| ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠡᠨᠡ ᠵᠢᠯ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠱᠣᠩ 3000 ᠂ ᠴᠠᠬᠢᠯᠭᠠᠨ | ᠴᠡᠨᠡᠭᠯᠡᠬᠦ ᠲᠡᠷᠭᠡᠨ ᠵᠣᠭᠰᠣᠭᠠᠯ ᠢ 5000 ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ ᠂ ᠦᠢᠯᠡᠴᠢᠯᠡᠭᠡᠨ ᠤ ᠲᠣᠭᠤᠷᠢᠭ ᠲᠤ ᠬᠡᠲᠦ ᠲᠦᠷᠭᠡᠨ ᠴᠡᠨᠡᠭᠯᠡᠬᠦ ᠂ ᠴᠢᠳᠠᠯ | ᠶᠡᠬᠡᠲᠡᠢ ᠴᠠᠬᠢᠯᠭᠠᠨ ᠴᠡᠨᠡᠭᠯᠡᠬᠦ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠤᠨ᠎ᠠ ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠳᠡᠳ᠋ ᠰᠠᠶᠢᠳ ᠸᠠᠩ ᠭᠠᠩ 29 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠬᠢᠯᠡᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ | ᠨᠡᠶᠢᠲᠡᠯᠡᠬᠦ ᠵᠤᠷᠰᠢᠯᠲᠤ ᠬᠤᠷᠠᠯ ᠳᠡᠭᠡᠷ᠎ᠡ ᠲᠠᠨᠢᠯᠴᠠᠭᠤᠯᠪᠠ ᠃ | ᠸᠠᠩ ᠭᠠᠩ ᠬᠡᠯᠡᠬᠦ ᠳᠤ ᠪᠠᠨ ᠂ ᠣᠶᠢᠷ᠎ᠠ ᠶᠢᠨ ᠵᠢᠯ ᠤᠳ ᠲᠤ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ | ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ ᠃ 2023 ᠣᠨ ᠤ ᠡᠴᠦᠰ ᠪᠣᠯᠲᠠᠯ᠎ᠠ ᠂ | ᠨᠡᠶᠢᠲᠡ 2.1 ᠲᠦᠮᠡᠨ ᠴᠠᠬᠢᠯᠭᠠᠨ ᠴᠡᠨᠡᠭᠯᠡᠬᠦ ᠱᠣᠩ ᠢ ᠪᠠᠶᠢᠭᠤᠯᠵᠤ ᠂ ᠲᠦᠷᠭᠡᠨ ᠤ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ | ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ ᠭᠡᠵᠡᠢ ᠃ | ᠰᠢᠨ᠎ᠡ ᠡᠨᠧᠷᠭᠢ ᠶᠢᠨ ᠮᠠᠰᠢᠨ ᠲᠡᠷᠭᠡ ᠪᠠᠷ ᠭᠠᠳᠠᠭᠰᠢ ᠭᠠᠷᠬᠤ ᠬᠦᠮᠦᠨ ᠤᠯᠠᠮ ᠠᠷᠪᠢᠳᠬᠤ ᠶᠢ ᠳᠠᠭᠠᠯᠳᠤᠨ ᠂ ︽ ᠲᠦᠷᠭᠡᠨ ᠤ ᠵᠠᠰᠠᠮᠠᠯ ᠵᠠᠮ ᠢᠶᠠᠷ ᠶᠠᠪᠤᠬᠤ ᠳᠤ | ᠴᠠᠬᠢᠯᠭᠠᠨ ᠴᠡᠨᠡᠭᠯᠡᠬᠦ ᠳᠤ ᠬᠦᠴᠢᠷᠳᠡᠬᠦ ︾ ᠨᠢ ᠮᠠᠰᠢ ᠣᠯᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠳ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ | ᠪᠣᠯᠵᠠᠢ ᠃ 2024 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠂ ᠪᠦᠬᠦ ᠤᠯᠤᠰ ᠤᠨ ᠲᠦᠷᠭᠡᠨ ᠤ ᠵᠠᠰᠠᠮᠠᠯ ᠵᠠᠮ ᠤᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠡᠳᠦᠷ ᠳᠤᠮᠳᠠᠴᠢ ᠶᠢᠨ ᠤᠷᠤᠰᠬᠠᠯ 593.92 ᠲᠦᠮᠡ ᠳᠤ ᠬᠦᠷᠴᠦ ᠂ ᠡᠳᠦᠷ ᠳᠤᠮᠳᠠᠴᠢ ᠶᠢᠨ ᠶᠡᠷᠦᠩᠬᠡᠢ ᠤᠷᠤᠰᠬᠠᠯ ᠤᠨ ᠬᠡᠮᠵᠢᠶᠡᠨ ᠤ 10. | 04% ᠶᠢ ᠡᠵᠡᠯᠡᠵᠦ ᠂ 2023 ᠣᠨ ᠤ ᠠᠳᠠᠯᠢ ᠬᠤᠭᠤᠴᠠᠭᠠᠨ ᠤ ᠬᠢ ᠠᠴᠠ ᠮᠡᠳᠡᠭᠳᠡᠮ᠎ᠡ ᠨᠡᠮᠡᠭᠳᠡᠵᠡᠢ ᠃ | ᠸᠠᠩ ᠭᠠᠩ ᠢᠯᠡᠷᠬᠡᠶᠢᠯᠡᠬᠦ ᠳᠤ ᠪᠠᠨ ᠂ ᠡᠨᠡ ᠵᠢᠯ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠡᠯ᠎ᠡ ᠭᠠᠵᠠᠷ ᠪᠠ ᠬᠠᠮᠢᠶ᠎ᠠ ᠪᠦᠬᠦᠢ ᠠᠵᠤ | ᠠᠬᠤᠶᠢᠯᠠᠯ ᠤᠳ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠨᠢ ᠦᠷᠭᠦᠯᠵᠢᠯᠡᠨ ᠵᠢᠯᠤᠭᠤᠳᠴᠤ ᠂ ᠪᠦᠲᠦᠭᠡᠨ ᠪᠠᠶᠢᠭᠤᠯᠤᠯᠲᠠ ᠪᠠᠨ ᠡᠷᠴᠢᠮᠵᠢᠭᠦᠯᠦᠨ ᠂ | ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ ᠂ ᠪᠠᠶᠢᠷᠢᠯᠠᠭᠤᠯᠤᠯᠲᠠ ᠪᠠᠨ ᠨᠢᠭᠤᠴᠠᠯᠠᠵᠤ ᠂ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ ᠃ ᠡᠭᠦᠨ ᠤ ᠬᠠᠮᠲᠤ ᠂ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠠᠬᠢ ᠠᠳᠠᠯᠢ ᠪᠤᠰᠤ ᠭᠠᠵᠠᠷ | ᠣᠷᠣᠨ ᠂ ᠠᠳᠠᠯᠢ ᠪᠤᠰᠤ ᠴᠠᠭ ᠬᠤᠭᠤᠴᠠᠭᠠᠨ ᠳᠠᠬᠢ ᠲᠡᠷᠭᠡᠨ ᠤ ᠤᠷᠤᠰᠬᠠᠯ ᠤᠨ ᠣᠨᠴᠠᠯᠢᠭ ᠢ ᠦᠨᠳᠦᠰᠦᠯᠡᠨ ᠂ ᠡᠯ᠎ᠡ ᠭᠠᠵᠠᠷ ᠤᠨ ᠴᠢᠭᠯᠡᠯᠲᠡ ᠴᠢᠨᠠᠷᠲᠠᠢ | ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠬᠠᠩᠭᠠᠬᠤ ᠶᠢ ᠵᠢᠯᠣᠭᠤᠳᠤᠨ᠎ᠠ ᠭᠡᠵᠡᠢ ᠃ | | |