| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠲᠤᠮᠳᠠᠳᠤ ᠤᠯᠤᠰ ᠤᠨ | ᠭᠤᠮᠢᠨᠳᠠᠩ ᠤᠨ ᠬᠤᠪᠢᠰᠬᠠᠯᠲᠤ ᠬᠤᠷᠢᠶ᠎ᠠ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ | ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠤᠷᠤᠯᠴᠠᠵᠤ ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ ᠃ ᠲᠡᠷᠡ ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠨᠠᠮ ᠪᠦᠯᠦᠭ ᠂ ᠡᠯ᠎ᠡ ᠪᠦᠯᠭᠦᠮ ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠯ᠎ᠡ ᠲᠠᠯ᠎ᠠ ᠶᠢᠨ ᠬᠥᠮᠥᠰ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠂ ᠢᠳᠡᠪᠬᠢᠲᠡᠢ ᠪᠠᠷ | ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠵᠤ ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ | | 3 ᠰᠠᠷ᠎ᠠ ᠶᠢᠨ 6 ᠤ ᠡᠳᠦᠷ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠡᠲᠡᠭᠡᠳ ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ | ᠤᠷᠤᠯᠴᠠᠵᠤ ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠩ ᠵᠢᠩ ᠸᠧᠨ ᠰᠡᠭᠦᠳᠡᠷᠯᠡᠪᠡ | ︽ 3 · 8 ︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ ᠂ ᠰᠢ ᠶᠢᠨ ᠫᠢᠩ ᠨᠠᠮ ᠤᠨ ᠲᠥᠪ | ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠬᠤᠶᠠᠷ ᠬᠤᠷᠠᠯ ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ ᠂ ᠡᠮᠡᠭᠲᠡᠢ ᠭᠡᠰᠢᠭᠦᠨ ᠂ ᠡᠮᠡᠭᠲᠡᠢ ᠠᠵᠢᠯᠲᠠᠨ ᠂ | ᠪᠦᠭᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠂ ᠣᠣᠮᠧᠨ ᠣᠨᠴᠠᠭᠠᠢ ᠵᠠᠰᠠᠭ | ᠵᠠᠬᠢᠷᠭᠠᠨ ᠤ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ ᠂ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ | ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠸᠠᠩ ᠬᠤ᠋ ᠨᠢᠩ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠨᠠᠮ ᠤᠨ ᠲᠥᠪ ᠬᠤᠷᠢᠶ᠎ᠠ ᠶᠢᠨ | ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠵᠠᠢ ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠂ ᠰᠢᠶᠠ ᠰᠢᠶᠠᠨ ᠫᠧᠩ ᠂ ᠲᠢᠶᠠᠨ ᠬᠤᠩ ᠴᠢ ᠂ ᠦ᠋ ᠵᠢᠶᠠᠨ ᠫᠢᠩ ᠂ ᠵᠣᠣ ᠢᠦᠢ ᠯᠢᠶᠠᠩ ᠂ ᠬᠤᠸᠠᠩ ᠮᠢᠶᠠᠨ | ᠰᠥᠩ ᠂ ᠬᠤ᠋ ᠰᠥᠩ ᠴᠢᠨ ᠵᠡᠷᠭᠡ 6 ᠭᠡᠰᠢᠭᠦᠨ ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠮᠲᠤᠷᠠᠯᠴᠠᠭ᠎ᠠ ᠶᠢ ᠴᠢᠩᠭᠠᠳᠬᠠᠬᠤ ᠂ ᠡᠬᠡ ᠣᠷᠣᠨ ᠤ ᠪᠦᠷᠢᠨ ᠨᠢᠭᠡᠳᠦᠯ ᠢ ᠡᠷᠡᠰ ᠭᠤᠶᠢᠪᠢᠰᠢ ᠦᠭᠡᠢ ᠪᠠᠷ ᠠᠬᠢᠭᠤᠯᠬᠤ ᠂ ᠢᠨᠲ᠋ᠧᠷ ᠰᠦᠯᠵᠢᠶᠡᠨ ᠤ ᠭᠤᠣᠯᠯᠠᠬᠤ | ᠮᠡᠷᠭᠡᠵᠢᠯ ᠢᠶᠠᠷ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠂ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢ ᠠᠬᠢᠭᠤᠯᠬᠤ ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢ ᠴᠢᠩᠭᠠᠳᠬᠠᠬᠤ ᠵᠡᠷᠭᠡ ᠶᠢᠨ ᠲᠣᠭᠤᠷᠢᠨ ᠳᠤ ᠦᠭᠡ | ᠬᠡᠯᠡᠪᠡ ᠃ | ᠰᠢ ᠶᠢᠨ ᠫᠢᠩ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠣᠯᠠᠨ ᠲᠠᠢ ᠬᠠᠮᠲᠤ ᠶᠠᠷᠢᠯᠴᠠᠨ | ᠰᠣᠯᠢᠯᠴᠠᠵᠤ ᠂ ᠰᠠᠨᠠᠯ ᠰᠠᠨᠠᠭᠤᠯᠭ᠎ᠠ ᠶᠢ ᠰᠣᠨᠣᠰᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠠᠳᠡ ᠰᠠᠭᠤᠵᠤ | ᠪᠠᠶᠢᠭ᠎ᠠ ᠭᠡᠰᠢᠭᠦᠳ ᠪᠣᠯᠣᠨ ᠥᠷᠭᠡᠨ ᠤᠯᠠᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠪᠦᠷᠢᠯᠳᠦᠭᠦᠨ ᠪᠣᠯᠣᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠡᠲᠡᠭᠡᠳ ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠥᠮᠥᠰ ᠲᠤ ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ᠭᠡᠵᠦ ᠢᠯᠡᠳᠬᠡᠪᠡ ᠃ | ᠰᠢ ᠶᠢᠨ ᠫᠢᠩ ᠂ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ ᠪᠣᠯᠣᠨ᠎ᠠ ᠃ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠲᠤ ᠰᠢᠯᠵᠢᠭᠦ ᠶᠢ ᠡᠷᠡᠰ ᠰᠢᠭᠤᠷᠬᠠᠢ ᠬᠡᠷᠡᠭᠵᠢᠭᠦᠯᠵᠦ ᠂ ᠠᠵᠤ ᠠᠬᠤᠢ ᠶᠢᠨ | ᠰᠡᠷᠭᠦᠯᠲᠡ ᠬᠥᠭᠵᠢᠯᠲᠡ ᠶᠢ ᠪᠦᠭᠦ ᠬᠦᠴᠦ ᠪᠠᠷ ᠢᠶᠠᠨ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠡᠷᠡᠰ ᠭᠤᠶᠢᠪᠢᠰᠢ ᠦᠭᠡᠢ | ᠠᠬᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠯᠠᠪᠳᠠᠭᠤᠨ ᠪᠠᠲᠤᠲᠠᠢ ᠠᠯᠬᠤᠮ ᠢ ᠠᠯᠬᠤᠪᠠ ᠃ ᠠᠮᠵᠢᠯᠲᠠ ᠪᠦᠲᠦᠮᠵᠢ ᠶᠢ ᠭᠢᠯᠪᠠᠷᠬᠠᠨ ᠢᠶᠠᠷ | ᠣᠯᠣᠭᠰᠠᠨ ᠪᠢᠰᠢ ᠂ ᠡᠨᠡ ᠪᠣᠯ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠨᠢᠭᠡᠳᠴᠦ ᠂ ᠨᠤᠭᠤᠷᠠᠰᠢ ᠦᠭᠡᠢ ᠲᠡᠮᠡᠴᠡᠭᠰᠡᠨ ᠤ | ᠦᠷ᠎ᠡ ᠳ᠋ᠦᠩ ᠮᠥᠨ ᠂ ᠪᠠᠰᠠ ᠴᠤ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠦᠴᠦ ᠭᠦᠳᠡᠯᠮᠦᠷᠢ ᠪᠠ ᠤᠶᠤᠨ ᠤᠬᠠᠭᠠᠨ ᠢ ᠰᠢᠩᠭᠡᠭᠡᠵᠦ | ᠪᠠᠶᠢᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠥᠩᠭᠡᠷᠡᠭᠰᠡᠨ ᠨᠢᠭᠡ ᠵᠢᠯ ᠳᠤ ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ︽ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ | ᠰᠠᠭᠤᠷᠢ ᠪᠠᠨ ᠪᠠᠲᠤᠳᠬᠠᠵᠤ ᠂ ᠰᠢᠨ᠎ᠡ ᠠᠶᠠᠨ ᠳᠤ ᠪᠦᠯᠬᠦᠮᠳᠡᠨ ᠤᠷᠤᠭᠰᠢᠯᠠᠶ᠎ᠠ ︾ ᠭᠡᠬᠦ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠂ ᠤᠯᠤᠰ | ᠲᠦᠷᠦ ᠶᠢᠨ ᠵᠥᠪᠯᠡᠯᠭᠡ ᠬᠢᠬᠦ ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ ᠂ ᠬᠥᠬᠡᠮᠥ᠋ᠷᠡᠨ ᠤ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠦᠷᠭᠦᠯᠵᠢᠯᠡᠨ ᠣᠷᠣᠯᠴᠠᠵᠤ ᠂ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠪᠠ ᠃ | ᠥᠷᠭᠡᠨ ᠤᠯᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠤᠨ ᠬᠥᠮᠥᠰ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠳᠤ ᠣᠷᠤᠯᠴᠠᠬᠤ ᠶᠢ ᠢᠳᠡᠪᠬᠢᠲᠡᠢ ᠲᠡᠮᠵᠢᠵᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠯᠡᠨ ᠣᠷᠣᠯᠴᠠᠪᠠ ᠃ | ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ ᠂ ᠬᠥᠭᠵᠢᠯᠲᠡ ᠶᠢᠨ | ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠳᠤᠮᠳᠠ ᠢᠳᠡᠪᠬᠢᠲᠡᠢ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠲᠠᠶᠢᠸᠠᠨ ᠤ ᠠᠵᠢᠯ ᠤᠨ ᠶᠡᠭᠡ ᠲᠠᠯ᠎ᠠ ᠳᠤ ᠴᠢᠨᠠᠭᠰᠢᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠢ | ᠣᠯᠵᠤ ᠂ ᠳᠠᠪᠠᠭᠤᠯᠢᠭ ᠢᠶᠠᠨ ᠪᠠᠳᠠᠷᠠᠭᠤᠯᠵᠤ ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠂ ᠠᠷᠠᠯ ᠤᠨ ᠳᠣᠲᠣᠷ᠎ᠠ | ᠭᠠᠳᠠᠨᠠᠬᠢ ᠪᠦᠯᠬᠦᠮᠳᠡᠵᠦ ᠪᠤᠯᠬᠤ ᠤᠯᠤᠰ ᠢᠶᠠᠨ ᠬᠠᠶᠢᠷᠠᠯᠠᠬᠤ ᠬᠦᠴᠦᠨ ᠪᠦᠭᠦᠨ ᠲᠠᠢ ᠨᠡᠩ ᠰᠠᠶᠢᠲᠤᠷ ᠪᠦᠯᠬᠦᠮᠳᠡᠵᠦ ᠂ ︽ ᠲᠤᠰᠠᠭᠠᠷ ᠲᠣᠭᠲᠠᠨᠢᠭᠤᠯᠬᠤ ︾ ᠶᠢ | ᠡᠰᠡᠷᠭᠦᠴᠡᠵᠦ ᠨᠢᠭᠡᠳᠦᠯ ᠢ ᠠᠬᠢᠭᠤᠯᠬᠤ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠵᠤ ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ | ᠬᠠᠮᠲᠤ ᠪᠠᠷ ᠠᠬᠢᠭᠤᠯᠬᠤ ᠬᠡᠷᠡᠭᠲᠡᠢ ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠂ ᠬᠥᠳᠡᠭᠡ ᠠᠵᠤ ᠠᠬᠤᠢ ᠂ | ᠰᠣᠶᠣᠯ ᠢᠷᠭᠡᠨᠰᠢᠯ ᠂ ᠵᠠᠯᠠᠭᠤᠴᠤᠳ ᠤᠨ ᠬᠥᠭᠵᠢᠯᠲᠡ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠲᠡᠭᠡᠳ ᠤᠨ ᠭᠡᠰᠢᠭᠦᠳ ᠪᠣᠯᠣᠨ ᠥᠷᠭᠡᠨ ᠤᠯᠠᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠠᠵᠢᠯᠲᠠᠳ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠳᠬᠠᠵᠤ ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠵᠦ ᠂ ᠰᠠᠭᠤᠷᠢ ᠰᠤᠳᠤᠯᠭᠠᠨ ᠪᠣᠯᠣᠨ ᠬᠡᠷᠡᠭᠯᠡᠭᠡᠨ ᠤ ᠰᠠᠭᠤᠷᠢ | ᠰᠤᠳᠤᠯᠭᠠᠨ ᠢ ᠴᠢᠩᠭᠠᠳᠬᠠᠵᠤ ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠬᠥᠳᠡᠯᠭᠡᠬᠦ ᠴᠢᠳᠠᠪᠤᠷᠢ ᠶᠢ ᠪᠤᠶᠢᠵᠢᠭᠤᠯᠬᠤ ᠬᠡᠷᠡᠭᠲᠡᠢ ᠃ ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ | ᠳᠤᠷᠠᠳᠴᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠬᠦᠴᠦᠨ ᠨᠡᠮᠡᠷᠢᠯᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ | ᠪᠣᠯᠣᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠣᠯᠣᠨ ᠲᠠᠯᠳᠠ | ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠢᠩᠭᠠᠳᠬᠠᠬᠤ ᠂ ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠵᠤ ᠲᠤᠯᠭᠠᠭᠤᠷᠢᠯᠠᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠭᠦ | ᠬᠡᠷᠡᠭᠲᠡᠢ ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠬᠤᠷᠢᠭ᠎ᠠ ᠱᠤᠭᠤᠮ ᠢ ᠪᠠᠲᠤ ᠰᠠᠬᠢᠵᠤ ᠂ ᠠᠮᠢ ᠠᠬᠤᠢ ᠣᠷᠴᠢᠨ | ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ | ᠪᠠᠬᠢᠵᠢᠭᠦᠯᠬᠦ ᠬᠡᠷᠡᠭᠲᠡᠢ ᠃ ᠨᠠᠷᠢᠯᠢᠭ ᠣᠨᠣᠪᠴᠢᠲᠠᠢ ᠪᠠᠷ ᠪᠣᠬᠢᠷᠳᠤᠯ ᠢ ᠵᠠᠰᠠᠬᠤ ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠬᠤ ᠂ ᠬᠠᠤᠯᠢ ᠶᠣᠰᠣᠭᠠᠷ ᠪᠣᠬᠢᠷᠳᠤᠯ ᠢ | ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠪᠠᠶᠢᠬᠤ ᠂ | ᠳᠣᠣᠷ᠎ᠠ ᠨᠡᠭᠦᠷᠡᠰᠦᠲᠥ᠋ᠷᠥᠭᠴᠢᠲᠦ ᠪᠠᠶᠢᠬᠤ ᠶᠢ ᠠᠬᠢᠭᠤᠯᠵᠤ ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠡᠷᠭᠢᠯᠳᠦᠭᠦᠯᠦᠨ ᠠᠰᠢᠭᠯᠠᠬᠤ ᠶᠢ | ᠴᠢᠩᠭᠠᠳᠬᠠᠵᠤ ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠣᠳᠠᠲᠠᠢ ᠪᠤᠯᠭᠠᠬᠤ ᠠᠷᠭ᠎ᠠ ᠵᠠᠮ ᠢ ᠥᠷᠭᠡᠳᠬᠡᠵᠦ ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ ᠂ | ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠵᠦ ᠂ ᠰᠢᠨ᠎ᠡ ᠳᠠᠪᠠᠭᠤᠯᠢᠭ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠡᠨᠡ ᠵᠢᠯ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ ᠃ ᠠᠷᠠᠳ ᠤᠨ ᠤᠯᠤᠰ | ᠲᠦᠷᠦ ᠶᠢᠨ ᠵᠥᠪᠯᠡᠯᠭᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠦᠵᠡᠯ ᠰᠠᠨᠠᠭ᠎ᠠ ᠤᠯᠤᠰ | ᠲᠦᠷᠦ ᠶᠢᠨ ᠵᠢᠯᠣᠭᠤᠳᠤᠮᠵᠢ ᠪᠠᠨ ᠴᠢᠩᠭᠠᠳᠬᠠᠨ ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠲᠠ ᠪᠠᠨ ᠴᠢᠩᠭᠠᠳᠬᠠᠵᠤ ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠨ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠰ ᠪᠡᠶ᠎ᠡ ᠶᠢᠨ ᠬᠡᠪ ᠴᠢᠨᠠᠷ ᠪᠠ ᠲᠤᠰᠢᠶᠠᠯ ᠬᠠᠷᠢᠭᠤᠴᠠᠯᠭ᠎ᠠ ᠭᠦᠢᠴᠡᠳᠬᠡᠬᠦ | ᠴᠢᠳᠠᠪᠤᠷᠢ ᠪᠠᠨ ᠳᠡᠭᠡᠭᠰᠢᠯᠡᠭᠦᠯᠵᠦ ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠪᠠ ᠤᠯᠠᠨ ᠨᠠᠮ ᠤᠨ ᠬᠠᠮᠲᠤᠷᠠᠨ ᠠᠵᠢᠯᠯᠠᠬᠤ | ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠱᠢ ᠲᠠᠢ ᠹᠧᠩ ᠂ ᠵᠧᠩ ᠵᠢᠶᠠᠨ ᠪᠠᠩ ᠂ ᠬᠤ᠋ ᠴᠦᠨ ᠬᠤᠸᠠ ᠂ ᠸᠠᠩ ᠳ᠋ᠦᠩ ᠹᠧᠩ ᠂ ᠾᠧ ᠪᠦᠦ ᠰᠢᠶᠠᠩ ᠨᠠᠷ ᠳᠤᠭᠤᠶᠢᠯᠠᠩ ᠬᠠᠮᠲᠤᠷᠠᠭᠰᠠᠨ ᠬᠤᠷᠠᠯ ᠳᠤ | ᠣᠷᠣᠯᠴᠠᠪᠠ ᠃ | | |