| ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ ᠣᠶᠢᠷ᠎ᠠ ᠶᠢᠨ ᠵᠢᠯ ᠤᠳ ᠲᠤ ᠂ ᠥᠪᠥᠷ ᠮᠣᠩᠭᠤᠯ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ ᠂ ᠴᠡᠭ ᠢᠶᠠᠷ ᠪᠥᠬᠦ ᠲᠠᠯ᠎ᠠ ᠶᠢ | ᠳᠠᠶᠢᠴᠢᠯᠠᠨ ᠂ ᠥᠭᠡᠷᠡᠴᠢᠯᠡᠯᠲᠡ ᠶᠢᠨ ᠡᠭᠦᠷᠭᠡ ᠶᠢ ᠠᠯᠬᠤᠮ ᠳᠠᠷᠠᠭ᠎ᠠ ᠲᠠᠢ ᠪᠠᠷ ᠨᠠᠶᠢᠳᠠᠪᠤᠷᠢᠵᠢᠭᠤᠯᠵᠤ ᠪᠠᠶᠢᠨ᠎ᠠ ᠃ 2023 ᠣᠨ ᠳᠤ ᠂ ᠥᠪᠥᠷ ᠮᠣᠩᠭᠤᠯ ᠤᠨ | ᠣᠨ ᠤ ᠰᠢᠨ᠎ᠡ ᠪᠠᠷ ᠨᠡᠮᠡᠭᠳᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠯᠠᠪᠠᠶ 401.74 ᠲᠦᠮᠡᠨ ᠮᠦ ᠳᠤ ᠬᠦᠷᠴᠦ ᠂ ᠣᠨ ᠤ ᠬᠠᠷᠠᠯᠲᠠᠲᠤ ᠡᠭᠦᠷᠭᠡ ᠪᠠᠨ | ᠳᠠᠪᠠᠭᠤᠯᠤᠨ ᠪᠡᠶᠡᠯᠡᠭᠦᠯᠵᠦ ᠂ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠯᠠᠪᠠᠶ ᠨᠡᠶᠢᠲᠡ 4593.87 ᠲᠦᠮᠡᠨ ᠮᠦ ᠳᠤ ᠬᠦᠷᠴᠦ ᠂ ᠶᠡᠷᠦᠩᠬᠡᠢ ᠥᠭᠡᠷᠡᠴᠢᠯᠡᠯᠲᠡ ᠶᠢᠨ | ᠡᠭᠦᠷᠭᠡ ᠶᠢᠨ 96.78% ᠶᠢ ᠪᠡᠶᠡᠯᠡᠭᠦᠯᠵᠡᠢ ᠃ | 2023 ᠣᠨ ᠳᠤ ᠂ ᠥᠪᠥᠷ ᠮᠣᠩᠭᠤᠯ ᠤᠰᠤᠨ ᠤ ᠦᠨ᠎ᠡ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠥᠭᠡᠷᠡᠴᠢᠯᠡᠯᠲᠡ ᠶᠢᠨ ᠬᠡᠪᠴᠢᠶᠡᠨ ᠳᠤ | ᠣᠷᠣᠭᠤᠯᠤᠭᠰᠠᠨ 73 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠰᠢᠨ᠎ᠡ ᠨᠢᠭᠡ ᠡᠭᠡᠯᠵᠢ ᠶᠢᠨ ᠦᠨ᠎ᠡ ᠲᠣᠭᠲᠠᠭᠠᠵᠤ ᠲᠣᠬᠢᠷᠠᠭᠤᠯᠬᠤ ᠶᠢ | ᠪᠦᠬᠦᠨ ᠢ ᠪᠡᠶᠡᠯᠡᠭᠦᠯᠵᠦ ᠂ ᠦᠨ᠎ᠡ ᠶᠢ ᠵᠥᠪᠳᠡᠯᠴᠡᠨ ᠲᠣᠭᠲᠠᠭᠠᠭᠰᠠᠨ ᠬᠤᠳᠳᠤᠭ ᠤᠨ ᠤᠰᠤᠯᠠᠯᠲᠠ ᠶᠢᠨ ᠣᠷᠣᠨ ᠤ ᠲᠠᠯᠠᠪᠠᠶ 2770 ᠲᠦᠮᠡᠨ ᠮᠦ ᠳᠤ ᠬᠥᠷᠪᠡ ᠃ | ᠱᠠᠩᠨᠠᠵᠤ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠥᠭᠡᠷᠡᠴᠢᠯᠡᠯᠲᠡ ᠳᠤ ᠬᠤᠯᠪᠣᠭᠳᠠᠭᠰᠠᠨ 82 ᠬᠤᠰᠢᠭᠤ ᠰᠢᠶᠠᠨ ᠪᠥᠬᠦᠨ ᠢᠶᠠᠷ ᠢᠶᠠᠨ | ᠱᠠᠩᠨᠠᠵᠤ ᠨᠥᠬᠦᠪᠦᠷᠢᠯᠡᠬᠦ ᠶᠢ ᠬᠡᠷᠡᠭᠵᠢᠭᠦᠯᠬᠦ ᠨᠠᠷᠢᠨ ᠳᠦᠷᠢᠮ ᠢ ᠨᠡᠶᠢᠲᠡᠯᠡᠵᠦ ᠂ ᠠᠵᠢᠯᠯᠠᠬᠤ ᠠᠷᠭ᠎ᠠ ᠮᠠᠶ᠋ᠢᠭ ᠢᠶᠠᠨ ᠤᠯᠠᠮ ᠳᠥᠭᠦᠮᠴᠢᠯᠡᠨ ᠂ ᠱᠠᠩᠨᠠᠵᠤ ᠨᠥᠬᠦᠪᠦᠷᠢᠯᠡᠬᠦ | ᠦᠷ᠎ᠡ ᠪᠦᠲᠦᠮᠵᠢ ᠶᠢ ᠳᠡᠭᠡᠭᠰᠢᠯᠡᠭᠦᠯᠪᠡ ᠃ 9411 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ ᠂ ᠭᠤᠣᠯᠳᠠᠭᠤ ᠨᠠᠷᠢᠯᠢᠭ ᠣᠨᠣᠴᠠᠲᠠᠢ ᠪᠠᠷ ᠨᠥᠬᠦᠪᠦᠷᠢ | ᠥᠭᠬᠦ ᠪᠠ ᠤᠰᠤ ᠠᠷᠪᠢᠯᠠᠭᠰᠠᠨ ᠱᠠᠩᠨᠠᠯ ᠳᠤ ᠬᠡᠷᠡᠭᠯᠡᠵᠦ ᠂ ᠡᠯ᠎ᠡ ᠭᠠᠵᠠᠷ ᠣᠷᠣᠨ ᠨᠤᠭᠤᠳ ᠲᠤᠬᠠᠢ ᠶᠢᠨ ᠭᠠᠵᠠᠷ ᠤᠨ ᠪᠠᠶᠢᠳᠠᠯ ᠳᠤ ᠪᠠᠨ ᠲᠣᠬᠢᠷᠠᠭᠤᠯᠤᠨ ᠂ 1.39 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠨᠠᠷᠢᠯᠢᠭ ᠣᠨᠣᠴᠠᠲᠠᠢ ᠪᠠᠷ ᠨᠥᠬᠦᠪᠦᠷᠢ ᠥᠭᠬᠦ ᠪᠠ ᠤᠰᠤ ᠠᠷᠪᠢᠯᠠᠭᠰᠠᠨ ᠱᠠᠩᠨᠠᠯ ᠳᠤ ᠬᠡᠷᠡᠭᠯᠡᠪᠡ ᠃ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠢᠶᠠᠷ ᠭᠤᠣᠯᠳᠠᠯᠭ᠎ᠠ ᠪᠣᠯᠭᠠᠨ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠷᠣᠳᠣᠬᠤᠢ ᠶᠢᠨ | ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠶᠢ ᠱᠠᠩᠨᠠᠬᠤ ᠲᠥᠰᠥᠯ ︾ ᠢ ᠰᠤᠳᠤᠯᠤᠨ ᠲᠣᠭᠲᠠᠭᠠᠵᠤ ᠂ ︽ ᠤᠷᠢᠳ ᠢᠶᠠᠷ ᠠᠷᠪᠢᠯᠠᠵᠤ | ᠳᠠᠷᠠᠭ᠎ᠠ ᠨᠢ ᠨᠥᠬᠦᠪᠦᠷᠢᠯᠡᠬᠦ ︾ ᠠᠷᠭ᠎ᠠ ᠪᠠᠷ ᠱᠠᠩᠨᠠᠨ᠎ᠠ ᠃ | | |