ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠵᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠵᠡᠢ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2024/3/7
     3 ᠰᠠᠷ᠎ᠠ ᠶᠢᠨ 5 ᠤ ᠦᠳᠡ ᠶᠢᠨ ᠬᠤᠶᠢᠨ᠎ᠠ ᠂ ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷᠰᠡᠳ ᠤᠨ ᠪᠠᠶᠢᠭ᠎ᠠ ᠡᠲᠡᠭᠡᠳ ᠢᠯᠭᠠᠯ ᠤᠨ ᠳᠤᠭᠤᠶᠢᠯᠠᠩ ᠳᠠᠭᠠᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠢᠨᠠᠨ ᠵᠥᠪᠯᠡᠬᠦ ᠳᠤ ᠣᠷᠣᠯᠴᠠᠬᠰᠠᠨ ᠪᠥᠭᠡᠳ ᠦᠭᠡ ᠬᠡᠯᠡᠵᠡᠢ ᠃    ᠵᠠᠩ ᠶᠠᠨ ᠺᠦᠨ ᠦᠭᠡ ᠬᠡᠯᠡᠬᠦ ᠳᠡᠭᠡᠨ ᠂ ᠲᠡᠷᠢᠭᠦᠯᠡᠭᠴᠢ ᠸᠠᠩ ᠬᠤ᠋ ᠨᠢᠩ ᠤᠨ ᠬᠢᠭᠰᠡᠨ ᠮᠡᠳᠡᠭᠦᠯᠦᠯᠲᠡ ᠨᠢ ᠥᠩᠭᠡᠷᠡᠭᠰᠡᠨ ᠨᠢᠭᠡ ᠵᠢᠯ ᠤᠨ ᠠᠵᠢᠯ ᠢ ᠳ᠋ᠦᠩᠨᠡᠬᠦ ᠳᠡᠭᠡᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠂ ᠪᠤᠰᠤᠳᠴᠢ ᠪᠥᠭᠡᠳ ᠪᠦᠭᠦ ᠲᠠᠯ᠎ᠠ ᠶᠢᠨ ᠪᠠᠶᠢᠵᠤ ᠂ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠠᠭᠠᠨ ᠬᠠᠷᠠᠯᠲᠠ ᠲᠣᠳᠣᠷᠬᠠᠢ ᠂ ᠭᠤᠣᠯᠳᠠᠯᠭ᠎ᠠ ᠲᠣᠪᠤᠶᠢᠮ᠎ᠠ ᠪᠠᠶᠢᠵᠤ ᠂ ᠲᠤᠭ ᠢ ᠥᠨᠳᠥᠷ ᠮᠠᠨᠳᠤᠭᠤᠯᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠬᠥᠮᠥᠰ ᠤᠨ ᠰᠡᠳᠬᠢᠯ ᠢ ᠨᠢᠭᠲᠠᠷᠠᠭᠤᠯᠵᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠮᠡᠳᠡᠭᠦᠯᠦᠯᠲᠡ ᠪᠣᠯᠵᠠᠢ ᠭᠡᠪᠡ ᠃    ᠵᠠᠩ ᠶᠠᠨ ᠺᠦᠨ ᠂ ᠥᠩᠭᠡᠷᠡᠭᠰᠡᠨ ᠨᠢᠭᠡ ᠵᠢᠯ ᠳᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ ᠂ ᠨᠠᠮ ᠪᠣᠯᠣᠨ ᠤᠯᠤᠰ ᠤᠨ ᠭᠤᠣᠯ ᠠᠵᠢᠯ ᠪᠠ ᠶᠡᠭᠡ ᠲᠠᠯ᠎ᠠ ᠳᠤ ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠭᠦᠢᠴᠡᠳ ᠢᠯᠡᠷᠡᠭᠦᠯᠵᠦ ᠂ ᠨᠢᠭᠡᠳᠦᠮᠡᠯ ᠹᠷᠣᠨᠲ ᠤᠨ ᠦᠢᠯᠡᠳᠦᠯ ᠴᠢᠳᠠᠮᠵᠢ ᠶᠢᠨ ᠠᠮᠢᠳᠤᠯᠢᠭ ᠦᠢᠯᠡᠳᠦᠯᠭᠡ ᠶᠢ ᠨᠠᠩ ᠳᠣᠪᠤᠶᠢᠯᠭᠠᠵᠤ ᠂ ᠪᠠᠶᠢᠭᠤᠯᠤᠯ ᠲᠣᠭᠲᠠᠴᠠ ᠶᠢᠨ ᠬᠦᠴᠦᠷᠬᠡᠭ ᠶᠡᠭᠡ ᠦᠷ᠎ᠡ ᠠᠰᠢᠭ ᠢ ᠬᠦᠴᠦᠲᠡᠢ ᠪᠠᠳᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠬᠦ ︽ ᠤᠯᠤᠰ ᠲᠥᠷᠥ ᠶᠢᠨ ᠵᠥᠪᠯᠡᠯᠭᠡᠨ ᠤ ᠬᠠᠷᠢᠭᠤᠯᠲᠠ ᠶᠢᠨ ᠬᠠᠭᠤᠳᠠᠰᠤ ︾ ᠶᠢ ᠲᠤᠰᠢᠶᠠᠵᠤ ᠂ ᠣᠷᠣᠨ ᠨᠤᠲᠤᠭ ᠤᠨ ᠤᠯᠤᠰ ᠲᠥᠷᠥ ᠶᠢᠨ ᠵᠥᠪᠯᠡᠯᠭᠡᠨ ᠳᠤ ᠬᠡᠪ ᠳᠦᠷᠢᠮ ᠪᠣᠯᠵᠤ ᠂ ᠥᠯᠢᠭᠡᠷ ᠳᠠᠭᠤᠷᠢᠶᠠᠯ ᠦᠵᠡᠭᠦᠯᠪᠡ ︔ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠳᠤ ᠂ ︽ ᠭᠤᠷᠪᠠᠨ ᠶᠡᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠥᠯᠥᠪᠯᠡᠭᠡ ︾ ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ ᠂ ᠨᠢᠭᠡ ᠴᠣᠭᠴᠠᠵᠢᠭᠤᠯᠤᠨ ᠠᠬᠢᠭᠤᠯᠵᠤ ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠵᠤ ᠂ ᠣᠷᠣᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠴᠢᠬᠤᠯᠠ ᠵᠢᠯᠣᠭᠤᠳᠤᠮᠵᠢ ᠬᠠᠩᠭᠠᠵᠠᠢ ᠭᠡᠪᠡ ᠃    ᠭᠡᠰᠢᠭᠦᠳ ᠦᠭᠡ ᠬᠡᠯᠡᠬᠦ ᠳᠡᠭᠡᠨ ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠨᠢ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠡᠭᠢᠯᠡᠯᠲᠡ ᠶᠢᠨ ᠵᠢᠯ ᠤᠨ ᠰᠢᠨ᠎ᠡ ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠦ ᠂ ᠡᠨᠡ ᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠴᠢᠭᠯᠡᠯ ᠪᠠ ᠭᠤᠣᠯᠳᠠᠯᠭ᠎ᠠ ᠶᠢ ᠲᠣᠳᠣᠷᠬᠠᠶᠢᠯᠠᠪᠠ ᠂ ᠥᠪᠥᠷ ᠮᠣᠩᠭᠤᠯ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠂ ᠯᠠᠪᠲᠠᠢ ᠬᠤᠶᠠᠷ ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ ᠃    ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠦᠦᠳᠠᠭᠤᠯᠠ ᠂ ᠪᠠᠢ ᠴᠢᠩ ᠶᠤᠸᠠᠨ ᠂ ᠠᠨ ᠷᠦᠨ ᠱᠧᠩ ᠂ ᠰᠦᠨ ᠵᠢᠶᠦ᠋ᠨ ᠴᠢᠩ ᠲᠣᠰ ᠲᠣᠰ ᠥᠪᠡᠷ ᠥᠪᠡᠷᠰᠡᠳ ᠤᠨ ᠪᠠᠶᠢᠭ᠎ᠠ ᠳᠤᠭᠤᠶᠢᠯᠠᠩ ᠤᠨ ᠬᠢᠨᠠᠨ ᠵᠥᠪᠯᠡᠬᠦ ᠳᠤ ᠣᠷᠣᠯᠴᠠᠪᠠ ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ