ᠾᠧ ᠯᠢ ᠹᠧᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2024/3/7
     3 ᠰᠠᠷ᠎ᠠ ᠶᠢᠨ 5 ᠤ ᠦᠳᠡ ᠶᠢᠨ ᠬᠤᠶᠢᠨ᠎ᠠ ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠲᠡᠭᠦᠨ ᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ ᠃
  首页3(1).jpg   
   ᠾᠧ ᠯᠢ ᠹᠧᠩ ᠬᠢᠨᠠᠨ ᠵᠥᠪᠯᠡᠬᠦ ᠳᠡᠭᠡᠨ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠃ ᠥᠩᠭᠡᠷᠡᠭᠰᠡᠨ ᠨᠢᠭᠡ ᠵᠢᠯ ᠳᠤ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠦᠨᠡᠨ ᠬᠦ ᠠᠳᠬᠤᠨ ᠪᠤᠲᠠᠲᠠᠢ ᠠᠵᠢᠯᠯᠠᠵᠤ ᠂ ᠵᠣᠷᠢᠭᠲᠠᠢ ᠤᠷᠤᠭᠰᠢᠯᠠᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠬᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠬᠤᠯᠠ ᠬᠦᠴᠦᠯᠡᠬᠦ ᠴᠡᠭ ᠪᠣᠯᠭᠠᠵᠤ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠥᠪᠥᠷ ᠮᠣᠩᠭᠤᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠤᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ ᠂ ︽ ᠬᠤᠶᠠᠷ ᠬᠠᠯᠬᠠᠪᠴᠢ ︾ ᠂ ︽ ᠬᠤᠶᠠᠷ ᠰᠠᠭᠤᠷᠢᠨ ︾ ᠂ ︽ ᠨᠢᠭᠡ ᠪᠠᠬᠢᠯᠡᠯᠲᠡ ︾ ᠶᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠂ ᠳᠤᠮᠳᠠᠳᠤ ᠤᠯᠤᠰ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ