ᠲᠦᠪᠰᠢᠨ ᠬᠥᠭᠵᠢᠯᠲᠡ ᠶᠢᠨ ᠰᠠᠭᠤᠷᠢ ᠪᠠᠲᠤᠵᠢᠨ ᠪᠠᠬᠢᠵᠢᠵᠦ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠶ ᠪᠠᠶᠢᠵᠤ ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠪᠠᠲᠤᠯᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠵᠤ ᠂ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠵᠣᠷᠢᠭ ᠢ ᠲᠦᠢᠯ ᠤᠨ ᠶᠡᠭᠡ ᠪᠠᠷ ᠬᠥᠪᠴᠢᠯᠡᠵᠡᠢ ᠭᠡᠵᠦ ᠢᠯᠡᠳᠬᠡᠪᠡ ᠃ | ᠸᠠᠩ ᠬᠤ᠋ ᠨᠢᠩ ᠥᠩᠭᠡᠷᠡᠭᠰᠡᠨ ᠨᠢᠭᠡ ᠵᠢᠯ ᠤᠨ ᠲᠤᠷᠰᠢᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠳ᠋ᠦᠩᠨᠡᠪᠡ ᠃ ᠲᠡᠷᠡ ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠤᠯᠤᠰ ᠲᠥᠷᠥ ᠶᠢᠨ ᠵᠥᠪᠯᠡᠯᠭᠡᠨ ᠤ ᠪᠦᠭᠦ | ᠤᠯᠤᠰ ᠤᠨ ᠬᠤᠷᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ︽ ᠬᠤᠶᠠᠷ ᠢ | ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢ ᠴᠢᠩᠭᠠᠳᠬᠠᠨ ᠂ ︽ ᠳᠥᠷᠪᠡᠨ | ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠨ ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ | ᠤᠯᠤᠰ ᠲᠦᠷᠦ ᠶᠢᠨ ᠵᠥᠪᠯᠡᠯᠭᠡᠨ ᠤ ᠠᠵᠢᠯ ᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠥᠪ | ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ ᠂ ᠤᠯᠤᠰ ᠲᠥᠷᠥ ᠶᠢᠨ ᠪᠣᠯᠪᠠᠰᠤᠷᠠᠯ ᠢ ᠴᠢᠩᠭᠠᠳᠬᠠᠨ ᠂ ᠤᠯᠤᠰ ᠲᠥᠷᠥ ᠶᠢᠨ ᠴᠢᠳᠠᠪᠤᠷᠢ ᠪᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠠᠵᠢᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠦᠷᠢᠮ ᠤᠨ ᠰᠠᠭᠤᠷᠢ ᠶᠢ ᠪᠠᠬᠢᠵᠢᠭᠦᠯᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠪᠠᠶᠢᠴᠠᠭᠠᠨ ᠰᠤᠳᠤᠯᠤᠯᠲᠠ ᠶᠢ | ᠶᠡᠭᠡ ᠪᠠᠷ ᠥᠷᠨᠢᠭᠦᠯᠬᠦ ᠱᠠᠭᠠᠷᠳᠠᠯᠭ᠎ᠠ ᠶᠢ ᠲᠤᠭᠤᠰᠢᠯᠠᠭᠤᠯᠤᠨ ᠂ ᠪᠠᠶᠢᠴᠠᠭᠠᠨ ᠰᠤᠳᠤᠯᠤᠯᠲᠠ ᠬᠢᠵᠦ ᠵᠠᠰᠠᠭ ᠤᠨ ᠶᠠᠪᠤᠳᠠᠯ ᠢ ᠵᠥᠪᠯᠡᠬᠦ ᠶᠠᠰᠤ ᠴᠢᠨᠠᠷ ᠢ ᠳᠡᠭᠡᠭᠰᠢᠯᠡᠭᠦᠯᠵᠦ ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠵᠥᠪᠯᠡᠯᠭᠡ ᠬᠢᠵᠦ | ᠵᠠᠰᠠᠭ ᠤᠨ ᠶᠠᠪᠤᠳᠠᠯ ᠢ ᠵᠥᠪᠯᠡᠨ ᠂ ᠨᠠᠮ ᠪᠠ ᠤᠯᠤᠰ ᠤᠨ ᠭᠤᠣᠯ ᠡᠭᠦᠷᠭᠡ ᠳᠤ ᠦᠢᠯᠡᠴᠢᠯᠡᠵᠦ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠦᠢᠯᠡᠳᠦᠯᠭᠡᠵᠢᠭᠦᠯᠦᠨ ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠬᠢᠭᠤᠯᠵᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠦᠨ ᠂ | ᠪᠦᠯᠬᠦᠮᠳᠡᠨ ᠤᠷᠤᠭᠰᠢᠯᠠᠵᠤ ᠂ ᠤᠳᠠᠭ᠎ᠠ ᠪᠦᠷᠢ ᠶᠢᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠠᠯᠪᠢᠭᠰᠠᠨ ᠰᠠᠶᠢᠨ ᠰᠠᠭᠤᠷᠢ ᠳᠡᠭᠡᠷ᠎ᠡ ᠂ ᠡᠯ᠎ᠡ | ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠣᠯᠵᠤ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠡᠢ ᠭᠡᠵᠦ | ᠬᠡᠯᠡᠪᠡ ᠃ | ᠸᠠᠩ ᠬᠤ᠋ ᠨᠢᠩ ᠂ 2024 ᠣᠨ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ ᠂ ︽ ᠠᠷᠪᠠᠨ | ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ ᠂ ᠪᠠᠰᠠ ᠴᠤ ᠠᠷᠠᠳ ᠤᠨ ᠤᠯᠤᠰ | ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠮᠥᠨ ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠤᠳᠤᠷᠢᠳᠤᠯᠭ᠎ᠠ ᠂ ᠨᠢᠭᠡᠳᠦᠮᠡᠯ ᠹᠷᠣᠨᠲ ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ | ᠤᠶᠠᠯᠳᠤᠭᠤᠯᠬᠤ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠠᠬᠢᠭᠤᠯᠵᠤ ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ | ᠵᠠᠰᠠᠭ ᠲᠤ ᠲᠤᠰᠠᠯᠠᠵᠤ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠪᠦᠭᠦ ᠵᠢᠯ ᠤᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠲᠡᠢ | ᠭᠡᠵᠦ ᠢᠯᠡᠳᠬᠡᠪᠡ ᠃ | ᠸᠠᠩ ᠬᠤ᠋ ᠨᠢᠩ ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ ᠂ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠵᠦ ᠂ ᠬᠠᠮᠤᠭ ᠤᠨ ᠶᠡᠭᠡ ᠢᠵᠢᠯᠢ ᠲᠥᠪᠲᠦ | ᠲᠣᠭᠤᠷᠢᠭ ᠢ ᠰᠠᠶᠢᠲᠤᠷ ᠵᠢᠷᠤᠵᠤ ᠂ ᠨᠢᠭᠡ ᠰᠡᠳᠬᠢᠯ ᠨᠢᠭᠡ ᠵᠣᠷᠢᠭ ᠢᠶᠠᠷ ᠂ ᠬᠠᠮᠲᠤ ᠶᠢᠨ ᠤᠬᠠᠭᠠᠨ ᠨᠡᠶᠢᠳᠡ ᠶᠢᠨ ᠬᠦᠴᠦᠨ ᠢᠶᠠᠷ ᠰᠢᠨ᠎ᠡ ᠴᠠᠭ ᠦᠶ᠎ᠡ ᠶᠢᠨ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠨᠡᠭᠡᠭᠡᠨ ᠡᠭᠦᠳᠴᠦ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠢᠯᠡᠳᠬᠡᠪᠡ ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠶᠦᠨ ᠯᠦᠩ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ ᠂ ᠶᠡᠭᠡ ᠬᠤᠷᠠᠯ ᠳᠤ ᠤᠯᠤᠰ ᠲᠦᠷᠦ ᠶᠢᠨ ᠵᠥᠪᠯᠡᠯᠭᠡᠨ ᠤ ᠠᠷᠪᠠᠨ | ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ ᠃ ᠪᠦᠭᠦ | ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠠᠴᠠ ᠨᠠᠭᠠᠰᠢ ᠂ ᠨᠡᠶᠢᠲᠡ 5621 | ᠬᠤᠪᠢ ᠰᠠᠨᠠᠯ ᠳᠤᠷᠠᠳᠤᠯᠭ᠎ᠠ ᠳᠡᠪᠰᠢᠭᠦᠯᠵᠦ ᠂ ᠬᠢᠨᠠᠨ ᠪᠠᠶᠢᠴᠠᠭᠠᠬᠤ ᠪᠠᠷ ᠳᠠᠮᠵᠢᠨ 4791 ᠬᠤᠪᠢ ᠶᠢ ᠨᠢ ᠬᠡᠷᠡᠭ ᠪᠣᠯᠭᠠᠨ ᠳᠡᠩᠰᠡᠯᠡᠪᠡ ᠃ 2024 ᠣᠨ ᠤ 2 | ᠰᠠᠷ᠎ᠠ ᠶᠢᠨ ᠰᠡᠭᠦᠯᠴᠢ ᠪᠤᠯᠲᠠᠯ᠎ᠠ ᠂ 99.9% ᠶᠢᠨ ᠰᠠᠨᠠᠯ ᠳᠤᠷᠠᠳᠤᠯᠭ᠎ᠠ ᠶᠢ ᠨᠢᠭᠡᠨᠲᠡ ᠰᠢᠢᠳᠪᠦᠷᠢᠯᠡᠵᠦ ᠬᠠᠷᠢᠭᠤᠯᠲᠠ ᠥᠭᠪᠡ ᠃ ᠡᠯ᠎ᠡ ᠳᠠᠭᠠᠭᠠᠨ ᠰᠢᠢᠳᠪᠦᠷᠢᠯᠡᠬᠦ | ᠨᠢᠭᠡᠴᠢ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠵᠦ ᠂ ᠮᠠᠰᠢ ᠤᠯᠠᠨ ᠰᠠᠨᠠᠯ ᠰᠠᠨᠠᠭᠤᠯᠭ᠎ᠠ ᠶᠢ ᠭᠥᠯᠢᠶᠡᠨ ᠠᠪᠤᠭᠰᠠᠨ ᠪᠥᠭᠡᠳ ᠨᠠᠮ ᠪᠣᠯᠣᠨ | ᠤᠯᠤᠰ ᠤᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠂ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠰᠠᠯᠠᠭ᠎ᠠ ᠮᠥᠴᠢᠷ ᠤᠨ ᠠᠵᠢᠯ ᠳᠤ ᠢᠯᠡᠷᠡᠭᠦᠯᠵᠦ ᠂ ︽ | ᠲᠠᠪᠤ ᠶᠢ ᠨᠢᠭᠡ ᠴᠣᠭᠴᠠᠵᠢᠭᠤᠯᠬᠤ ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠂ ︽ ᠲᠦᠷᠪᠡᠨ ᠪᠦᠭᠦ ᠲᠠᠯ᠎ᠠ ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ ᠃ | ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠨ ᠤᠳᠤᠷᠢᠳᠬᠤ ᠨᠥᠬᠦᠳ ᠲᠤ ᠪᠠᠰᠠ ᠄ ᠮᠠ ᠰᠢᠩ ᠷᠦᠢ ᠂ ᠸᠠᠩ ᠢ ᠂ ᠶᠢᠨ ᠯᠢ ᠂ ᠯᠢᠦ ᠭᠦᠸᠧ ᠵᠦᠩ ᠂ ᠯᠢ | ᠭᠠᠨ ᠵᠢᠶᠧ ᠂ ᠯᠢ ᠱᠤ᠋ ᠯᠧᠢ ᠂ ᠯᠢ ᠬᠤᠩ ᠵᠦᠩ ᠂ ᠾᠧ ᠸᠧᠢ ᠳ᠋ᠦᠩ ᠂ ᠾᠧ ᠯᠢ ᠹᠧᠩ ᠂ ᠵᠠᠩ ᠶᠢᠤ ᠰᠢᠶᠠ ᠂ ᠵᠠᠩ ᠭᠦᠸᠧ ᠴᠢᠩ ᠂ ᠴᠧᠨ ᠸᠧᠨ ᠴᠢᠩ ᠂ ᠴᠧᠨ | ᠵᠢᠢ ᠨᠢᠩ ᠂ ᠴᠧᠨ ᠮᠢᠨ ᠡᠯ ᠂ ᠶᠤᠸᠠᠨ ᠵᠢᠶᠠ ᠵᠢᠶᠦ᠋ᠨ ᠂ ᠬᠤᠸᠠᠩ ᠺᠦᠨ ᠮᠢᠩ ᠂ ᠯᠢᠦ ᠶᠢᠨ ᠭᠦᠸᠧ ᠂ ᠸᠠᠩ ᠰᠢᠶᠣᠣ ᠬᠤᠩ ᠂ ᠸᠠᠩ ᠳ᠋ᠦᠩ ᠮᠢᠩ ᠂ ᠰᠢᠶᠣᠣ ᠵᠢᠶᠧ ᠂ | ᠵᠧᠩ ᠵᠢᠶᠠᠨ ᠪᠠᠩ ᠂ ᠳ᠋ᠢᠩ ᠵᠦᠩ ᠯᠢ ᠂ ᠬᠤᠤ ᠮᠢᠩ ᠶᠢᠨ ᠂ ᠼᠠᠢ ᠳ᠋ᠠ ᠹᠧᠩ ᠂ ᠾᠧ ᠸᠧᠢ ᠂ ᠦ᠋ ᠸᠧᠢ ᠬᠤᠸᠠ ᠂ ᠲᠢᠶᠧ ᠨᠢᠩ ᠂ ᠫᠧᠩ ᠴᠢᠩ ᠬᠤᠸᠠ ᠂ ᠵᠠᠩ | ᠴᠢᠩ ᠸᠧᠢ ᠂ ᠯᠣᠪᠰᠠᠩᠵᠠᠯᠰᠠᠨ ᠂ ᠰᠢᠤᠸᠠᠶᠢᠺᠧᠯᠠᠶᠢᠲ᠋ᠢ · ᠵᠠᠺᠧᠯ ᠂ ᠦ᠋ ᠵᠧᠩ ᠯᠦᠡᠭ ᠂ ᠱᠧᠨ ᠢ ᠴᠢᠨ ᠂ ᠵᠠᠩ ᠵᠢᠶᠦ᠋ᠨ ᠂ ᠶᠢᠩ ᠶᠦᠡᠭ ᠨᠠᠷ ᠪᠤᠢ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠡᠭᠢᠯᠡᠯᠲᠡ ᠶᠢᠨ | ᠬᠤᠷᠠᠯ ᠳᠤ ᠰᠤᠯᠠ ᠣᠷᠣᠯᠴᠠᠪᠠ ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ | ᠤᠷᠢᠯᠭ᠎ᠠ ᠪᠠᠷ ᠡᠭᠢᠯᠡᠯᠲᠡ ᠶᠢᠨ ᠬᠤᠷᠠᠯ ᠳᠤ ᠣᠷᠣᠯᠴᠠᠪᠠ ᠃ | | | |