| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ ᠦᠳᠡ ᠶᠢᠨ ᠬᠤᠶᠢᠨ᠎ᠠ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ | ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠭᠦᠳᠡ ᠬᠤᠷᠠᠯ ᠳᠤ ᠣᠷᠣᠯᠴᠠᠬᠤ ᠳᠠᠭᠠᠨ ᠂ ᠰᠢᠨ᠎ᠡ ᠪᠠᠷ ᠮᠠᠨᠳᠤᠭᠰᠠᠨ ᠬᠦᠷᠢᠶ᠎ᠡ | ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠴᠢᠬᠤᠯᠠ ᠪᠦᠷᠢᠯᠳᠦᠬᠦᠨ | ᠬᠡᠰᠡᠭ ᠮᠥᠨ ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠵᠤ ᠂ ᠤᠯᠤᠰ ᠤᠨ ᠠᠮᠤᠷ ᠲᠦᠪᠰᠢᠨ ᠪᠣᠯᠣᠨ | ᠴᠡᠷᠢᠭ ᠤᠨ ᠶᠠᠪᠤᠳᠠᠯ ᠤᠨ ᠲᠡᠮᠡᠴᠡᠯ ᠤᠨ ᠰᠠᠨᠠᠭᠠᠴᠢᠯᠠᠭᠠᠲᠤ ᠡᠷᠬᠡ ᠳᠤ ᠬᠤᠯᠪᠣᠭᠳᠠᠵᠤ ᠪᠠᠶᠢᠳᠠᠭ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ ᠃ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ | ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠳᠡᠭᠡᠷ᠎ᠡ ᠂ ᠳᠠᠯᠠᠢ ᠶᠢᠨ ᠴᠡᠷᠢᠭ ᠤᠨ ᠠᠢ ᠶᠢᠩ ᠴᠦᠨ ᠲᠥᠯᠥᠭᠡᠯᠡᠭᠴᠢ ᠂ ᠪᠠᠶᠢᠯᠳᠤᠬᠤ ᠪᠣᠳᠣᠯᠭ᠎ᠠ ᠶᠢᠨ ᠲᠤᠰᠠᠯᠠᠬᠤ ᠴᠡᠷᠢᠭ ᠠᠩᠭᠢ ᠶᠢᠨ ᠡᠦ ᠱᠧᠩ ᠶᠠᠨ | ᠲᠥᠯᠥᠭᠡᠯᠡᠭᠴᠢ ᠂ ᠡᠮᠦᠨᠡᠳᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠴᠢᠶᠣᠣ ᠱᠠ ᠱᠠ ᠲᠥᠯᠥᠭᠡᠯᠡᠭᠴᠢ ᠂ ᠪᠠᠶᠢᠯᠳᠤᠬᠤ ᠪᠣᠳᠣᠯᠭ᠎ᠠ ᠶᠢᠨ ᠲᠤᠰᠠᠯᠠᠬᠤ ᠴᠡᠷᠢᠭ | ᠠᠩᠭᠢ ᠶᠢᠨ ᠾᠧ ᠢᠦᠢ ᠹᠠᠨ ᠲᠥᠯᠥᠭᠡᠯᠡᠭᠴᠢ ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠣᠣ ᠳ᠋ᠠᠩ ᠨᠠᠢ ᠲᠥᠯᠥᠭᠡᠯᠡᠭᠴᠢ ᠂ ᠬᠠᠭᠤᠷᠠᠢ | ᠵᠠᠮ ᠤᠨ ᠴᠡᠷᠢᠭ ᠤᠨ ᠵᠧᠩ ᠶᠢᠨ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ ᠂ ᠳᠠᠯᠠᠢ ᠲᠠᠩᠭᠢᠰ ᠤᠨ ᠪᠠᠶᠢᠳᠠᠯ ᠢ ᠰᠡᠷᠡᠨ ᠮᠡᠳᠡᠷᠡᠬᠦᠢ ᠴᠢᠳᠠᠪᠤᠷᠢ ᠶᠢᠨ | ᠪᠠᠶᠢᠭᠤᠯᠤᠯᠲᠠ ᠶᠢ ᠠᠬᠢᠭᠤᠯᠬᠤ ᠂ ᠰᠦᠯᠵᠢᠶᠡᠨ ᠤ ᠣᠷᠣᠨ ᠵᠠᠢ ᠶᠢᠨ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠂ ᠵᠣᠬᠢᠶᠠᠮᠠᠯ ᠣᠶᠣᠨ ᠴᠢᠳᠠᠪᠤᠷᠢ ᠶᠢᠨ | ᠬᠡᠷᠡᠭᠯᠡᠯᠲᠡ ᠶᠢ ᠠᠬᠢᠭᠤᠯᠬᠤ ᠂ ᠰᠠᠨᠰᠠᠷ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠴᠤ ᠬᠡᠷᠡᠭᠯᠡᠬᠦ ᠶᠢ ᠴᠢᠩᠭᠠᠳᠬᠠᠬᠤ ᠂ ᠰᠢᠨ᠎ᠡ ᠪᠠᠷ ᠮᠠᠨᠳᠤᠭᠰᠠᠨ | ᠬᠦᠷᠢᠶ᠎ᠡ ᠴᠠᠷᠠᠭ᠎ᠠ ᠳᠠᠬᠢ ᠪᠠᠷᠢᠮᠵᠢᠶᠠᠲᠤ ᠨᠡᠶᠢᠳᠡᠮ ᠬᠡᠷᠡᠭᠯᠡᠬᠦ ᠪᠠᠶᠢᠭᠤᠯᠤᠯᠲᠠ ᠶᠢ ᠴᠢᠩᠭᠠᠳᠬᠠᠬᠤ ᠂ ᠬᠥᠮᠥᠨ ᠦᠭᠡᠢ ᠪᠠᠶᠢᠯᠳᠤᠬᠤ ᠬᠦᠴᠦᠨ ᠤ ᠪᠠᠶᠢᠭᠤᠯᠤᠯᠲᠠ ᠪᠠ | ᠬᠡᠷᠡᠭᠯᠡᠯᠲᠡ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ ᠃ | | 3 ᠰᠠᠷ᠎ᠠ ᠶᠢᠨ 7 ᠤ ᠦᠳᠡ ᠶᠢᠨ ᠬᠤᠶᠢᠨ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠭᠦᠳᠡ | ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ ᠃ | ᠰᠢ ᠶᠢᠨ ᠫᠢᠩ ᠲᠥᠯᠥᠭᠡᠯᠡᠭᠴᠢ ᠨᠢᠭᠡ ᠪᠦᠷᠢ ᠶᠢᠨ ᠬᠡᠯᠡᠬᠦ ᠶᠢ ᠨᠠᠷᠢᠨ ᠬᠢᠨᠠᠮᠠᠭᠠᠢ ᠰᠣᠨᠣᠰᠬᠤ ᠶᠢᠨ ᠳᠠᠭᠠᠤ ᠲᠡᠳᠡᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠪᠠ ᠃ | 6 ᠲᠥᠯᠥᠭᠡᠯᠡᠭᠴᠢ ᠦᠭᠡ ᠬᠡᠯᠡᠭᠰᠡᠨ ᠤ ᠳᠠᠷᠠᠭ᠎ᠠ ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠂ ᠭᠤᠣᠯᠳᠠᠭᠤ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ | ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠱᠠᠭᠠᠷᠳᠠᠯᠭ᠎ᠠ ᠳᠤᠷᠠᠳᠪᠠ ᠃ ᠲᠡᠷᠡ ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ ᠂ ᠪᠢᠳᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠰᠢᠨ᠎ᠡ ᠬᠡᠯᠪᠡᠷᠢ ᠶᠢᠨ ᠪᠠᠶᠢᠯᠳᠤᠬᠤ | ᠬᠦᠴᠦᠨ ᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠠᠯᠢ ᠣᠯᠠᠨ ᠴᠢᠬᠤᠯᠠ ᠶᠡᠭᠡ ᠦᠷ᠎ᠡ ᠪᠦᠲᠦᠭᠡᠯ ᠣᠯᠪᠠ ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠳᠠᠷᠠᠭ᠎ᠠ ᠂ ᠨᠠᠮ ᠤᠨ ᠲᠥᠪ ᠬᠤᠷᠢᠶ᠎ᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠥᠬᠦ ᠲᠠᠯ᠎ᠠ ᠠᠴᠠ ᠡᠭᠦᠰᠴᠦ ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠶᠢ ᠲᠣᠳᠣᠷᠬᠠᠢ ᠳᠤᠷᠠᠳᠴᠠᠢ ᠃ ᠡᠨᠡ ᠨᠢ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ | ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠪᠠ ᠃ ᠢᠯᠠᠯᠲᠠ ᠶᠢᠨ ᠡᠷᠴᠢᠨ ᠳᠡᠭᠡᠷ᠎ᠡ ᠪᠠᠨ | ᠤᠷᠤᠭᠰᠢᠯᠠᠵᠤ ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠶᠢᠨ ᠣᠨᠴᠠᠯᠢᠭ ᠵᠢᠮ᠎ᠡ ᠶᠣᠰᠣ ᠶᠢ ᠡᠵᠡᠮᠳᠡᠵᠦ ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠪᠣᠯᠣᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠥᠨᠳᠥᠷ ᠪᠦᠲᠦᠮᠵᠢᠲᠡᠢ ᠠᠭᠤᠰᠤᠯᠴᠠᠭᠤᠯᠬᠤ ᠂ ᠬᠤᠣᠰ ᠴᠢᠭᠯᠡᠯ ᠢᠶᠠᠷ | ᠬᠦᠴᠦᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠬᠥᠭᠵᠢᠯᠲᠡ ᠶᠢᠨ ᠭᠤᠣᠯᠳᠠᠯᠭ᠎ᠠ ᠶᠢ ᠳᠣᠪᠤᠶᠢᠯᠭᠠᠵᠤ ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ | ᠴᠢᠳᠠᠪᠤᠷᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠯᠳᠤᠬᠤ ᠪᠣᠳᠣᠯᠭ᠎ᠠ ᠪᠣᠯᠣᠨ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠢ ᠃ ᠳᠠᠯᠠᠢ ᠳᠡᠭᠡᠷᠡᠬᠢ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠬᠡᠯ ᠂ ᠳᠠᠯᠠᠢ ᠲᠠᠩᠭᠢᠰ ᠤᠨ ᠡᠷᠬᠡ ᠠᠰᠢᠭ ᠢ ᠬᠠᠮᠠᠭᠠᠯᠠᠬᠤ ᠪᠠ ᠳᠠᠯᠠᠢ | ᠳᠠᠩᠭᠢᠰ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠃ ᠰᠠᠨᠰᠠᠷ ᠤᠨ ᠠᠶᠠᠯᠠᠯ ᠤᠨ ᠪᠠᠶᠢᠷᠢᠰᠢᠯ ᠢ ᠰᠢᠯᠢᠳᠡᠭᠵᠢᠭᠦᠯᠵᠦ ᠂ ᠮᠠᠨ ᠤ ᠤᠯᠤᠰ ᠤᠨ ᠰᠠᠨᠰᠠᠷ ᠤᠨ | ᠠᠶᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠃ ᠰᠦᠯᠵᠢᠶᠡᠨ ᠤ ᠣᠷᠣᠨ ᠵᠠᠢ ᠶᠢᠨ ᠰᠡᠷᠭᠡᠶᠢᠯᠡᠯᠲᠡ ᠶᠢᠨ ᠰᠢᠰᠲ᠋ᠧᠮ ᠢ ᠪᠠᠶᠢᠭᠤᠯᠵᠤ ᠂ | ᠤᠯᠤᠰ ᠤᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠃ ᠣᠶᠤᠨᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠬᠤᠯᠠ ᠶᠡᠭᠡ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠶᠢ ᠴᠢᠩᠭᠠᠳᠬᠠᠵᠤ ᠂ ᠲᠡᠷᠢᠭᠦᠨ ᠤ ᠦᠷ᠎ᠡ ᠪᠦᠲᠦᠭᠡᠯ ᠢ ᠬᠡᠷᠡᠭᠯᠡᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠶᠢ ᠦᠨᠳᠦᠰᠦᠨ ᠠᠴᠠ ᠨᠢ ᠠᠪᠴᠤ ᠬᠡᠯᠡᠪᠡᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠭᠡᠨ ᠠᠴᠠ ᠢᠷᠡᠯᠲᠡ ᠲᠠᠢ ᠶᠤᠮ ᠃ ᠰᠢᠨ᠎ᠡ ᠶᠢ ᠡᠭᠦᠳᠬᠦ ᠢᠲᠡᠭᠡᠯ ᠢᠶᠠᠨ ᠴᠢᠩᠭᠠᠳᠬᠠᠵᠤ ᠂ ᠥᠪᠡᠷ ᠤᠨ ᠪᠡᠶ᠎ᠡ ᠪᠠᠷ ᠢᠶᠠᠨ | ᠭᠤᠣᠯ ᠪᠣᠯᠭᠠᠵᠤ ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠂ ᠠᠩᠬᠠᠨ ᠤ ᠰᠢᠨ᠎ᠡ ᠡᠭᠦᠳᠦᠯᠲᠡ ᠶᠢ ᠶᠡᠭᠡ ᠪᠠᠷ | ᠠᠬᠢᠭᠤᠯᠵᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠣᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠤ ᠨᠡᠮᠡᠭᠳᠡᠯ ᠤᠨ ᠲᠦᠢᠯ ᠢ ᠡᠭᠦᠳᠬᠦ | ᠬᠡᠷᠡᠭᠲᠡᠢ ᠃ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠰᠣᠯᠪᠢᠴᠠᠨ ᠠᠭᠤᠰᠤᠯᠴᠠᠨ ᠬᠥᠭᠵᠢᠬᠦ ᠣᠨᠴᠠᠯᠢᠭ ᠢ ᠡᠵᠡᠮᠳᠡᠵᠦ ᠂ ᠬᠤᠷᠠᠮᠠᠯ ᠰᠢᠨ᠎ᠡ ᠡᠭᠦᠳᠦᠯᠲᠡ ᠪᠠ | ᠶᠡᠷᠦᠩᠬᠡᠶᠢᠯᠡᠭᠰᠡᠨ ᠬᠡᠷᠡᠭᠯᠡᠭᠡ ᠶᠢ ᠴᠢᠩᠭᠠᠳᠬᠠᠵᠤ ᠂ ᠣᠯᠠᠨ ᠲᠠᠯ᠎ᠠ ᠪᠠᠷ ᠰᠢᠪᠲᠤᠯᠤᠯᠲᠠ ᠭᠠᠷᠭᠠᠬᠤ ᠂ ᠬᠠᠮᠲᠤ ᠪᠠᠷ ᠬᠥᠭᠵᠢᠨ ᠪᠠᠳᠠᠷᠠᠭᠰᠠᠨ ᠠᠮᠢᠳᠤᠯᠢᠭ ᠪᠠᠶᠢᠳᠠᠯ ᠢ ᠪᠣᠢ | ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠴᠢᠨᠠᠭᠰᠢᠳᠠ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠭᠤᠣᠯᠳᠠᠯᠭ᠎ᠠ ᠪᠣᠯᠭᠠᠨ ᠲᠣᠪᠤᠶᠢᠯᠭᠠᠵᠤ ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠂ ᠨᠡᠭᠡᠭᠡᠯᠲᠡ ᠬᠢᠵᠦ ᠠᠭᠤᠰᠤᠯᠴᠠᠬᠤ ᠂ ᠠᠮᠢᠵᠢᠷᠠᠯ ᠤᠨ | ᠬᠦᠴᠦᠨ ᠢᠶᠠᠷ ᠪᠢᠯᠬᠠᠭᠰᠠᠨ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠭᠤᠯᠵᠤ ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠃ ᠬᠡᠷᠡᠭᠴᠡᠭᠡ ᠶᠢ ᠵᠣᠯᠭᠠᠭᠤᠯᠬᠤ ᠂ ᠲᠥᠯᠥᠪᠵᠢᠭᠦᠯᠭᠡ ᠶᠢ ᠵᠣᠯᠭᠠᠭᠤᠯᠬᠤ ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠶᠢᠨ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠪᠠᠷᠢᠮᠵᠢᠶ᠎ᠠ ᠶᠢ ᠨᠡᠶᠢᠳᠡᠮ ᠬᠡᠷᠡᠭᠯᠡᠬᠦ ᠵᠠᠮ ᠢᠶᠠᠷ | ᠰᠠᠶᠢᠲᠤᠷ ᠵᠠᠮᠨᠠᠵᠤ ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠶᠢᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠃ | ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠤ ᠬᠠᠩᠭᠠᠯᠭ᠎ᠠ ᠶᠢ ᠲᠦᠷᠭᠡᠳᠬᠡᠬᠦ ᠪᠠᠷ ᠬᠦᠲᠦᠯᠦᠮᠵᠢ ᠪᠣᠯᠭᠠᠵᠤ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠲᠡᠷᠢᠭᠦᠨ ᠤ ᠮᠡᠷᠭᠡᠵᠢᠯ ᠤᠨ | ᠬᠤᠷᠴᠠ ᠱᠠᠯᠠᠮᠠᠭᠠᠢ ᠪᠠᠷ ᠴᠤᠤᠷᠢᠶᠠᠲᠤᠬᠤ ᠂ ᠲᠦᠷᠭᠡᠨ ᠣᠨᠳᠣᠣᠰᠢᠭᠤᠯᠬᠤ ᠲᠣᠭᠲᠠᠴᠠ ᠶᠢ ᠪᠦᠷᠢᠨᠰᠢᠭᠦᠯᠵᠦ ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ | ᠬᠥᠭᠵᠢᠯᠲᠡ ᠲᠠᠢ ᠵᠣᠬᠢᠴᠠᠭᠰᠠᠨ ᠰᠢᠨ᠎ᠡ ᠶᠢ ᠡᠭᠦᠳᠬᠦ ᠬᠡᠯᠬᠢᠶ᠎ᠡ ᠂ ᠠᠵᠤ ᠦᠢᠯᠡᠰ ᠤᠨ ᠬᠡᠯᠬᠢᠶ᠎ᠡ ᠂ ᠥᠷᠲᠡᠭ ᠤᠨ ᠬᠡᠯᠬᠢᠶ᠎ᠡ ᠶᠢ ᠪᠠᠶᠢᠭᠤᠯᠬᠤ ᠬᠡᠷᠡᠭᠲᠡᠢ ᠃ ᠦᠵᠡᠯ | ᠰᠠᠨᠠᠭ᠎ᠠ ᠣᠶᠢᠯᠠᠭᠠᠭᠳᠠᠬᠤᠨ ᠢᠶᠠᠨ ᠰᠢᠨᠡᠳᠬᠡᠵᠦ ᠂ ᠰᠢᠨ᠎ᠡ ᠬᠡᠯᠪᠡᠷᠢ ᠶᠢᠨ ᠪᠠᠶᠢᠯᠳᠤᠬᠤ ᠬᠦᠴᠦᠨ ᠤ ᠪᠠᠶᠢᠭᠤᠯᠤᠯᠲᠠ ᠪᠠ ᠬᠡᠷᠡᠭᠯᠡᠭᠡᠨ ᠤ ᠵᠠᠭᠪᠤᠷ ᠢ ᠵᠣᠷᠢᠭᠲᠠᠢ ᠪᠠᠷ | ᠰᠢᠨ᠎ᠡ ᠶᠢ ᠡᠭᠦᠳᠦᠨ ᠰᠦᠪᠡᠭᠴᠢᠯᠡᠵᠦ ᠂ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠭᠦᠢᠴᠡᠳ ᠴᠢᠯᠦᠭᠡᠯᠡᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ | ᠵᠠᠩ ᠶᠢᠦ ᠰᠢᠶᠠ ᠬᠤᠷᠠᠯ ᠢ ᠡᠷᠬᠢᠯᠡᠵᠦ ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ ᠂ ᠵᠠᠩ ᠱᠧᠩ ᠮᠢᠨ | ᠬᠤᠷᠠᠯ ᠳᠤ ᠣᠷᠣᠯᠴᠠᠪᠠ ᠃ | | | |