| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠳᠠᠭᠠᠨ ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ | ᠪᠠᠲᠤ ᠡᠵᠡᠮᠳᠡᠵᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ ᠃ ᠰᠢᠨ᠎ᠡ | ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ ᠂ ᠪᠢᠳᠡ ᠡᠷᠬᠡᠪᠰᠢ ᠴᠠᠭ | ᠲᠣᠭᠢᠶᠠᠯ ᠢ ᠠᠮᠵᠢᠨ ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ ᠂ | ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠤᠨ ᠪᠦᠲᠦᠭᠡᠨ ᠪᠠᠶᠢᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠨᠢ ᠤᠯᠠᠮᠵᠢᠯᠠᠯᠲᠤ ᠠᠵᠤ ᠦᠢᠯᠡᠰ ᠢ ᠣᠮᠲᠣᠭᠠᠶᠢᠯᠠᠵᠤ ᠂ | ᠲᠠᠶᠠᠭᠳᠠᠬᠤ ᠶᠠᠪᠤᠳᠠᠯ ᠪᠢᠰᠢ ᠂ ᠨᠢᠭᠡ ᠯᠡ ᠳᠡᠷᠪᠡᠵᠦ ᠰᠣᠬᠤᠷ ᠪᠠᠯᠠᠢ ᠪᠠᠷ ᠶᠠᠭᠠᠷᠠᠵᠤ ᠂ ᠬᠥᠭᠡᠰᠦᠷᠡᠯ ᠪᠤᠯᠬᠤ ᠠᠴᠠ ᠰᠡᠷᠭᠡᠶᠢᠯᠡᠬᠦ ᠬᠡᠷᠡᠭᠲᠡᠢ ᠂ ᠨᠢᠭᠡ ᠯᠡ ᠵᠦᠢᠯ ᠤᠨ | ᠵᠠᠭᠪᠤᠷ ᠢ ᠬᠡᠷᠡᠭᠯᠡᠵᠦ ᠪᠠᠰᠠ ᠪᠤᠯᠬᠤ ᠦᠭᠡᠢ ᠃ ᠡᠯ᠎ᠡ ᠭᠠᠵᠠᠷ ᠤᠨ ᠬᠢᠨ ᠪᠣᠳᠠᠲᠠᠢ ᠠᠴᠠ ᠡᠭᠦᠰᠬᠦ ᠶᠢ ᠪᠠᠷᠢᠮᠲᠠᠯᠠᠨ ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ | ᠬᠠᠭᠤᠴᠢᠨ ᠢ ᠡᠪᠳᠡᠵᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠂ ᠲᠥᠷᠥᠯ ᠬᠤᠪᠢᠶᠠᠨ ᠵᠢᠯᠤᠭᠤᠳᠴᠤ ᠂ ᠲᠣᠰ ᠭᠠᠵᠠᠷ ᠤᠨ ᠡᠬᠢ ᠪᠠᠶᠠᠯᠢᠭ ᠤᠨ | ᠳᠠᠪᠠᠭᠤᠯᠢᠭ ᠂ ᠠᠵᠤ ᠦᠢᠯᠡᠰ ᠤᠨ ᠰᠠᠭᠤᠷᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠥᠬᠦᠴᠡᠯ ᠵᠡᠷᠭᠡ ᠪᠠᠨ ᠦᠨᠳᠦᠰᠦᠯᠡᠨ ᠰᠢᠨ᠎ᠡ ᠠᠵᠤ ᠦᠢᠯᠡᠰ ᠂ ᠰᠢᠨ᠎ᠡ | ᠵᠠᠭᠪᠤᠷ ᠂ ᠰᠢᠨ᠎ᠡ ᠬᠥᠳᠡᠯᠭᠡᠬᠦ ᠡᠨᠧᠷᠭᠢ ᠶᠢᠨ ᠬᠥᠭᠵᠢᠯᠲᠡ ᠶᠢ ᠰᠣᠩᠭᠤᠯᠲᠠ ᠲᠠᠢ ᠪᠠᠷ ᠠᠬᠢᠭᠤᠯᠵᠤ ᠂ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠳᠡᠭᠡᠭᠰᠢᠯᠡᠭᠦᠯᠵᠦ ᠂ ᠠᠵᠤ ᠦᠢᠯᠡᠰ ᠤᠨ ᠳᠡᠭᠡᠳᠦ ᠳᠡᠰᠵᠢᠯᠳᠡ ᠂ ᠣᠶᠤᠨᠴᠢᠯᠠᠯᠲᠠ ᠂ ᠪᠣᠬᠢᠷᠳᠤᠯ ᠦᠭᠡᠢ ᠪᠤᠯᠭᠠᠬᠤ ᠶᠢ ᠢᠳᠡᠪᠬᠢᠲᠡᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | | | 3 ᠰᠠᠷ᠎ᠠ ᠶᠢᠨ 5 ᠤ ᠡᠳᠦᠷ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠤᠸᠠᠢ ᠶᠤᠸᠠᠢ ᠸᠧᠢ ᠰᠡᠭᠦᠳᠡᠷᠯᠡᠪᠡ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ ᠂ ᠭᠦᠷ ᠬᠥᠭᠵᠢᠶᠡᠨ ᠢᠶᠠᠷ ᠪᠢᠯᠬᠠᠵᠤ ᠪᠠᠶᠢᠯ᠎ᠠ ᠃ ᠼᠦᠢ ᠲᠢᠶᠧ ᠵᠢᠶᠦ᠋ᠨ ᠂ | ᠭᠤᠤ ᠵᠢᠢ ᠹᠠᠨ ᠂ ᠰᠥᠩ ᠶᠠᠨ ᠂ ᠦ᠋ ᠬᠤᠶ ᠹᠠᠩ ᠂ ᠦ᠋ ᠰᠢᠨ ᠮᠢᠩ ᠂ ᠰᠦᠨ ᠵᠢᠩ ᠨᠠᠨ ᠵᠡᠷᠭᠡ 6 ᠲᠥᠯᠥᠭᠡᠯᠡᠭᠴᠢ ᠲᠣᠰ ᠲᠣᠰ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠪᠡᠶᠡᠯᠡᠭᠦᠯᠬᠦ ᠂ ᠳᠤᠮᠳᠠᠳᠤ ᠤᠯᠤᠰ ᠤᠨ ᠭᠡᠷᠡᠯᠴᠢ ᠴᠡᠨᠡᠭ ᠤᠨ ᠠᠵᠢᠯ | ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠂ ᠬᠠᠮᠲᠤ ᠪᠠᠷ ᠪᠠᠶᠠᠵᠢᠭᠰᠠᠨ | ᠵᠣᠯ ᠵᠢᠷᠭᠠᠯᠲᠤ ᠲᠣᠰᠬᠤᠨ ᠢ ᠪᠠᠶᠢᠭᠤᠯᠬᠤ ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠳᠤ ᠦᠢᠯᠡᠴᠢᠯᠡᠬᠦ ᠂ ᠤᠷᠠᠨ ᠳᠠᠷᠬᠠᠨ ᠤ | ᠵᠣᠷᠢᠭ ᠰᠠᠨᠠᠭ᠎ᠠ ᠶᠢ ᠪᠠᠳᠠᠷᠠᠭᠤᠯᠬᠤ ᠵᠡᠷᠭᠡ ᠠᠰᠠᠭᠤᠳᠠᠯ ᠤᠨ ᠲᠤᠬᠠᠢ ᠦᠭᠡ ᠬᠡᠯᠡᠪᠡ ᠃ ᠰᠢ ᠶᠢᠨ ᠫᠢᠩ ᠪᠠᠶᠢᠨ ᠳᠠᠭᠢᠨ ᠳᠤᠮᠳᠠ ᠨᠢ ᠦᠭᠡ ᠬᠡᠯᠡᠵᠦ ᠂ ᠤᠯᠠᠨ ᠲᠠᠢ | ᠶᠠᠷᠢᠯᠴᠠᠵᠤ ᠰᠣᠯᠢᠯᠴᠠᠪᠠ ᠃ | ᠣᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ ᠃ ᠲᠡᠷᠡ ᠡᠩ ᠲᠡᠷᠢᠭᠦᠨ ᠳᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ ᠂ ᠵᠢᠶᠠᠩᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠰᠢᠨ᠎ᠡ ᠠᠬᠢᠴᠠ | ᠰᠢᠨ᠎ᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ ᠂ ᠵᠢᠶᠠᠩᠰᠤ ᠶᠢᠨ ᠬᠢᠨ ᠢᠲᠡᠭᠡᠯ ᠵᠣᠷᠢᠭ ᠢᠶᠠᠨ ᠪᠠᠲᠤᠳᠬᠠᠵᠤ ᠂ ᠡᠷᠴᠢ ᠵᠣᠷᠢᠭ ᠢᠶᠠᠨ ᠬᠥᠪᠴᠢᠯᠡᠵᠦ ᠂ ᠴᠢᠬᠤᠯᠠ | ᠡᠭᠦᠷᠭᠡ ᠶᠢ ᠵᠣᠷᠢᠭᠲᠠᠢ ᠡᠭᠦᠷᠭᠡᠯᠡᠵᠦ ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠪᠡ ᠃ | ᠰᠢ ᠶᠢᠨ ᠫᠢᠩ ᠂ ᠵᠢᠶᠠᠩᠰᠤ ᠶᠢᠨ ᠬᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠪᠠ | ᠴᠢᠳᠠᠪᠤᠷᠢ ᠲᠠᠢ ᠶᠤᠮ ᠃ ᠲᠡᠷᠢᠭᠦᠨ ᠤ ᠦᠢᠯᠡᠳᠬᠦ ᠦᠢᠯᠡᠰ ᠢᠶᠠᠷ ᠭᠤᠣᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠡᠨᠡ ᠬᠦ | ᠭᠤᠣᠯᠳᠠᠯᠭ᠎ᠠ ᠶᠢ ᠲᠣᠪᠤᠶᠢᠯᠭᠠᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ ᠂ ᠤᠯᠠᠮᠵᠢᠯᠠᠯᠲᠤ ᠠᠵᠤ | ᠦᠢᠯᠡᠰ ᠢ ᠲᠡᠰ ᠳᠡᠪᠰᠢᠭᠦᠯᠬᠦ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ | ᠭᠦᠨᠵᠡᠭᠡᠢ ᠠᠭᠤᠰᠤᠯᠴᠠᠯ ᠢ ᠴᠢᠩᠭᠠᠳᠬᠠᠨ ᠂ ᠤᠯᠠᠮᠵᠢᠯᠠᠯᠲᠤ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠵᠦ ᠂ ᠳᠡᠯᠡᠬᠡᠢ ᠳᠡᠭᠡᠷ᠎ᠡ ᠥᠷᠢᠰᠦᠯᠳᠦᠬᠦ | ᠬᠦᠴᠦᠨ ᠲᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠠᠶᠢᠭᠤᠯᠵᠤ ᠂ ᠵᠢᠶᠠᠩᠰᠤ ᠶᠢ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠵᠢᠭᠰᠠᠭᠠᠯ ᠤᠨ ᠭᠠᠵᠠᠷ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠢ ᠃ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ ᠲᠣᠭᠤᠷᠢᠨ ᠳᠤ ᠂ | ᠥᠮᠴᠢᠯᠡᠯ ᠤᠨ ᠡᠷᠬᠡ ᠶᠢ ᠬᠠᠮᠠᠭᠠᠯᠠᠬᠤ ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠂ ᠡᠷᠬᠡ ᠲᠡᠭᠰᠢ ᠪᠠᠷ ᠥᠷᠢᠰᠦᠯᠳᠦᠬᠦ ᠂ ᠨᠡᠶᠢᠭᠡᠮ ᠤᠨ ᠢᠲᠡᠭᠡᠮᠵᠢ ᠵᠡᠷᠭᠡ | ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ ᠃ ︽ ᠬᠤᠶᠠᠷ ᠡᠷᠡᠰ ᠭᠤᠶᠢᠪᠢᠰᠢ ᠦᠭᠡᠢ ᠪᠠᠶᠢᠬᠤ ︾ | ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠲᠡᠮᠵᠢᠵᠤ ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ | ᠪᠣᠯᠣᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠮᠵᠢ ᠂ ᠰᠤᠷᠭᠠᠨ | ᠬᠥᠮᠦᠵᠢᠯ ᠤᠨ ᠪᠠᠶᠢᠭᠤᠯᠤᠮᠵᠢ ᠂ ᠴᠢᠳᠠᠪᠤᠷᠢᠲᠠᠨ ᠤ ᠪᠠᠶᠢᠭᠤᠯᠤᠮᠵᠢ ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠪᠠ ᠬᠤᠷᠢᠭ᠎ᠠ ᠶᠢ ᠨᠡᠪᠲᠡᠷᠡᠭᠦᠯᠬᠦ ᠬᠡᠷᠡᠭᠲᠡᠢ ᠃ ᠵᠠᠬ᠎ᠠ ᠳᠡᠯᠭᠡᠭᠦᠷᠴᠢᠯᠡᠭᠰᠡᠨ ᠂ | ᠬᠠᠤᠯᠢᠵᠢᠭᠰᠠᠨ ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ ᠂ ᠨᠠᠩ ᠥᠨᠳᠥᠷ ᠲᠦᠪᠰᠢᠨ ᠪᠦᠬᠦᠢ | ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠳᠠᠪᠠᠭᠤᠯᠢᠭ ᠢ ᠪᠤᠶ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠢᠳᠡ ᠠᠯᠢ ᠤᠯᠠᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ | ᠵᠡᠷᠭᠡ ᠶᠢ ᠬᠡᠷᠡᠭᠵᠢᠭᠦᠯᠵᠦ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠬᠤ | ᠦᠢᠯᠡᠳᠦᠯ ᠦᠵᠡᠭᠦᠯᠪᠡ ᠃ ᠵᠢᠶᠠᠩᠰᠤ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠪᠣᠯᠣᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ | ᠴᠣᠭᠴᠠᠵᠢᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠦᠭᠦ ᠲᠠᠯ᠎ᠠ ᠪᠠᠷ ᠠᠭᠤᠰᠤᠯᠴᠠᠨ ᠦᠢᠯᠡᠴᠢᠯᠡᠵᠦ ᠂ ᠪᠤᠰᠤᠳ ᠣᠷᠣᠨ ᠪᠦᠰᠡ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠣᠯᠣᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ ᠂ ᠨᠡᠩ ᠶᠡᠭᠡ | ᠬᠡᠪᠴᠢᠶᠡᠨ ᠳᠤ ᠰᠢᠨ᠎ᠡ ᠶᠢ ᠡᠭᠦᠳᠬᠦ ᠬᠡᠯᠬᠢᠶ᠎ᠡ ᠂ ᠠᠵᠤ ᠦᠢᠯᠡᠰ ᠤᠨ ᠬᠡᠯᠬᠢᠶ᠎ᠡ ᠂ ᠬᠠᠩᠭᠠᠯᠭ᠎ᠠ ᠶᠢᠨ ᠬᠡᠯᠬᠢᠶ᠎ᠡ ᠶᠢ ᠬᠤᠯᠪᠤᠭᠠᠯᠠᠨ ᠪᠠᠶᠢᠭᠤᠯᠵᠤ ᠂ ᠣᠷᠣᠨ ᠪᠦᠰᠡ | ᠴᠢᠨᠠᠭᠰᠢᠯᠠᠪᠠᠯ ᠪᠦᠭᠦ ᠤᠯᠤᠰ ᠤᠨ ᠬᠥᠭᠵᠢᠯᠲᠡ ᠳᠤ ᠦᠵᠡᠭᠦᠯᠭᠦ ᠠᠵᠤ ᠠᠬᠤᠢ ᠶᠢᠨ ᠲᠣᠮᠣ ᠮᠤᠵᠢ ᠶᠢᠨ ᠨᠥᠯᠥᠭᠡᠯᠡᠨ ᠳᠠᠶᠢᠴᠢᠯᠠᠬᠤ ᠬᠦᠴᠦᠨ ᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠦᠨ ᠴᠢᠩᠭᠠᠳᠬᠠᠵᠤ ᠂ ᠪᠦᠭᠦ ᠨᠡᠶᠢᠭᠡᠮ ᠤᠨ | ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠳᠤ ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ ᠢᠲᠡᠭᠡᠯ ᠵᠣᠷᠢᠭ ᠢᠶᠠᠨ ᠪᠠᠲᠤᠳᠬᠠᠵᠤ ᠂ ᠦᠨᠡᠨ ᠬᠦ ᠠᠳᠬᠤᠨ | ᠪᠣᠳᠠᠲᠠᠢ ᠠᠵᠢᠯᠯᠠᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠤᠷᠳᠤ ᠬᠤᠭᠤᠴᠠᠭᠠᠨ ᠤ ᠪᠦᠲᠦᠮᠵᠢᠲᠦ | ᠲᠣᠭᠲᠠᠴᠠ ᠶᠢ ᠪᠠᠶᠢᠭᠤᠯᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠵᠤ ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ | ᠬᠥᠩᠭᠡᠷᠡᠭᠦᠯᠵᠦ ᠂ ᠪᠦᠭᠦ ᠨᠠᠮ ᠪᠦᠭᠦ ᠨᠡᠶᠢᠭᠡᠮ ᠤᠨ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ ᠂ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ | ᠦᠢᠯᠡᠰ ᠪᠣᠰᠬᠠᠬᠤ ᠤᠷᠮ᠎ᠠ ᠵᠣᠷᠢᠭ ᠢ ᠬᠥᠭᠵᠢᠭᠡᠬᠦ ᠬᠡᠷᠡᠭᠲᠡᠢ ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ ᠂ ᠥᠷᠭᠡᠨ ᠣᠯᠠᠨ ᠲᠦᠮᠡᠨ ᠤ | ᠥᠪᠡᠷ ᠤᠨ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠠᠵᠢᠯ ᠢ ᠴᠢᠨᠠᠭᠰᠢᠳᠠ ᠰᠠᠶᠢᠲᠤᠷ ᠬᠢᠵᠦ ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠᠨ ᠴᠢᠩᠭᠠᠳᠬᠠᠵᠤ ᠂ ᠪᠠᠴᠢᠮ ᠪᠠᠶᠢᠳᠠᠯ ᠢ ᠠᠷᠭᠠᠴᠠᠭᠠᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠠᠷᠠᠳ ᠤᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ ᠣᠷᠣᠯᠴᠠᠪᠠ ᠃ | ᠮᠦ ᠬᠤᠩ ᠂ ᠵᠢᠶᠠᠩ ᠰᠢᠨ ᡁᠢ ᠨᠠᠷ ᠣᠷᠣᠯᠴᠠᠪᠠ ᠃ | | | |