| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 5 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠶᠦᠨᠨᠠᠨ ᠤ | ᠲᠥᠯᠥᠭᠡᠯᠡᠭᠴᠢᠳ ᠤᠨ ᠪᠦᠯᠭᠦᠮ ᠳᠤ ᠢᠷᠡᠵᠦ ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ ᠃ ᠰᠦ᠋ | ᠶᠦᠩ ᠵᠦᠩ ᠂ ᠰᠢᠦᠢ ᠠᠨ ᠼᠧ ᠂ ᠯᠢ ᠸᠧᠨ ᠬᠤᠢ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ ᠂ ᠯᠢ ᠴᠢᠶᠠᠩ ᠰᠣᠨᠣᠰᠬᠤ ᠶᠢᠨ ᠳᠠᠭᠠᠤ ᠲᠡᠮᠳᠡᠭᠯᠡᠵᠦ ᠂ | ᠪᠠᠶᠢᠨ ᠳᠠᠭᠢᠨ ᠤᠯᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ ᠪᠠᠶᠢᠯ᠎ᠠ ᠃ | ᠲᠥᠯᠥᠭᠡᠯᠡᠭᠴᠢᠳ ᠤᠨ ᠶᠠᠷᠢᠬᠤ ᠶᠢ ᠰᠣᠨᠣᠰᠤᠭᠰᠠᠨ ᠤ ᠳᠠᠷᠠᠭ᠎ᠠ ᠯᠢ ᠴᠢᠶᠠᠩ ᠂ ᠥᠩᠭᠡᠷᠡᠭᠰᠡᠨ ᠨᠢᠭᠡ ᠵᠢᠯ ᠳᠤ ᠂ ᠲᠦᠢᠯ ᠤᠨ ᠡᠭᠡᠳᠡᠷᠡᠭᠡᠨ ᠪᠤᠳᠤᠯᠢᠶᠠᠨᠲᠠᠢ | ᠳᠡᠯᠡᠬᠡᠢ ᠶᠢᠨ ᠣᠷᠴᠢᠨ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠂ ᠭᠠᠳᠠᠭᠠᠳᠤ ᠳᠠᠷᠤᠯᠲᠠ ᠶᠢ ᠳᠠᠭᠠᠭᠠᠵᠤ ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ ᠂ | ᠪᠦᠭᠦ ᠵᠢᠯ ᠤᠨ ᠭᠤᠣᠯ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠯᠠᠪᠳᠠᠭᠤᠨ | ᠪᠠᠲᠤᠲᠠᠢ ᠠᠯᠬᠤᠮ ᠢ ᠠᠯᠬᠤᠪᠠ ᠃ ᠡᠲᠡᠭᠡᠷ ᠠᠮᠵᠢᠯᠲᠠ ᠨᠢ ᠭᠢᠯᠪᠠᠷ ᠪᠤᠰᠤ ᠪᠠᠷ ᠢᠷᠡᠭᠰᠡᠨ ᠶᠤᠮ ᠂ ᠪᠢᠳᠡ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ | ᠬᠠᠮᠠᠭᠠᠯᠠᠬᠤ ︾ ᠶᠢ ᠪᠡᠶᠡᠯᠡᠭᠦᠯᠵᠦ ᠂ ᠨᠠᠩ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ ᠂ ᠦᠢᠯᠡᠳᠦᠯᠭᠡ ᠪᠠᠨ ᠵᠢᠯᠣᠭᠤᠳᠤᠭᠤᠯᠵᠤ ᠂ ᠠᠵᠢᠯ ᠢᠶᠠᠨ ᠠᠬᠢᠭᠤᠯᠵᠤ ᠂ ᠢᠮᠠᠭᠲᠠ ᠦᠵᠡᠯ | ᠰᠠᠨᠠᠭ᠎ᠠ ᠤᠯᠤᠰ ᠲᠥᠷᠥ ᠦᠶ᠋ᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠢᠲᠡᠭᠡᠯ ᠵᠣᠷᠢᠭ ᠢᠶᠠᠨ ᠪᠠᠲᠤᠳᠬᠠᠵᠤ ᠂ | ᠡᠷᠡᠮᠡᠬᠡᠶᠢᠯᠡᠨ ᠠᠵᠢᠯᠯᠠᠵᠤ ᠂ ᠠᠯᠢᠪᠠ ᠠᠰᠢᠭᠲᠠᠢ ᠠᠵᠠ ᠲᠣᠭᠢᠶᠠᠯ ᠢ ᠠᠮᠵᠢᠵᠤ ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ ᠂ ᠠᠵᠤ ᠠᠬᠤᠢ ᠶᠢᠨ ᠶᠠᠰᠤ ᠴᠢᠨᠠᠷ ᠢ | ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ ᠃ | ᠯᠢ ᠴᠢᠶᠠᠩ ᠂ ᠶᠡᠷᠦᠩᠬᠡᠢ ᠱᠦᠵᠢ ᠰᠢ ᠶᠢᠨ ᠫᠢᠩ ᠶᠦᠨᠨᠠᠨ ᠤ ᠬᠥᠭᠵᠢᠯᠲᠡ ᠳᠤ ᠬᠦᠨᠳᠦ ᠨᠠᠶᠢᠳᠠᠯᠭ᠎ᠠ ᠲᠠᠯᠪᠢᠪᠠ ᠃ ᠶᠡᠷᠦᠩᠬᠡᠢ ᠱᠦᠵᠢ ᠰᠢ ᠶᠢᠨ ᠫᠢᠩ ᠤᠨ | ᠶᠦᠨᠨᠠᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠪᠦᠭᠦ ᠲᠠᠯ᠎ᠠ ᠶᠢᠨ ᠪᠠᠶᠢᠷᠢᠯᠠᠭᠤᠯᠤᠯᠲᠠ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠪᠣᠳᠠᠲᠠᠢ ᠲᠣᠬᠢᠷᠠᠭᠤᠯᠤᠯᠲᠠ ᠶᠣᠰᠣᠭᠠᠷ ᠂ | ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ ᠣᠨᠴᠠᠯᠢᠭ ᠢᠶᠠᠨ ᠢᠯᠡᠷᠡᠭᠦᠯᠵᠦ ᠂ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠂ ᠤᠯᠤᠰ ᠤᠨ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠠᠭᠤᠰᠤᠯᠴᠠᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ | ᠶᠡᠭᠡ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠃ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠶᠡᠭᠡ ᠶᠠᠪᠤᠳᠠᠯ ᠢ ᠰᠠᠶᠢᠲᠤᠷ ᠬᠢᠵᠦ ᠂ ᠭᠤᠣᠯ | ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠠᠴᠠ ᠡᠭᠦᠰᠴᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠂ ᠲᠤᠰ ᠲᠤᠰ ᠤᠨ ᠳᠠᠪᠠᠭᠤᠯᠢᠭ ᠢᠶᠠᠨ | ᠪᠠᠳᠠᠷᠠᠭᠤᠯᠬᠤ ᠶᠢ ᠪᠠᠷᠢᠮᠲᠠᠯᠠᠵᠤ ᠂ ᠲᠡᠷᠢᠭᠦᠨ ᠤ ᠦᠢᠯᠡᠳᠬᠦ ᠦᠢᠯᠡᠰ ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠪᠠ ᠵᠢᠭᠤᠯᠴᠢᠯᠠᠯ ᠤᠨ ᠦᠢᠯᠡᠰ ᠢ ᠶᠡᠭᠡ ᠪᠠᠷ | ᠬᠥᠭᠵᠢᠭᠦᠯᠬᠦ ᠬᠡᠷᠡᠭᠲᠡᠢ ᠃ ᠭᠠᠳᠠᠭᠠᠳᠤ ᠨᠡᠭᠡᠭᠡᠯᠲᠡ ᠶᠢᠨ ᠰᠠᠨᠠᠭᠠᠴᠢᠯᠠᠭᠠᠲᠤ ᠠᠵᠢᠯᠯᠠᠭ᠎ᠠ ᠶᠢ ᠰᠠᠶᠢᠲᠤᠷ ᠡᠷᠭᠢᠯᠡᠵᠦ ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ ᠂ ᠡᠮᠦᠨᠡᠲᠦ ᠠᠽᠢᠶ᠎ᠠ | ᠵᠡᠭᠦᠨ ᠡᠮᠦᠨᠡᠲᠦ ᠠᠽᠢᠶ᠎ᠠ ᠳᠤ ᠬᠠᠨᠳᠤᠭᠤᠯᠤᠭᠰᠠᠨ ᠨᠥᠯᠥᠭᠡᠯᠡᠨ ᠳᠠᠶᠢᠴᠢᠯᠠᠬᠤ ᠲᠥᠪ ᠢ ᠲᠦᠷᠭᠡᠳᠬᠡᠨ ᠪᠠᠶᠢᠭᠤᠯᠵᠤ ᠂ ᠵᠡᠭᠦᠨ ᠬᠡᠰᠡᠭ ᠤᠨ ᠭᠠᠵᠠᠷ ᠣᠷᠣᠨ ᠤ ᠠᠵᠤ | ᠦᠢᠯᠡᠰ ᠤᠨ ᠰᠢᠯᠵᠢᠯᠲᠡ ᠶᠢ ᠨᠠᠩ ᠶᠡᠭᠡ ᠡᠷᠴᠢᠮ ᠢᠶᠠᠷ ᠵᠣᠯᠭᠠᠭᠤᠯᠵᠤ ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠭᠠᠳᠠᠭᠠᠳᠤ ᠨᠡᠭᠡᠭᠡᠯᠲᠡ ᠶᠢᠨ ᠰᠢᠨ᠎ᠡ ᠳᠠᠪᠠᠭᠤᠯᠢᠭ | ᠪᠣᠯᠭᠠᠨ ᠨᠠᠩ ᠰᠠᠶᠢᠲᠤᠷ ᠬᠤᠪᠢᠷᠠᠭᠤᠯᠬᠤ ᠬᠡᠷᠡᠭᠲᠡᠢ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠠᠲᠠᠭᠤ ᠡᠭᠦᠷᠭᠡ ᠶᠢ ᠪᠣᠳᠠᠲᠠᠢ ᠠᠳᠬᠤᠵᠤ ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ | ᠪᠠᠲᠤ ᠰᠠᠬᠢᠭᠰᠠᠨ ᠰᠠᠭᠤᠷᠢᠨ ᠳᠡᠭᠡᠷ᠎ᠡ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ | ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠤᠷ᠎ᠠ | ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ ᠂ ᠠᠷᠭ᠎ᠠ ᠪᠦᠭᠦᠨ ᠢ ᠰᠦᠪᠡᠭᠴᠢᠯᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠵᠤ ᠂ ᠦᠨᠳᠦᠰᠦᠲᠡᠨ ᠤ ᠪᠦᠯᠬᠦᠮᠳᠡᠯ ᠂ ᠨᠡᠶᠢᠭᠡᠮ ᠤᠨ ᠲᠣᠭᠲᠠᠭᠤᠨ ᠂ ᠬᠢᠯᠢ ᠬᠢᠵᠠᠭᠠᠷ ᠤᠨ ᠠᠮᠤᠷ ᠲᠣᠭᠲᠠᠭᠤᠨ ᠰᠠᠶᠢᠨ ᠰᠠᠶᠢᠬᠠᠨ | ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | | |