| ︱ 2024 ᠣᠨ ᠤ 1 ᠰᠠᠷ᠎ᠠ ᠶᠢᠨ 25 ᠤ ᠡᠳᠦᠷ ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠠ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠬᠤᠰᠢᠭᠤᠨᠤ ᠤᠷᠤᠯᠠᠬᠴᠢ ᠳᠠᠷᠤᠭ᠎ᠠ ᠸᠠᠩ ᠭᠦᠸᠧ ᠴᠢᠤᠸᠠᠨ | ᠲᠥᠯᠥᠭᠡᠯᠡᠭᠴᠢᠳ ᠠ᠋᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠳᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ ᠂ ᠬᠢᠨᠠᠨ ᠵᠥᠪᠯᠡᠬᠦ ᠪᠣᠯᠪᠠᠤ ᠂ ᠤᠯᠤᠰ | ᠳᠣᠶᠢᠷᠤ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠬᠤ ᠡᠬᠢᠯᠡᠯᠲᠡ ᠶᠢᠨ ᠵᠢᠯ ᠪᠤᠯᠤᠨ᠎ᠠ᠃ | ᠨᠢᠭᠡ ᠵᠢᠯ ᠤᠨ ᠲᠤᠷᠰᠢ ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠦᠬᠦ ᠺᠠᠳ᠋ᠷ ᠤᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠂ ᠬᠤᠶᠠᠷ ᠶᠡᠭᠡ ᠶᠠᠪᠤᠳᠠᠯ | ᠪᠣᠯᠣᠨ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ ᠂ | ᠬᠦᠴᠢᠷ ᠢ ᠲᠤᠭᠤᠯᠤᠨ ᠪᠡᠷᠭᠡ ᠶᠢ ᠳᠠᠪᠠᠵᠤ ᠂ ᠨᠢᠭᠡ ᠬᠤᠪᠢ ᠭᠡᠷᠡᠯ ᠰᠠᠴᠤᠷᠠᠩᠭᠤᠢ ᠠᠮᠵᠢᠯᠲᠠ ᠶᠢᠨ ᠬᠠᠭᠤᠳᠠᠰᠤ ᠲᠤᠰᠢᠶᠠᠵᠠᠢ ᠃ ᠪᠥᠬᠦ ᠵᠢᠯ ᠳᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠭᠡᠢ ᠥᠷᠲᠡᠭ 1400 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ ᠂ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ 170 ᠳ᠋ᠦᠩᠰᠢᠭᠤᠷ ᠲᠥᠭᠦᠷᠢᠭ ᠢ ᠳᠠᠪᠠᠵᠤ ᠂ ᠭᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 13.8% ᠪᠠᠷ ᠨᠡᠮᠡᠭᠳᠡᠵᠦ ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠬᠰᠠᠨ ᠪᠦᠬᠦ ᠲᠤᠭ᠎ᠠ ᠂ ᠰᠠᠭᠤᠭᠠᠯᠢ ᠠᠷᠠᠳ ᠤᠨ | ᠣᠷᠣᠯᠭ᠎ᠠ ᠲᠣᠭᠲᠠᠭᠤᠨ ᠢᠶᠠᠷ ᠨᠡᠮᠡᠭᠳᠡᠪᠡ ᠃ ᠠᠵᠤ ᠠᠬᠤᠢ ᠶᠢᠨ ᠶᠡᠷᠦᠩᠬᠡᠢ ᠬᠡᠮᠵᠢᠶ᠎ᠡ᠂ ᠬᠥᠭᠵᠢᠯᠲᠡ ᠶᠢᠨ ᠬᠤᠷᠳᠤᠴᠠ ᠨᠢ ᠪᠦᠬᠦ ᠣᠷᠣᠨ ᠳᠤ ᠳᠡᠷᠢᠬᠦᠯᠡᠵᠤ ᠂ ᠪᠦᠬᠦ | ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠵᠠᠭᠤᠨ ᠬᠦᠴᠦᠷᠬᠡᠭ ᠰᠢᠶᠠᠨ ᠬᠤᠳᠠ ᠶᠢᠨ ᠡᠮᠦᠨ᠎ᠡ 30 ᠬᠦᠴᠦᠷᠬᠡᠭ ᠲᠤ ᠯᠠᠪᠳᠠᠭᠤᠨ ᠢᠶᠠᠷ ᠵᠢᠬᠰᠠᠭᠠᠬᠳᠠᠵᠠᠢ᠃ | —— ᠠᠵᠤ ᠦᠢᠯᠡᠳᠪᠦᠷᠢ ᠶᠢᠨ︽ ᠳᠤᠯᠭᠠᠭᠤᠷᠢᠯᠠᠬᠴᠢ︾ ᠶᠢᠨ ᠦᠢᠯᠡᠳᠦᠯ ᠪᠦᠬᠦ ᠲᠠᠯ᠎ᠠ ᠪᠠᠷ ᠲᠣᠪᠣᠶᠢᠮ᠎ᠠ ᠪᠣᠯᠪᠠ᠃ ᠪᠦᠬᠦ ᠵᠢᠯ ᠳᠤ 3.65 ᠳ᠋ᠦᠩᠰᠢᠭᠤᠷ ᠲᠣᠨ | ᠨᠡᠭᠦᠷᠡᠰᠦ ᠶᠢ ᠪᠣᠷᠣᠯᠠᠭᠤᠯᠵᠤ ᠂ 480 ᠳ᠋ᠦᠩᠰᠢᠭᠤᠷ ᠭᠷᠡᠳᠦ᠋ᠰ ᠤᠨ ᠴᠠᠬᠢᠯᠭᠠᠨ ᠭᠠᠷᠭᠠᠵᠤ ᠂ 25 ᠮᠤᠵᠢ ᠣᠷᠣᠨ ᠬᠤᠳᠠ ᠶᠢᠨ ᠡᠨᠧᠷᠭᠢ ᠶᠢᠨ ᠬᠠᠩᠭᠠᠯᠭ᠎ᠠ ᠶᠢ | ᠪᠠᠲᠤᠯᠠᠪᠠ᠃ ᠵᠢᠩ ᠲᠠᠢ ᠰᠤᠸᠠᠨ ᠼᠢ ᠭᠸᠤ ᠶᠢᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠂ ᠤᠯᠤᠰ ᠤᠨ ᠴᠠᠬᠢᠯᠭᠠᠨ ᠬᠦᠴᠦᠨ ᠤ | ᠪᠦᠲᠦᠭᠡᠨ ᠪᠠᠶᠢᠭᠤᠯᠤᠯᠲᠠ ᠪᠡᠯᠡ ᠣᠷᠣᠭᠤᠯᠤᠯᠲᠠ ᠶᠢᠨ ᠴᠠᠩ ᠲᠠᠨ ᠤ ᠴᠠᠬᠢᠯᠭᠠᠨ ᠦᠢᠯᠡᠳᠪᠦᠷᠢ ᠶᠢ ᠪᠦᠳᠤᠭᠡᠨ ᠪᠠᠶᠢᠭᠤᠯᠵᠤ ᠲᠣᠣᠷ ᠲᠤ ᠨᠡᠶᠢᠯᠡᠭᠦᠯᠤᠨ ᠂ ᠨᠡᠭᠦᠷᠡᠰᠦ | ᠴᠠᠬᠢᠯᠭᠠᠨ ᠤ ᠮᠠᠰᠢᠨ ᠴᠣᠭᠴᠠᠯᠠᠪᠤᠷᠢ ᠶᠢ 264 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠪᠡ᠃ ᠰᠢᠩ ᠶᠠᠩ ᠳᠡᠭᠡᠳᠦ ᠰᠢᠨ᠎ᠡ ᠮᠡᠷᠭᠡᠵᠢᠯ ᠤᠨ ᠴᠠᠬᠢᠭᠤᠷ ᠢᠶᠠᠷ | ᠰᠠᠭᠤᠷᠢ ᠪᠣᠯᠭᠠᠭᠰᠠᠨ ᠮᠠᠲ᠋ᠧᠷᠢᠶᠠᠯ ᠂ ᠬᠤᠢ ᠨᠧᠩ ᠤᠨ ᠴᠠᠩ ᠲᠠᠨ ᠵᠠᠳᠠᠭᠠᠢ ᠨᠡᠬᠦᠷᠡᠰᠤᠨ ᠠᠭᠤᠷᠬᠠᠢ ᠵᠡᠷᠭᠡ 22 ᠴᠢᠨᠠᠷ ᠰᠠᠶᠢᠲᠠᠢ ᠠᠵᠤ ᠦᠢᠯᠡᠳᠪᠦᠷᠢ ᠶᠢᠨ ᠳᠦᠷᠤᠯ | ᠵᠤᠶᠢᠯ ᠢ ᠲᠦᠷᠭᠡᠳᠭᠡᠨ ᠪᠦᠲᠦᠭᠡᠨ ᠪᠠᠶᠢᠭᠤᠯᠪᠠ᠃ ᠪᠦᠬᠦ ᠤᠯᠤᠰ ᠤᠨ ᠠᠵᠤ ᠦᠢᠯᠡᠳᠪᠦᠷᠢ ᠶᠢᠨ ᠵᠠᠭᠤᠨ ᠬᠦᠴᠦᠷᠬᠡᠭ ᠰᠢᠶᠠᠨ ᠤ 21 ᠳ᠋ᠤᠭᠡᠷ ᠲᠤ ᠵᠢᠭᠰᠠᠭᠠᠭᠳᠠᠵᠠᠢ ᠃ | | —— ᠡᠯ᠎ᠡ ᠵᠦᠢᠯ ᠤᠨ ︽ ᠳᠠᠭᠠᠭᠤᠯᠤᠬᠴᠢ︾ ᠶᠢᠨ ᠲᠤᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠪᠡ᠃ ᠤᠯᠤᠰ ᠂ ᠥᠪᠡᠷᠲᠡᠭᠡᠨ ᠵᠠᠰᠠᠬᠤ ᠣᠷᠣᠨ ᠂ ᠬᠤᠲᠠ | ᠭᠤᠷᠪᠠᠨ ᠱᠠᠲᠤᠨ ᠤ 45 ᠬᠡᠪ ᠳᠠᠭᠤᠷᠢᠶᠠᠯ ᠢ ᠡᠭᠦᠳᠦᠨ ᠪᠠᠶᠢᠭᠤᠯᠪᠠ ᠃ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ | ᠬᠥᠷᠥᠩᠭᠡ ᠶᠢᠨ ᠪᠦᠬᠦ ᠳᠤᠭ᠎ᠠ ᠂ ᠡᠵᠡᠩᠨᠡᠯᠲᠡ ᠶᠢᠨ ᠣᠷᠣᠯᠭ᠎ᠠ ᠨᠢ ᠴᠥᠮ ᠳᠡᠭᠡᠭᠰᠢᠯᠡᠪᠡ ᠃ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠡᠮ ᠡᠮᠨᠡᠯᠭᠡ ᠡᠷᠡᠭᠦᠯ ᠬᠠᠮᠠᠭᠠᠯᠠᠯ ᠂ | ᠰᠣᠶᠣᠯ ᠤᠨ ᠦᠢᠯᠡᠰ ᠵᠡᠷᠭᠡ ᠬᠦᠷᠢᠶ᠎ᠠ ᠴᠠᠷᠠᠭᠠᠨ ᠤ ᠥᠭᠡᠷᠡᠴᠢᠯᠡᠯᠲᠡ ᠰᠢᠨ᠎ᠡ ᠦᠷ᠎ᠡ ᠪᠦᠲᠦᠮᠵᠢ ᠣᠯᠵᠤ ᠂ ᠤᠯᠤᠰ ᠤᠨ ᠠᠩᠬᠠᠳᠤᠭᠠᠷ ᠬᠤᠭᠤᠴᠠᠭᠠᠨ ᠤ ︽ᠣᠷᠣᠨ | ᠨᠤᠲᠤᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ︾ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠪᠡ᠃ | —— ᠰᠢᠨᠵᠢᠯᠡᠬᠦ ᠤᠬᠠᠭᠠᠨ ᠤ ᠰᠤᠳᠤᠯᠭᠠᠨ ᠤ︽ᠲᠦᠯᠬᠢᠭᠴᠢ︾ ᠨᠢ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠬᠥᠳᠡᠯᠭᠡᠭᠦᠷ ᠢ ᠨᠣᠴᠣᠭᠠᠪᠠ᠃ ᠨᠡᠭᠦᠷᠡᠰᠤ | ᠬᠢᠮᠢ ᠶᠢᠨ ᠠᠵᠤ ᠦᠢᠯᠡᠳᠪᠦᠷᠢ ᠵᠢᠴᠢ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠮᠡᠷᠭᠡᠵᠢᠯ ᠤᠨ ᠬᠤᠯᠪᠣᠭ᠎ᠠ ᠶᠢ ᠪᠠᠶᠢᠭᠤᠯᠵᠤ ᠂ | 15 ᠳ᠋ᠣᠺᠲ᠋ᠣᠷ ᠢ ᠤᠶᠠᠨ ᠬᠠᠳᠠᠨ ᠢᠶᠠᠷ ᠣᠷᠣᠭᠤᠯᠤᠨ ᠠᠪᠴᠢᠷᠠᠪᠠ᠃ 29 ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠵᠦᠢᠯ ᠢ ᠨᠤᠲᠠᠯᠠᠨ ᠲᠣᠭᠲᠠᠭᠠᠵᠤ ᠂ | ᠵᠡᠬᠦᠠᠭᠠᠷ ᠤᠨ ᠡᠨᠧᠷᠬᠢ ᠶᠢᠨ ᠪᠦᠯᠦᠭᠯᠡᠯ ᠤᠨ︽ᠰᠢᠨ᠎ᠡ ᠬᠡᠯᠪᠡᠷᠢ ᠶᠢᠨ ᠨᠡᠭᠦᠷᠡᠰᠦ ᠪᠠᠷ ᠰᠠᠭᠤᠷᠢ ᠪᠣᠯᠭᠠᠭᠰᠠᠨ ᠨᠠᠨᠤᠮᠧᠲᠷ ᠨᠡᠭᠦᠷᠡᠰᠤᠲᠥ᠋ᠷᠥᠭᠴᠢ ᠤᠰᠤᠲᠥ᠋ᠷᠥᠭᠴᠢ ᠶᠢᠨ | ᠳᠠᠷᠢ ᠵᠢᠴᠢ ᠦᠢᠯᠡᠳᠬᠦ ᠤᠷ᠎ᠠᠮᠡᠷᠭᠡᠵᠢᠯ︾ ᠨᠢ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠢᠶᠠᠷ ᠨᠤᠲᠠᠯᠠᠬᠳᠠᠨ ᠲᠣᠭᠲᠠᠭᠠᠬᠳᠠᠪᠠ᠃ ᠪᠥᠬᠦ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠰᠢᠶᠠᠨ ᠬᠤᠲᠠ ᠶᠢᠨ 84 ᠳ᠋ᠤᠭᠡᠷ ᠲᠤ ᠠᠮᠵᠢᠯᠲᠠ ᠲᠠᠢ ᠪᠠᠷ ᠣᠷᠣᠵᠤ ᠂ ᠥᠪᠡᠷᠲᠡᠭᠡᠨ ᠵᠠᠰᠠᠬᠤ | ᠣᠷᠣᠨ ᠤ ᠴᠣᠷ ᠤᠨ ᠭᠠᠭᠴᠠ ᠨᠡᠷᠡᠰ ᠤᠨ ᠵᠢᠭᠰᠠᠭᠠᠯᠲᠠ ᠳᠤ ᠣᠷᠣᠭᠰᠠᠨ ᠬᠤᠰᠢᠭᠤ ᠰᠢᠶᠠᠨ ᠪᠣᠯᠪᠠ ᠃ | —— ︽ᠤᠯᠠᠨ ᠬᠡᠮᠵᠢᠯᠲᠡ︾ ᠶᠢ ᠪᠠᠷᠢᠮᠲᠠᠯᠠᠵᠤ ᠬᠤᠳᠠ ᠶᠢᠨ ᠴᠢᠨᠠᠷ ᠳᠡᠰ ᠢ ᠳᠡᠭᠡᠭᠰᠢᠯᠡᠬᠦᠯᠪᠡ᠃ ᠬᠤᠶᠢᠳᠤ ᠠᠭᠤᠯᠠᠨ ᠤ ᠵᠠᠯᠭᠠᠯᠳᠤᠭᠰᠠᠨ ᠣᠷᠣᠨ ᠤ ᠪᠦᠲᠦᠭᠡᠨ | ᠪᠠᠶᠢᠭᠤᠯᠤᠯᠲᠠ ᠶᠢ ᠬᠦᠷ ᠬᠥᠭᠵᠢᠶᠡᠨ ᠲᠠᠢ ᠬᠢᠵᠦ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠂ ᠬᠤᠳᠠ ᠶᠢ ᠰᠢᠨᠡᠳᠬᠡᠬᠦ ᠵᠡᠷᠭᠡ ᠪᠠᠷᠢᠯᠭ᠎ᠠ ᠶᠢ | ᠪᠦᠬᠦ ᠲᠠᠯ᠎ᠠ ᠪᠠᠷ ᠡᠬᠢᠯᠡᠭᠦᠯᠵᠦ ᠂ 10 ᠵᠤᠷᠪᠤᠰ ᠬᠤᠳᠠ ᠶᠢᠨ ᠶᠠᠪᠤᠳᠠᠯ ᠤᠨ ᠵᠠᠮ ᠢ ᠵᠠᠰᠠᠵᠤ ᠳᠠᠭᠤᠰᠬᠠᠨ ᠲᠡᠷᠭᠡ ᠨᠡᠪᠲᠡᠷᠡᠭᠦᠯᠵᠤ ᠂ ᠵᠡᠭᠦᠨᠭᠠᠷ ᠬᠥᠭᠦᠷᠭᠡ᠂ ᠺᠠᠢ ᠶᠤᠸᠠᠨ | ᠬᠥᠭᠦᠷᠭᠡ ᠶᠢ ᠥᠷᠭᠡᠳᠬᠡᠨ ᠠᠰᠢᠭᠯᠠᠯᠲᠠ ᠳᠤ ᠣᠷᠣᠭᠤᠯᠪᠠ᠃ ︽ ᠪᠥᠬᠦ ᠤᠯᠤᠰ ᠤᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠴᠢᠨᠠᠷᠵᠢᠯ ᠤᠨ ᠵᠠᠭᠤᠨ | ᠬᠦᠴᠦᠷᠬᠡᠭ ᠰᠢᠶᠠᠨ ᠬᠤᠲᠠ ︾ ᠪᠠᠷ ᠦᠨᠡᠯᠡᠭᠳᠡᠵᠦ ᠂ ︽ 2023 ᠫᠧᠩ ᠫᠠᠢ ᠬᠤᠲᠠ ᠶᠢᠨ ᠰᠢᠨᠡᠴᠢᠯᠡᠯᠲᠡ ᠶᠢᠨ ᠣᠨ ᠤ ᠨᠡᠷᠡᠰ ᠤᠨ ᠵᠢᠭᠰᠠᠭᠠᠯᠲᠠ ︾ ᠳᠤ | ᠰᠣᠩᠭᠤᠭᠳᠠᠨ ᠂ ᠪᠠᠷᠠᠭᠤᠨ ᠣᠷᠣᠨ ᠤ ᠠᠩᠬᠠᠳᠠᠭᠴᠢ ︽ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ︾ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠦᠨᠡᠯᠡᠭᠳᠡᠭᠰᠡᠨ | ᠰᠢᠶᠠᠨ ᠤ ᠤᠷᠤᠨ ᠪᠦᠰᠡ ᠶᠢᠨ ᠬᠤᠲᠠ ᠪᠣᠯᠪᠠ ᠃ | ᠲᠥᠯᠥᠭᠡᠯᠡᠭᠴᠢᠳ ᠠ᠋ ︕ ᠡᠳᠡᠭᠡᠷ ᠠᠮᠵᠢᠯᠳᠠ ᠪᠦᠳᠤᠮᠵᠢ ᠶᠢ ᠦᠵᠡᠬᠦ ᠳᠤ ᠡᠭᠡᠯ ᠶᠡᠷᠦᠮᠳᠡᠭ ᠴᠦ ᠦᠨᠡᠨᠳᠡᠭᠡᠨ ᠶᠡᠷᠦ ᠪᠤᠰᠤ ᠶᠢᠨ ᠮᠦᠷᠳᠡᠭᠡᠨ ᠬᠠᠲᠠᠭᠤ | ᠪᠡᠷᠬᠡᠰᠢᠶᠡᠯ ᠲᠠᠢ ᠶᠤᠮ ᠃ ᠥᠩᠭᠡᠷᠡᠭᠰᠡᠨ ᠨᠢᠭᠡ ᠵᠢᠯ ᠳᠤ ᠂ ᠬᠤᠰᠢᠭᠤ ᠲᠠᠶᠠᠭᠠᠷ ᠢᠶᠠᠨ ᠦᠨᠡᠨ ᠪᠣᠳᠠᠲᠠᠢ ᠠᠵᠢᠯᠯᠠᠬᠤ ᠪᠠᠷ ᠠᠵᠠ ᠲᠣᠬᠢᠶᠠᠯ ᠢ ᠵᠠᠪᠳᠤᠨ ᠠᠳᠬᠤᠵᠤ ᠂ | ᠵᠤᠷᠢᠬᠳᠠᠢ ᠡᠬᠦᠷᠭᠡᠯᠡᠯ ᠢᠶᠠᠷ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠠᠬᠢᠴᠠ ᠲᠠᠢ ᠪᠤᠯᠵᠤ ᠂ | ᠬᠥᠮᠥᠰ ᠤᠨ ᠰᠡᠳᠬᠢᠯ ᠢ ᠵᠣᠷᠢᠭᠵᠢᠭᠤᠯᠤᠮ᠎ᠠ ᠰᠢᠨ᠎ᠡ ᠳᠦᠷᠬᠦ ᠪᠠᠶᠢᠳᠠᠯ ᠢ ᠢᠯᠡᠷᠡᠭᠦᠯᠪᠡ ᠃ | ᠨᠢᠭᠡ ᠳᠤ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠭᠴᠢ ᠬᠦᠴᠤᠨ ᠦᠷᠭᠦᠯᠵᠢᠯᠡᠨ ᠴᠢᠩᠭᠠᠷᠠᠪᠠ᠃ ᠪᠦᠬᠦ ᠤᠯᠤᠰ ᠤᠨᠠᠩᠬᠠᠳᠠᠭᠴᠢ ᠲᠦᠮᠡᠨ ᠲᠣᠨ ᠤ | ᠲᠡᠰ ᠤᠨ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠪᠤᠷᠢᠯᠡᠬᠦ ᠳᠦᠷᠤᠯ ᠵᠤᠶᠢᠯ ᠤᠨ ︽ᠤᠰᠤᠲᠥ᠋ᠷᠥᠭᠴᠢ︾ ᠶᠢ ᠠᠮᠵᠢᠯᠲᠠ ᠲᠠᠢ ᠪᠠᠷ ᠤᠶᠢᠯᠡᠳᠪᠤᠷᠢᠯᠡᠨ ᠭᠠᠷᠭᠠᠵᠤ ᠂ | ᠢᠦᠢ ᠵᠢᠩ ᠰᠢᠯ ᠤᠨ ᠨᠢᠭᠡᠳᠦᠭᠡᠷ ᠬᠤᠭᠤᠴᠠᠭ᠎ᠠ᠂ ᠶᠤᠸᠠᠨ ᠵᠢᠩ 5GW ᠰᠠᠯᠬᠢᠨ ᠬᠦᠴᠦᠨ ᠤ ᠮᠠᠰᠢᠨ ᠴᠤᠬᠴᠠᠯᠠᠪᠤᠷᠢ ᠵᠡᠷᠭᠡ ᠳᠦᠷᠤᠯ ᠵᠤᠶᠢᠯ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠵᠤ ᠂ 400 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠭᠡᠷᠡᠯ ᠸᠣᠯᠲ ᠤᠨ ᠰᠠᠭᠤᠷᠢᠨ ᠭᠠᠵᠠᠷ ᠂ | ᠰᠢᠨ᠎ᠡ ᠶᠢ ᠡᠭᠦᠳᠬᠦ ᠮᠠᠲ᠋ᠧᠷᠢᠶᠠᠯ ᠵᠡᠷᠭᠡ ᠳᠦᠷᠤᠯ ᠵᠤᠶᠢᠯ ᠢ ᠯᠠᠪᠳᠠᠭᠤᠨ ᠢᠶᠠᠷ ᠠᠬᠢᠭᠤᠯᠪᠠ᠃ ᠲᠡᠮᠦᠷ ᠵᠠᠮ ᠤᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ 4 | ᠳᠦᠷᠤᠯ ᠵᠤᠶᠢᠯ ᠢ ᠲᠡᠷᠭᠡ ᠨᠡᠪᠲᠡᠷᠡᠭᠦᠯᠦᠨ ᠠᠵᠢᠯᠯᠠᠭᠤᠯᠵᠤ ᠂ ᠲᠡᠭᠡᠭᠡᠪᠦᠷᠢᠯᠡᠬᠦ ᠬᠦᠴᠦᠨ ᠢ 4000 ᠲᠦᠮᠡᠨ ᠲᠣᠨ ᠰᠢᠨ᠎ᠡ ᠪᠠᠷ ᠨᠡᠮᠡᠭᠳᠡᠭᠦᠯᠪᠡ᠃ ᠬᠠᠲᠤᠨ | ᠭᠤᠣᠯ ᠤᠨᠲ᠋ᠤᠮᠤ ᠬᠠᠪᠴᠢᠯ ᠳᠤ ︽ ᠨᠢᠭᠡ ᠣᠩᠭᠤᠴᠠ ᠪᠠᠷ ᠬᠤᠶᠠᠷ ᠭᠠᠵᠠᠷ ᠲᠤ ᠵᠤᠭᠠᠴᠠᠬᠤ ᠂ ᠨᠢᠭᠡ ᠪᠢᠯᠧᠲ ᠢᠶᠠᠷ ᠬᠤᠶᠠᠷ ᠭᠠᠵᠠᠷ ᠲᠤ ᠨᠡᠪᠲᠡᠷᠡᠬᠦ ︾ ᠶᠢ ᠨᠢᠭᠡ | ᠴᠣᠭᠴᠠᠵᠢᠭᠤᠯᠤᠨ ᠡᠵᠡᠩᠨᠡᠬᠦ ᠶᠢ ᠪᠡᠶᠡᠯᠡᠭᠦᠯᠵᠦ ᠂ ᠠᠯᠢ ᠣᠯᠠᠨ ᠰᠣᠶᠣᠯ ᠵᠤᠭᠠᠴᠠᠯ ᠪᠠᠶᠠᠷ ᠳᠤᠷᠠᠰᠬᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠨ ᠬᠢᠵᠤ ᠂ | ᠵᠤᠭᠠᠴᠠᠭᠰᠠᠳ ᠢ 150 ᠲᠦᠮᠡ ᠰᠢᠬᠠᠮ ᠬᠥᠮᠥᠨ ᠤᠳᠠᠭ᠎ᠠ ᠭᠥᠯᠢᠶᠡᠨ ᠠᠪᠴᠤ ᠂ 8.6 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠪᠡᠶᠡᠯᠡᠭᠦᠯᠪᠡ ᠃ | ᠠᠮᠤ ᠪᠤᠳᠠᠭᠠᠨ ᠤ ᠶᠡᠷᠦᠩᠬᠡᠢ ᠤᠨᠠᠯᠲᠠ 4.8 ᠳ᠋ᠦᠩᠰᠢᠭᠤᠷ ᠵᠢᠩ ᠂ ᠮᠢᠬᠠᠨ ᠤ ᠳᠦᠷᠤᠯ 1.7 ᠲᠦᠮᠡᠨ ᠲᠣᠨ ᠳᠤ ᠬᠦᠷᠴᠦ ᠂ ᠠᠷᠠᠳ ᠤᠯᠠᠨ ᠤ ︽ ᠠᠮᠤ | ᠬᠦᠨᠡᠰᠦᠨ ᠤ ᠤᠭᠤᠲᠠ ︾ ᠂ ︽ ᠮᠢᠬᠠᠨ ︾ ᠤ ᠬᠠᠩᠭᠠᠯᠭ᠎ᠠ ᠨᠡᠩ ᠡᠯᠪᠡᠭ ᠳᠡᠯᠪᠡᠭ ᠪᠣᠯᠪᠠ ᠃ ᠲᠦᠩ ᠸᠧᠢ ᠶᠢᠨ ᠲᠦᠮᠡᠨ ᠦᠬᠡᠷ ᠲᠡᠵᠢᠭᠡᠨ ᠦᠷᠡᠵᠢᠭᠦᠯᠬᠦ ᠂ ᠢᠦᠢ | ᠾᠧ ᠶᠢᠨ 1 ᠳ᠋ᠦᠩᠰᠢᠭᠤᠷ ᠰᠢᠬᠢᠷᠯᠢᠭ ᠰᠢᠯᠦᠬᠡᠢ ᠡᠷᠳᠡᠨᠢ ᠰᠢᠰᠢ ᠂ ᠬᠦᠸᠧ ᠵᠢᠢ ᠬᠤᠸᠠ ᠵᠡᠷᠭᠡ ᠨᠢᠭᠡ ᠪᠦᠯᠦᠭ ᠬᠡᠪᠴᠢᠶᠡᠵᠢᠯ ᠲᠠᠢ ᠂ ᠥᠪᠡᠷᠮᠢᠴᠡ ᠣᠨᠴᠠᠯᠢᠭ ᠲᠠᠢ | ᠴᠢᠨᠠᠷ ᠰᠠᠶᠢᠲᠠᠢ ᠳᠦᠷᠤᠯ ᠵᠤᠶᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠱᠢ ᠡᠯ ᠯᠢᠶᠠᠨ ᠴᠧᠩ ᠰᠢᠶᠠᠩ ᠨᠢ ᠪᠥᠬᠦ ᠤᠯᠤᠰ ᠤᠨ | ᠠᠩᠬᠠᠳᠠᠭᠴᠢ ︽ ᠳᠤᠮᠳᠠᠳᠤ ᠤᠯᠤᠰ ᠤᠨ ᠡᠯᠡᠰᠦᠨ ᠴᠥᠯ ᠤᠨ ᠠᠮᠲᠠᠲᠤ ᠡᠷᠳᠡᠨᠢ ᠰᠢᠰᠢ ᠶᠢᠨ ᠨᠤᠲᠤᠭ ︾ ᠤᠨ ᠢᠷᠠᠭᠤ ᠠᠯᠳᠠᠷ ᠢ ᠭᠥᠷᠳᠡᠪᠡ ᠃ | ᠬᠤᠶᠠᠷ ᠲᠤ ᠠᠮᠢ ᠠᠬᠤᠢ ᠣᠷᠴᠢᠨ ᠳᠤᠭᠤᠷᠢᠨ ᠤ ᠴᠢᠨᠠᠷᠵᠢᠯ ᠢᠯᠡᠳᠲᠡ ᠰᠠᠶᠢᠵᠢᠷᠠᠪᠠ᠃ ᠬᠠᠲᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠵᠢᠴᠢ ︽ᠵᠠᠭᠤᠨ ᠲᠦᠮᠡᠨ ᠮᠦ ᠤᠨ ᠳᠥᠷᠪᠡᠨ ︾ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠵᠦ ᠂ 28.8 | ᠲᠦᠮᠡᠨ ᠮᠦ ᠣᠶ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠂ 20 ᠲᠡᠭᠰᠢ ᠳᠥᠷᠪᠡᠯᠵᠢᠨ ᠺᠢᠯᠣᠮᠧᠲᠷ | ᠬᠥᠷᠥᠰᠥ ᠰᠢᠷᠣᠢ ᠶᠢᠨ ᠢᠳᠡᠭᠳᠡᠯ ᠢ ᠵᠠᠰᠠᠪᠠ ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ 20 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ | ᠨᠡᠶᠢᠲᠡᠯᠡᠵᠦ ᠂ ᠵᠡᠬᠦᠠᠭᠠᠷ ᠤᠨ ᠡᠨᠧᠷᠭᠢ ᠶᠢᠨ ᠪᠦᠯᠦᠭᠯᠡᠯ ᠤᠨ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ ᠨᠢ ᠥᠪᠡᠷᠲᠡᠭᠡᠨ ᠵᠠᠰᠠᠬᠤ ᠣᠷᠣᠨ ᠤ ᠲᠦᠷᠦᠭᠦᠸ | ᠪᠦᠯᠦᠭ ︽ ᠬᠤᠶᠠᠷ ᠠᠭᠤᠯᠠ ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ ᠰᠣᠩᠭᠤᠬᠳᠠᠨ ᠣᠷᠣᠵᠤ ᠂ ᠵᠡᠭᠦᠨᠭᠠᠷ ᠵᠣᠣ ᠪᠠᠯᠭᠠᠰᠤ ᠶᠢᠨ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢ ᠰᠡᠷᠭᠦᠭᠡᠨ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠨᠢ ᠪᠥᠬᠦ ᠣᠷᠣᠨ ᠤ | ᠲᠥᠯᠥᠭᠡᠯᠡᠭᠴᠢ ᠬᠡᠷᠡᠭ ᠤᠨ ᠵᠢᠱᠢᠶ᠎ᠡ ᠪᠠᠷ ᠦᠨᠡᠯᠡᠭᠳᠡᠪᠡ ᠃ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ | ᠥᠭᠡᠷᠡᠴᠢᠯᠡᠯᠲᠡ ᠶᠢ ᠪᠡᠶᠡᠯᠡᠭᠦᠯᠦᠭᠰᠡᠨ ᠨᠣᠷᠮ᠎ᠠ ᠶᠢ 100% ᠳᠤ ᠬᠦᠷᠭᠡᠵᠦ ᠂ ᠲᠧᠩ ᠳ᠋ᠠ ᠯᠢ ᠮᠠᠭᠨᠢ ᠶᠢᠨ ᠦᠢᠯᠡᠰ ᠵᠡᠷᠭᠡ 8 ᠠᠵᠤ ᠠᠬᠤᠶᠢᠯᠠᠯ ᠳᠡᠭᠳᠡᠮᠡᠬᠡᠢ | ᠴᠢᠨᠠᠷᠲᠠᠢ ᠣᠷᠭᠠᠨᠢᠭ ᠪᠣᠳᠠᠰ ᠤᠨ ᠵᠠᠰᠠᠯᠲᠠ ᠶᠢ ᠪᠡᠶᠡᠯᠡᠭᠦᠯᠪᠡ ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠬᠰᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠠᠵᠢᠯ ᠯᠠᠪᠳᠠᠭᠤᠨ ᠢᠶᠠᠷ ᠠᠬᠢᠪᠠ ᠃ ᠠᠷᠢᠭᠤᠨ ᠴᠡᠪᠡᠷ | ᠡᠨᠧᠷᠭᠢ ᠪᠠᠷ ᠣᠷᠣᠯᠠᠭᠤᠯᠬᠤ ᠂ ᠴᠠᠬᠢᠯᠭᠠᠨ ᠴᠡᠨᠡᠭᠯᠡᠵᠤ ᠰᠣᠯᠢᠬᠤ ᠦᠷᠳᠡᠭᠡ ᠶᠢ ᠪᠠᠶᠢᠷᠢᠯᠠᠭᠤᠯᠬᠤ ᠲᠥᠯᠦᠪᠵᠢᠭᠦᠯᠭᠡ ᠶᠢ ᠲᠣᠭᠲᠠᠭᠠᠵᠤ ᠂ ᠠᠷᠢᠭᠤᠨ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠶᠢ 6844 ᠡᠷᠦᠬᠡ ᠳᠤ ᠪᠡᠶᠡᠯᠡᠭᠦᠯᠵᠦ ᠂ ︽ ᠪᠤᠬᠢᠷᠳᠤᠯ ᠦᠭᠡᠢ ᠴᠠᠬᠢᠯᠭᠠᠨ + ᠠᠷᠢᠭᠤᠨ ᠴᠡᠪᠡᠷ ᠡᠨᠧᠷᠭᠢ ᠶᠢᠨ ᠳᠤᠯᠠᠭᠠᠯᠠᠭ᠎ᠠ︾ | ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠵᠠᠭᠪᠤᠷ ᠢ ᠳᠡᠯᠭᠡᠷᠡᠭᠦᠯᠦᠨ ᠬᠡᠷᠡᠭᠯᠡᠪᠡ᠃ | ᠭᠤᠷᠪᠠ ᠳᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠠᠮᠢᠳᠤᠯᠢᠭ ᠬᠦᠴᠦᠨ ᠢ ᠪᠦᠬᠦ ᠲᠠᠯ᠎ᠠ ᠪᠠᠷ ᠬᠥᠭᠵᠢᠭᠡᠪᠡ᠃ ᠴᠢᠳᠠᠪᠤᠷᠢᠲᠠᠨ ᠤ ᠰᠢᠨ᠎ᠡ ᠲᠦᠷᠦ ᠶᠢᠨ ᠪᠣᠳᠣᠯᠭ᠎ᠠ | ᠶᠢᠨ 20 ᠵᠤᠷᠪᠤᠰ ᠢ ᠨᠡᠶᠢᠲᠡᠯᠡᠵᠦ ᠂ ᠵᠧᠵᠢᠶᠠᠩ᠂ ᠵᠢᠶᠠᠩᠰᠤ ᠂ ᠱᠠᠨᠰᠢ᠂ ᠪᠡᠭᠡᠵᠢᠩ ᠲᠢᠶᠠᠨᠵᠢᠨ ᠾᠧᠪᠧᠢ ᠳᠤ ᠰᠠᠭᠤᠭ᠎ᠠ ᠴᠢᠳᠠᠪᠤᠷᠢᠲᠠᠨ ᠤ ᠠᠵᠢᠯ ᠤᠨ ᠦᠷᠳᠡᠭᠡ ᠶᠢ | ᠪᠠᠶᠢᠭᠤᠯᠵᠤ ᠂ ᠡᠯ᠎ᠡ ᠬᠦᠷᠢᠶ᠎ᠠ ᠴᠠᠷᠠᠭᠠᠨ ᠤ ᠳᠡᠭᠡᠳᠦ ᠲᠡᠰ ᠤᠨ ᠴᠢᠳᠠᠪᠤᠷᠢᠲᠠᠨ ᠢ 1290 ᠤᠷᠢᠨ ᠠᠪᠴᠢᠷᠠᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ | ᠰᠢᠨ᠎ᠡ ᠪᠠᠷ16 ᠨᠡᠮᠡᠭᠳᠡᠪᠡ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠳᠤ ︽ ᠪᠡᠷᠢᠴᠠᠭᠠᠨ ᠤ ᠰᠧᠺᠦ᠋ᠨ᠋ᠳ᠋ ᠲᠤ ᠠᠯᠪᠠᠯᠠᠬᠤ ︾ ᠶᠢ ᠪᠡᠶᠡᠯᠡᠭᠦᠯᠵᠦ ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠲᠥᠷᠥᠯ ᠵᠦᠢᠯ ᠨᠢ ᠤᠯᠤᠰ ᠤᠨ ᠳᠤᠷᠰᠢᠯᠳᠠ ᠶᠢᠨ ᠴᠡᠭ ᠤᠨ ᠰᠢᠯᠭᠠᠨ ᠬᠤᠷᠢᠶᠠᠯᠳᠠ ᠶᠢ | ᠦᠩᠭᠡᠷᠡᠭᠡᠵᠡᠢ ᠃ ᠪᠦᠬᠦ ᠵᠢᠯ ᠳᠤ 6.9 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠷᠡᠬᠦᠯᠵᠤ ᠰᠦᠢᠳᠬᠡᠯ ᠢ ᠪᠠᠭᠤᠷᠠᠭᠤᠯᠤᠨ ᠂ ︽ᠪᠢ ᠠᠵᠤ ᠠᠬᠤᠶᠢᠯᠠᠯ ᠳᠤ | ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠬᠦ︾ ᠪᠠᠷ ᠭᠠᠷ ᠤᠨ ᠦᠰᠦᠭ ᠵᠢᠷᠤᠭᠰᠠᠨ ᠵᠣᠭᠤᠰᠤᠨ ᠲᠤᠭ᠎ᠠ 21.1 ᠳ᠋ᠦᠩᠰᠢᠭᠤᠷ ᠲᠥᠭᠦᠷᠢᠭ ᠲᠤ ᠬᠦᠷᠴᠦ ᠂ ᠵᠠᠰᠠᠭ | ᠪᠠᠩᠬᠢ ᠠᠵᠤ ᠠᠬᠤᠶᠢᠯᠠᠯ 251.6 ᠳ᠋ᠦᠩᠰᠢᠭᠤᠷ ᠲᠥᠭᠦᠷᠢᠭ ᠤᠨ ᠪᠡᠯᠡ ᠴᠤᠬᠯᠠᠭᠤᠯᠬᠤ ᠲᠤᠬᠠᠢ ᠵᠥᠪᠳᠡᠯᠴᠡᠪᠡ᠃ ᠰᠢᠩ ᠶᠠᠩ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠭᠤᠷᠪᠠᠳᠤᠭᠠᠷ ᠭᠡᠪᠯᠡᠯ ᠠᠮᠵᠢᠯᠲᠠ ᠲᠠᠢ ᠫᠠᠶᠢᠰᠠ ᠡᠯᠭᠦᠭᠰᠡᠨ ᠪᠥᠭᠡᠳ ᠤᠮᠠᠷᠠᠲᠤ ᠶᠢᠨ ᠠᠷᠠᠯᠵᠢᠶᠠᠨ ᠤ ᠭᠠᠵᠠᠷ ᠲᠤ ᠭᠤᠶᠤᠴᠢᠯᠠᠨ ᠮᠡᠳᠡᠭᠦᠯᠵᠦ ᠵᠠᠬ᠎ᠠ | ᠳᠡᠯᠭᠡᠭᠦᠷ ᠲᠤ ᠭᠠᠷᠪᠠ᠃ ᠷᠦᠩ ᠱᠧᠩ ᠂ ᠲᠦᠩ ᠸᠧᠢ ᠵᠡᠷᠭᠡ ᠴᠢᠬᠤᠯᠠ ᠶᠡᠭᠡ ᠲᠦᠷᠦᠯ ᠵᠦᠢᠯ ᠳᠤ ᠭᠠᠷ ᠤᠨ ᠦᠰᠦᠭ ᠵᠢᠷᠤᠵᠤ ᠂ ᠪᠦᠬᠦ ᠵᠢᠯ ᠤᠨ ᠠᠷᠠᠯᠵᠢᠶᠠᠴᠢᠨ | ᠤᠷᠢᠵᠤ ᠪᠡᠯᠡ ᠣᠷᠣᠭᠤᠯᠤᠬᠰᠠᠨ ᠪᠡᠯᠡ ᠮᠥᠩᠭᠦ 100 ᠳ᠋ᠦᠩᠰᠢᠭᠤᠷ ᠲᠥᠭᠦᠷᠢᠭ ᠢ ᠳᠠᠪᠠᠪᠠ ᠃ ︽ 2023 ᠣᠨ ᠤ ᠵᠢᠶᠠᠩᠰᠤ ᠶᠢᠨ ᠬᠤᠳᠠᠯᠳᠤᠭᠠᠴᠢᠳ ᠤᠨ ᠪᠡᠯᠡ | ᠣᠷᠣᠭᠤᠯᠤᠯᠲᠠ ᠶᠢᠨ ᠳᠤᠮᠳᠠᠳᠤ ᠤᠯᠤᠰ ᠤᠨ ᠲᠡᠷᠢᠭᠦᠨ ᠰᠣᠩᠭᠤᠯᠲᠠ ᠶᠢᠨ ᠬᠤᠲᠠ ︾ ᠪᠠᠷ ᠦᠨᠡᠯᠡᠭᠳᠡᠪᠡ ᠃ | ᠳᠥᠷᠪᠡ ᠳᠤ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠪᠠ᠃ ᠤᠰᠤ ᠴᠠᠬᠢᠯᠭᠠᠨ ᠰᠢᠳᠠᠮᠠᠬᠠᠢ ᠬᠡᠢ | ᠳᠤᠯᠠᠭᠠᠯᠠᠭ᠎ᠠ ᠴᠢᠮᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠬᠦᠯᠤᠨ ᠠᠬᠢᠭᠤᠯᠵᠤ ᠂ ᠬᠤᠳᠠ ᠶᠢᠨ | ᠲᠣᠭᠤᠷᠢᠭ ᠲᠤ ᠪᠠᠶᠢᠭᠠᠯᠢ ᠶᠢᠨ ᠰᠢᠲᠠᠮᠠᠬᠠᠢ ᠬᠡᠢ᠂ 5G ᠰᠦᠯᠵᠢᠶ᠎ᠡ ᠶᠢ ᠨᠡᠶᠢᠳᠡᠮ ᠪᠦᠷᠬᠦᠭᠦᠯᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ 10 | ᠳᠦᠷᠤᠯ ᠵᠤᠶᠢᠯ ᠂ 100 ᠲᠦᠮᠡᠨ ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠶᠢᠨ ᠪᠠᠷᠢᠯᠭ᠎ᠠ ᠶᠢᠨ ᠠᠵᠢᠯ ᠢ ᠡᠬᠢᠯᠡᠭᠦᠯᠵᠦ ᠂ 202 ᠢᠵᠢ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢ ᠴᠠᠭ ᠲᠤᠬᠠᠢ ᠳᠤᠨᠢ ᠲᠤᠰᠢᠶᠠᠪᠠ᠃ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤᠷᠠᠯᠴᠠᠭ᠎ᠠ ᠪᠠᠷ ᠬᠥᠳᠡᠭᠡ ᠲᠣᠰᠬᠤᠨ ᠤ | ᠠᠵᠤ ᠠᠬᠤᠢ ᠶᠢ ᠳᠠᠶᠢᠴᠢᠯᠠᠬᠤ ᠶᠢ ᠪᠠᠷᠢᠮᠲᠠᠯᠠᠵᠤ ᠂ 267 ᠲᠥᠷᠥᠯ ᠵᠦᠢᠯ ᠢ ᠬᠠᠮᠲᠤ ᠪᠠᠷ ᠪᠦᠳᠤᠭᠡᠨ ᠪᠠᠶᠢᠭᠤᠯᠬᠤ ᠶᠢ ᠬᠡᠷᠡᠭᠵᠢᠭᠦᠯᠦᠨ ᠂ ᠤᠷᠤᠨᠵᠢᠭᠤᠯᠤᠬᠰᠠᠨ ᠪᠡᠯᠡ | ᠮᠥᠩᠭᠦ ᠨᠢ10 ᠳ᠋ᠦᠩᠰᠢᠭᠤᠷ ᠲᠥᠭᠦᠷᠢᠭ ᠢ ᠳᠠᠪᠠᠵᠤ ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ | ᠪᠦᠬᠦᠨ ᠢᠶᠠᠷ ᠢᠶᠠᠨ 35 ᠲᠦᠮᠡᠨ ᠲᠥᠭᠦᠷᠢᠭ ᠢ ᠳᠠᠪᠠᠵᠤ ᠂ ᠪᠥᠬᠦ ᠬᠤᠲᠠ ᠳᠤ ᠳᠡᠷᠢᠬᠦᠯᠡᠪᠡ ᠃ 158 ᠭᠠᠴᠠᠭ᠎ᠠ ᠲᠣᠰᠬᠤᠨ ᠳᠤ ᠴᠥᠮ ᠠᠶᠢᠯ ᠲᠣᠰᠬᠤᠨ ᠤ | ᠠᠷᠢᠭᠤᠨ ᠴᠡᠪᠡᠷ ᠤᠨ ᠠᠵᠢᠯᠯᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ ᠂ ᠴᠠᠩ ᠱᠧᠩ ᠳ᠋ᠢᠶᠠᠨ ᠲᠣᠰᠬᠤᠨ ᠨᠢ ︽ | ᠭᠤᠷᠪᠠᠳᠤᠭᠠᠷ ᠪᠦᠯᠦᠭ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ︾ ᠢᠶᠠᠷ ᠰᠤᠩᠭᠤᠬᠳᠠᠪᠠ ᠃ ᠰᠢᠨ᠎ᠡ ᠪᠠᠷ ᠵᠠᠰᠠᠵᠤ | ᠥᠭᠡᠷᠡᠴᠢᠯᠡᠨ ᠵᠠᠰᠠᠭᠰᠠᠨ ᠬᠥᠳᠡᠭᠡ ᠲᠣᠰᠬᠤᠨ ᠤ ᠵᠠᠰᠠᠮᠠᠯ ᠵᠠᠮ 150 ᠺᠢᠯᠣᠮᠧᠲᠷ ᠢ ᠳᠠᠪᠠᠵᠤ ᠂ ᠨᠠᠷᠠᠰᠤᠨ ᠠᠴᠠ ᠯᠦᠩ ᠺᠸᠤ ᠬᠦᠷᠬᠦ ᠦᠨᠳᠤᠷ ᠬᠤᠷᠳᠤᠴᠠᠳᠤ | ᠵᠠᠰᠠᠮᠠᠯ ᠵᠠᠮ᠂ ᠴᠢᠩ ᠳ᠋ᠠ ᠵᠥᠷᠢᠯᠢᠭ ᠵᠠᠮ ᠬᠠᠷᠢᠯᠴᠠᠭ᠎ᠠ ᠵᠡᠷᠭᠡ ᠳᠦᠷᠤᠯ ᠵᠤᠶᠢᠯ ᠨᠢ ᠪᠠᠷᠢᠯᠭ᠎ᠠ ᠡᠬᠢᠯᠡᠬᠦᠯᠤᠨ ᠪᠦᠲᠦᠭᠡᠨ ᠪᠠᠶᠢᠭᠤᠯᠪᠡ᠃ | ᠲᠠᠪᠤ ᠳᠤ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠣᠭᠲᠠᠭᠤᠨ ᠢᠶᠠᠷ ᠳᠡᠭᠡᠭᠰᠢᠯᠡᠪᠡ ᠃ ᠪᠥᠬᠦ ᠵᠢᠯ ᠳᠤ ᠠᠷᠠᠳ ᠤᠨ ᠠᠮᠢᠳᠤᠷᠠᠯ ᠤᠨ ᠵᠠᠷᠤᠯᠭ᠎ᠠ | 127.3 ᠳ᠋ᠦᠩᠰᠢᠭᠤᠷ ᠲᠥᠭᠦᠷᠢᠭ ᠲᠤ ᠬᠦᠷᠴᠦ ᠂ ᠬᠤᠰᠢᠭᠤ ᠂ ᠰᠢᠶᠠᠩ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ111 ᠲᠥᠷᠥᠯ | ᠵᠦᠢᠯ ᠤᠨ ᠣᠨ ᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ ᠃ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠂ ᠮᠡᠷᠭᠡᠵᠢᠯ | ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠪᠠ ᠦᠢᠯᠡᠰ ᠪᠦᠳᠤᠭᠡᠬᠦ ᠳᠠᠭᠠᠭᠠᠯᠲᠠ ᠲᠠᠢ ᠵᠢᠭᠡᠯᠡᠯᠭᠡ ᠶᠢ 2445 ᠲᠦᠮᠡᠨ ᠲᠥᠭᠦᠷᠢᠭ ᠲᠠᠷᠬᠠᠭᠠᠵᠤ ᠂ ᠬᠤᠲᠠ | ᠪᠠᠯᠭᠠᠰᠤᠨ ᠤ 3405 ᠬᠥᠮᠥᠨ ᠳᠤ ᠰᠢᠨ᠎ᠡ ᠪᠠᠷ ᠠᠵᠢᠯ ᠣᠯᠭᠤᠪᠠ ᠃ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ | ᠰᠠᠨᠠᠯ ᠢ ᠨᠡᠶᠢᠲᠡᠯᠡᠵᠦ ᠂ ︽ ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ ︾ ᠶᠢ ᠭᠦᠨᠵᠡᠭᠡᠢ ᠠᠬᠢᠭᠤᠯᠵᠤ ᠂ ᠪᠦᠯᠦᠭᠯᠡᠯᠵᠢᠭᠦᠯᠦᠨ ᠰᠤᠷᠭᠠᠭᠤᠯᠢ ᠡᠷᠭᠢᠯᠡᠬᠦ | ᠦᠷ᠎ᠡ ᠪᠦᠲᠦᠮᠵᠢ ᠢᠯᠡᠳᠲᠡ ᠪᠣᠯᠵᠤ ᠂ ᠵᠡᠬᠦᠠᠭᠠᠷ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠨᠢ ︽ ᠪᠥᠬᠦ ᠤᠯᠤᠰ ᠤᠨ ᠰᠢᠯᠢᠳᠡᠭ ᠰᠤᠷᠭᠠᠭᠤᠯᠢ ︾ ᠶᠢᠨ ᠢᠷᠠᠭᠤ | ᠠᠯᠳᠠᠷ ᠢ ᠭᠥᠷᠳᠡᠪᠡ ᠃ ︽ ᠤᠯᠤᠰ ᠤᠨ ᠪᠠᠷᠢᠮᠵᠢᠶᠠᠵᠢᠭᠤᠯᠤᠭᠰᠠᠨ ᠡᠮᠡᠭᠲᠡᠢ ᠶᠢᠨ ᠰᠠᠯᠠᠭᠠᠨ ᠤ ᠡᠪᠡᠳᠴᠢᠨ ᠡᠮᠭᠡᠭ ᠢ ᠣᠨᠣᠰᠢᠯᠠᠨ ᠡᠮᠨᠡᠬᠦ ᠲᠥᠪ ︾ ᠂ ︽ ᠨᠡᠬᠦᠳᠡᠯ | ᠡᠮᠨᠡᠯᠭᠡ ᠶᠢᠨ ᠬᠤᠷᠢᠶ᠎ᠠ ︾ ᠶᠢᠨ ᠬᠠᠪᠰᠤᠷᠤᠨ ᠲᠡᠳᠬᠦᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ ᠂ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠂ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ ᠨᠢ ᠲᠣᠰ ᠲᠣᠰ ᠭᠤᠷᠪᠠᠳᠤᠭᠠᠷ ᠳᠡᠰ ᠤᠨ ᠬᠥᠬᠡᠭᠴᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠂ ᠭᠤᠷᠪᠠᠳᠤᠭᠠᠷ ᠳᠡᠰ ᠤᠨ ᠬᠥᠬᠡ | ᠬᠢᠲᠠᠳ ᠡᠮᠨᠡᠯᠭᠡ ᠶᠢᠨ ᠬᠤᠷᠢᠶ᠎ᠠ ᠪᠠᠷ ᠦᠨᠡᠯᠡᠭᠳᠡᠪᠡ ᠃ 10 ᠲᠦᠮᠡᠨ ᠲᠣᠨ ᠰᠡᠳᠬᠢᠯ ᠢ ᠳᠤᠯᠠᠭᠠᠴᠠᠭᠤᠯᠬᠤ ᠨᠡᠭᠦᠷᠡᠰᠦ ᠶᠢ ᠲᠠᠷᠬᠠᠭᠠᠵᠤ ᠂ 9 ᠲᠦᠮᠡ ᠭᠠᠷᠤᠢ | ᠬᠥᠮᠥᠨ ᠳᠤ ᠠᠰᠢᠭ ᠬᠦᠷᠲᠡᠭᠡᠪᠡ ᠃ 1980 ᠡᠷᠦᠬᠡ ᠶᠢᠨ ᠨᠠᠰᠤᠵᠢᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠨᠠᠭᠠᠲᠤ ᠵᠠᠬ᠎ᠠ ᠶᠢᠨ ᠬᠦᠯᠤᠰᠤ ᠤᠯᠭᠤᠮᠵᠢ ᠂ | ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠥᠨᠥᠴᠢᠨ ᠬᠦᠴᠢᠷᠳᠡᠯᠲᠡᠢ ᠬᠡᠦᠬᠡᠳ ᠤᠨ ᠪᠠᠲᠤᠯᠠᠭ᠎ᠠ ᠪᠠ ᠠᠰᠠᠷᠠᠨ ᠬᠠᠷᠠᠭᠠᠯᠵᠠᠬᠤ | ᠡᠲᠡᠭᠡᠳ ᠲᠤ ᠣᠯᠭᠤᠬᠤ ᠠᠰᠠᠷᠠᠮᠵᠢ ᠶᠢᠨ ᠨᠥᠬᠦᠪᠦᠷᠢ ᠶᠢᠨ ᠪᠠᠷᠢᠮᠵᠢᠶ᠎ᠠ ᠶᠢ ᠦᠷᠭᠦᠯᠵᠢᠯᠡᠨ ᠲᠣᠬᠢᠷᠠᠭᠤᠯᠤᠨ ᠨᠡᠮᠡᠭᠳᠡᠭᠦᠯᠪᠡ᠃ 29 ᠤᠷᠠᠨ ᠰᠠᠶᠢᠬᠠᠨ ᠤ ᠪᠦᠲᠦᠭᠡᠯ ᠢ | ᠰᠢᠨ᠎ᠡ ᠪᠠᠷ ᠵᠤᠬᠢᠶᠠᠨ ᠪᠦᠲᠦᠭᠡᠵᠦ ᠂ ︽ ᠭᠤᠣᠯ ᠭᠠᠲᠤᠯᠤᠬᠰᠠᠨ ᠨᠢ ︾ ᠭᠡᠬᠦ ᠪᠥᠵᠢᠭ ᠨᠢᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠥᠵᠢᠭ ᠤᠨ | ᠦᠵᠡᠭᠦᠯᠭᠡ ᠶᠢᠨ ᠲᠣᠭᠯᠠᠯᠲᠠ ᠶᠢᠨ ᠪᠦᠳᠤᠭᠡᠯ ᠢᠶᠠᠷ ᠰᠤᠩᠭᠤᠬᠳᠠᠪᠠ᠃ ᠪᠥᠬᠦ ᠤᠯᠤᠰ ᠤᠨ ᠬᠤᠶᠠᠳᠤᠭᠠᠷ ᠡᠭᠡᠯᠵᠢ ᠶᠢᠨ ᠣᠷᠣᠨ ᠨᠤᠲᠤᠭ ᠤᠨ ᠣᠶᠢᠯᠠᠯᠭ᠎ᠠ ᠶᠢ | ᠨᠠᠶᠢᠷᠠᠭᠤᠯᠤᠨ ᠪᠢᠴᠢᠬᠦ ᠠᠵᠢᠯ ᠢ ᠪᠡᠶᠡᠯᠡᠭᠦᠯᠵᠦ ᠂ ︽ ᠵᠡᠭᠦᠨᠭᠠᠷ ᠬᠤᠰᠢᠭᠤᠨ ᠤ ᠣᠶᠢᠯᠠᠯᠭ᠎ᠠ ︾ ᠶᠢ ᠬᠡᠪᠯᠡᠭᠦᠯᠪᠡ ᠃ ︽2023 ᠣᠨ ᠤ ᠪᠣᠳᠠᠰ ᠤᠨ ᠪᠤᠰᠤ | ᠰᠣᠶᠣᠯ ᠤᠨ ᠥᠪ ᠤᠨ ᠰᠢᠯᠢᠳᠡᠭ ᠬᠤᠳᠠ︾ ᠪᠠᠷ ᠦᠨᠡᠯᠡᠭᠳᠡᠪᠡ᠃ | ᠡᠭᠦᠨ ᠤ ᠬᠠᠮᠳᠤ ᠂ ᠪᠢᠳᠡ ᠠᠮᠤᠷ ᠳᠦᠪᠰᠢᠨ ᠬᠥᠭᠵᠢᠯᠲᠡ ᠂ ᠨᠡᠶᠢᠭᠡᠮ ᠤᠨ ᠵᠠᠰᠠᠯᠲᠠ ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠵᠢᠬᠦᠯᠤᠨ ᠂ ᠠᠶᠤᠯᠲᠠᠢ ᠬᠢᠮᠢ ᠶᠢᠨ ᠪᠤᠳᠠᠰ ᠂ ᠠᠭᠤᠷᠬᠠᠢ ᠂ ᠬᠤᠲᠠ ᠪᠠᠯᠭᠠᠰᠤᠨ ᠤ ᠰᠢᠲᠠᠮᠠᠬᠠᠢ ᠬᠡᠢ ᠂ ᠥᠪᠡᠰᠦᠪᠡᠨᠪᠠᠷᠢᠬᠰᠠᠨ ᠭᠡᠷ ᠂ | ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠠ ᠴᠠᠷᠠᠭᠠᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠡᠯ᠎ᠡ ᠲᠥᠷᠥᠯ ᠤᠨ ᠬᠡᠮ ᠰᠣᠭᠤᠭ ᠤᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠠᠷᠢᠯᠭᠠᠵᠤ ᠂ | ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠂ ᠠᠳᠡᠭᠰᠡᠨ ᠬᠥᠮᠥᠨ ᠤ ᠲᠤᠭ᠎ᠠ 4 ᠵᠢᠯ ᠳᠠᠷᠠᠭᠠᠯᠠᠨ ︽ ᠬᠤᠶᠠᠷ ᠲᠠᠯ᠎ᠠ ᠪᠠᠷ ᠢᠶᠠᠨ ᠪᠠᠭᠤᠷᠠᠪᠠ ︾ ᠃ ︽ | ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ︾ ᠢ ᠡᠭᠦᠳᠦᠨ ᠪᠠᠶᠢᠭᠤᠯᠬᠤ ᠪᠠᠷ ᠭᠤᠶᠤᠴᠢᠯᠠᠨ | ᠮᠡᠳᠡᠭᠦᠯᠵᠦ ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠢ ᠲᠡᠭᠦᠰ | ᠠᠮᠵᠢᠯᠲᠠ ᠲᠠᠢ ᠪᠡᠶᠡᠯᠡᠭᠦᠯᠦᠭᠡᠳ ᠂ ᠪᠥᠬᠦ ᠬᠤᠲᠠ ᠶᠢᠨ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ︽ ᠨᠠᠢᠮᠠ ᠦᠭᠡᠢ ︾ ᠬᠤᠰᠢᠭᠤ ᠣᠷᠣᠨ ᠢᠶᠠᠷ | ᠦᠨᠡᠯᠡᠭᠳᠡᠵᠦ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠳᠦᠷᠤᠯ ᠤᠨ ᠠᠵᠢᠯ ᠢᠯᠡᠳᠲᠡ ᠦᠷ᠎ᠡ ᠪᠦᠲᠦᠮᠵᠢ ᠣᠯᠪᠠ ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠲᠠᠢ ᠪᠠᠷ ᠬᠦᠯᠢᠶᠡᠨ ᠠᠪᠴᠤ ᠂ 192 ᠵᠦᠢᠯ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠪᠦᠬᠦᠨ ᠢ | ᠰᠢᠢᠳᠪᠦᠷᠢᠯᠡᠵᠦ ᠬᠠᠷᠢᠭᠤᠯᠲᠠ ᠥᠭᠴᠡᠢ ᠃ ︽ ᠭᠤᠷᠪᠠᠨ ᠴᠢᠬᠤᠯᠠ ᠨᠢᠭᠡ ᠳᠤᠮᠤ ︾ ᠶᠢᠨ ᠬᠠᠮᠲᠤ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠵᠡᠷᠭᠡ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ ᠂ ︽ ᠨᠠᠢᠮᠠᠳᠤᠭᠠᠷ ᠲᠠᠪᠤᠨ ᠵᠢᠯ ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠡᠮᠬᠢ ᠳᠢᠭᠯᠢᠮ ᠲᠠᠢ ᠥᠷᠨᠢᠭᠦᠯᠵᠦ ᠂ ︽ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠬᠤᠰᠢᠭᠤ ︾ ᠶᠢᠨ ᠢᠷᠠᠭᠤ ᠠᠯᠳᠠᠷ ᠢ ᠭᠥᠷᠳᠡᠪᠡ ᠃ | ᠡᠭᠦᠨ ᠠᠴᠠ ᠭᠠᠳᠠᠨ᠎ᠠ ᠂ ᠦᠨᠳᠦᠰᠦᠲᠡᠨ ᠱᠠᠰᠢᠨ ᠰᠤᠷᠲᠠᠬᠤᠨ ᠂ ᠬᠢᠨᠠᠨ ᠪᠤᠳᠤᠯᠳᠠ ᠲᠤᠭ᠎ᠠ ᠪᠦᠷᠢᠳᠬᠡᠯ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠂ ᠠᠷᠠᠳ ᠤᠨ ᠠᠭᠠᠷ ᠤᠨ ᠰᠡᠷᠭᠡᠶᠢᠯᠡᠯᠲᠡ ᠂ ᠲᠠᠩᠰᠠ ᠡᠪᠬᠡᠮᠡᠯ ᠲᠡᠦᠬᠡ ᠲᠡᠮᠳᠡᠭᠯᠡᠯ ᠂ ᠬᠠᠮ ᠵᠠᠭᠤᠴᠢᠯᠠᠭᠤᠷ ᠂ ᠴᠠᠭ ᠠᠭᠤᠷ ᠂ ᠰᠢᠤᠳᠠᠨ ᠂ ᠨᠢᠭᠤᠴᠠ ᠶᠢ | ᠬᠠᠮᠠᠭᠠᠯᠠᠬᠤ ᠵᠡᠷᠭᠡ ᠠᠵᠢᠯ ᠤᠨ ᠬᠢᠷᠢ ᠲᠦᠪᠰᠢᠨ ᠢ ᠰᠢᠨ᠎ᠡ ᠪᠠᠷ ᠳᠡᠭᠡᠭᠰᠢᠯᠡᠭᠦᠯᠵᠦ ᠂ ᠠᠵᠢᠯᠴᠢᠨ ᠤ ᠡᠪᠯᠡᠯ ᠂ ᠡᠮᠡᠭᠲᠡᠶᠢᠴᠦᠳ ᠬᠡᠦᠬᠡᠳ ᠂ ᠵᠠᠯᠠᠭᠤᠴᠤᠳ ᠪᠠᠭᠠᠴᠤᠳ ᠂ | ᠵᠡᠮᠳᠡᠭᠴᠦᠳ ᠂ ᠤᠯᠠᠭᠠᠨ ᠵᠠᠭᠠᠯᠮᠠᠶᠢᠲᠠᠨ ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠂ ᠨᠠᠰᠤᠲᠠᠶᠢᠴᠤᠳ ᠂ ᠨᠢᠭᠦᠯᠡᠰᠦᠩᠭᠦᠢ ᠶᠢᠨ ᠦᠢᠯᠡᠰ ᠪᠠ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠡᠯ᠎ᠡ ᠳᠦᠷᠤᠯ ᠤᠨ ᠠᠵᠢᠯ ᠢ ᠰᠢᠨ᠎ᠡ ᠳᠠᠪᠰᠢᠯᠲᠠ ᠲᠠᠢ ᠪᠣᠯᠭᠠᠪᠠ ᠃ | ᠲᠥᠯᠥᠭᠡᠯᠡᠭᠴᠢᠳ ᠠ᠋︕ ᠨᠢᠭᠡ ᠵᠢᠯ ᠤᠨ ᠳᠤᠷᠰᠢ ᠰᠠᠯᠬᠢ ᠪᠣᠷᠣᠭᠠᠨ ᠢ ᠲᠤᠭᠤᠯᠵᠤ ᠂ ᠠᠮᠵᠢᠯᠲᠠ ᠪᠦᠲᠦᠮᠵᠢ ᠶᠢ ᠲᠡᠶᠢᠮᠦ ᠬᠢᠯᠪᠠᠷᠬᠠᠨ ᠢᠶᠠᠷ ᠣᠯᠣᠭᠰᠠᠨ ᠪᠢᠰᠢ | ᠶᠤᠮ᠃ ᠡᠲᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠪᠤᠯᠬᠤ ᠶᠤᠮ ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ | ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠪᠤᠯᠬᠤ ᠶᠤᠮ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠪᠤᠯᠬᠤ ᠶᠤᠮ ᠂ ᠪᠥᠬᠦ ᠬᠤᠰᠢᠭᠤᠨ ᠤ ᠠᠷᠠᠳ ᠲᠦᠮᠡᠨ | ᠪᠦᠯᠬᠦᠮᠳᠡᠨ ᠨᠢᠭᠲᠠᠷᠠᠵᠤ ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠤᠯᠬᠤ ᠶᠤᠮ ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ | ᠳᠦᠯᠦᠭᠡᠯᠡᠨ ᠂ ᠵᠡᠭᠦᠨᠭᠠᠷ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠡᠯ᠎ᠡ ᠹᠷᠣᠨᠲ ᠲᠤ ᠴᠢᠷᠮᠠᠶᠢᠨ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠲᠦᠮᠡᠨ᠂ | ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | | ᠠᠮᠵᠢᠯᠲᠠ ᠪᠠᠨ ᠨᠤᠲᠠᠯᠠᠬᠤ ᠶᠢᠨ ᠬᠠᠮᠳᠤ ᠪᠢᠳᠡ ᠪᠠᠰᠠ ᠬᠥᠭᠵᠢᠯᠲᠡ ᠶᠢᠨ ᠳᠤᠮᠳᠠ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ | ᠰᠡᠷᠭᠡᠭ ᠢᠶᠠᠷ ᠲᠠᠨᠢᠵᠤ ᠣᠯᠵᠠᠢ ᠂ ᠡᠨᠡ ᠨᠢ ᠭᠤᠣᠯᠳᠠᠭᠤ ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠥᠨᠳᠥᠷ ᠰᠠᠭᠤᠷᠢ ᠲᠤᠭ᠎ᠠ ᠪᠠᠶᠢᠬᠤ ᠤᠷᠢᠲᠠᠯ ᠳᠣᠣᠷ᠎ᠠ | ᠪᠡᠶᠡᠯᠡᠭᠦᠯᠬᠦ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠤᠨ ᠳᠠᠷᠤᠯᠲᠠ ᠨᠡᠯᠢᠶᠡᠳ ᠶᠡᠭᠡ ᠪᠠᠶᠢᠨ᠎ᠠ ︔ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠪᠯᠡᠷᠡᠬᠦᠯᠬᠦ | ᠴᠢᠳᠠᠮᠵᠢ ᠴᠢᠩᠭ᠎ᠠ ᠪᠤᠰᠤ ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠳᠤᠬᠳᠠᠯᠴᠠᠭ᠎ᠠ ᠬᠠᠷᠠᠬᠠᠨ ᠪᠦᠷᠢᠯᠳᠦᠭᠡᠳᠦᠢ ᠪᠠᠶᠢᠨ᠎ᠠ ︔ | ᠲᠥᠷᠥᠯ ᠵᠦᠢᠯ ᠢ ᠨᠠᠶᠢᠳᠠᠪᠤᠷᠢᠵᠢᠭᠤᠯᠬᠤ ᠠᠬᠢᠴᠠ ᠤᠳᠠᠭᠠᠨ ᠪᠠᠶᠢᠵᠤ ᠂ ᠳᠠᠭᠠᠭᠤᠯᠤᠬᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢᠶᠠᠷ | ᠴᠢᠩᠭ᠎ᠠ ᠪᠤᠰᠤ ᠪᠠᠶᠢᠨ᠎ᠠ ︔ ᠡᠨᠧᠷᠭᠢ ᠶᠢᠨ ᠬᠢᠮᠢ ᠶᠢᠨ ᠦᠢᠯᠡᠳᠬᠦᠨ ᠢ ᠢᠵᠢᠯᠰᠢᠭᠦᠯᠬᠦ ᠂ ᠳᠣᠣᠷᠠᠳᠤ ᠲᠡᠰ ᠤᠨ ᠬᠢ ᠪᠣᠯᠭᠠᠬᠤ ᠠᠰᠠᠭᠤᠳᠠᠯ ᠮᠥᠨ ᠯᠡ ᠣᠷᠣᠰᠢᠵᠤ ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠬᠤᠷᠳᠤᠴᠠ ᠶᠢ ᠪᠠᠰᠠ ᠲᠦᠷᠭᠡᠳᠬᠡᠬᠦ ᠴᠢᠬᠤᠯᠠᠲᠠᠢ ᠪᠠᠶᠢᠨ᠎ᠠ ︔ ᠬᠤᠳᠠ | ᠬᠥᠳᠡᠭᠡ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠮᠥᠨ ᠯᠠ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ ᠂ ᠤᠳᠠᠭᠠᠨ ᠳᠠᠭᠠᠭᠠᠮᠠᠭᠠᠢ ᠪᠠᠷ ᠬᠦᠴᠦ ᠣᠷᠣᠭᠤᠯᠬᠤ ᠬᠡᠷᠡᠭᠲᠡᠢ ᠪᠠᠶᠢᠨ᠎ᠠ︔ ᠵᠠᠷᠢᠮ ᠬᠦᠷᠢᠶ᠎ᠠ ᠴᠠᠷᠠᠭᠠᠨ ᠳᠤ ᠠᠶᠤᠯ ᠲᠦᠭᠰᠢᠭᠦᠷᠢ ᠶᠢᠨ ᠭᠡᠮ | ᠰᠤᠭᠤᠭ ᠮᠥᠨ ᠯᠡ ᠣᠷᠣᠰᠢᠵᠤ ᠂ ᠠᠶᠤᠯᠭᠦᠢ ᠦᠢᠯᠡᠳᠪᠦᠷᠢᠯᠡᠯ ᠤᠨ ᠪᠠᠶᠢᠭᠤᠯᠤᠮᠵᠢ ᠲᠣᠭᠲᠠᠴᠠ ᠶᠢ ᠪᠠᠰᠠ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ | ᠪᠠᠶᠢᠨ᠎ᠠ ︔ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠪᠠᠰᠠ ᠶᠡᠭᠡ ᠬᠦᠴᠦ ᠣᠷᠣᠭᠤᠯᠬᠤ ᠴᠢᠬᠤᠯᠠᠲᠠᠢ ᠪᠠᠶᠢᠨ᠎ᠠ᠃ | ᠡᠭᠦᠨ ᠳᠤ ᠪᠢᠳᠡ ᠢᠲᠡᠭᠡᠯ ᠵᠣᠷᠢᠭ ᠢᠶᠠᠨ ᠪᠠᠲᠤᠳᠬᠠᠵᠤ ᠂ ᠬᠦᠴᠢᠷ ᠢ ᠰᠥᠷᠦᠨ ᠤᠷᠤᠭᠰᠢᠯᠠᠵᠤ ᠂ ᠨᠡᠩ ᠪᠣᠳᠠᠲᠠᠢ ᠠᠷᠭ᠎ᠠ ᠬᠡᠮᠵᠢᠶ᠎ᠡ ᠠᠪᠴᠤ ᠂ ᠨᠡᠩ ᠶᠡᠭᠡ | ᠡᠷᠴᠢᠮ ᠢᠶᠠᠷ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢ ᠠᠬᠢᠭᠤᠯᠤᠨ᠎ᠠ᠃ | ᠬᠤᠶᠠᠷ ᠂ 2024 ᠣᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠤᠯᠤᠨ᠎ᠠ ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠤᠯᠤᠨ᠎ᠠ ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠵᠢᠷᠭᠤᠳᠤᠭᠠᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠶᠣᠰᠣᠭᠠᠷ ᠂ ᠵᠠᠰᠠᠭ ᠤᠨ ᠣᠷᠳᠣᠨ ᠤ | ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠳᠤᠭᠤᠰᠢᠯᠠᠭᠤᠯᠤᠨ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠳᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠨᠠᠶᠢᠳᠠᠪᠤᠷᠢᠵᠢᠭᠤᠯᠵᠤ ᠂ ᠲᠣᠭᠲᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠶ ᠂ ᠪᠦᠬᠦ ᠲᠠᠯ᠎ᠠ ᠪᠠᠷ ᠳᠤᠭᠤᠰᠢᠯᠠᠭᠤᠯᠤᠨ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠭᠤᠯᠬᠤ ᠶᠢ ᠲᠦᠷᠭᠡᠳᠬᠡᠵᠦ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ︽ᠲᠦᠷᠭᠡᠨ ᠤᠷᠤᠬᠰᠢᠯᠠᠨ᠂ | ᠲᠡᠷᠢᠭᠦᠨ ᠤ ᠬᠢ ᠪᠤᠯᠬᠤ ᠪᠠᠷ ᠲᠡᠮᠡᠴᠡᠨ ᠂ ᠬᠤᠪᠢ ᠨᠡᠮᠡᠷᠢ ᠦᠵᠡᠭᠦᠯᠬᠦ ︾ ᠲᠡᠮᠡᠴᠡᠯ ᠤᠨ ᠳᠦᠷᠬᠦ ᠪᠠᠶᠢᠳᠠᠯ ᠢᠶᠠᠷ᠂ ᠬᠦᠨᠳᠦ ᠪᠦᠭᠡᠳ ᠳᠤᠮᠤ ᠡᠭᠦᠷᠭᠡ ᠶᠢ ᠡᠭᠦᠷᠭᠡᠯᠡᠵᠦ ᠂ | ᠲᠦᠷᠦᠭᠦᠨ ᠳᠤᠨᠢ ᠶᠠᠪᠤᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠡᠭᠦᠨᠭᠠᠷ ᠤᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠨ᠎ᠠ᠃ | ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 10% ᠠᠴᠠ ᠳᠡᠭᠡᠭᠰᠢ ᠨᠡᠮᠡᠭᠳᠡᠭᠦᠯᠵᠦ ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 10% ᠣᠷᠴᠢᠮ ᠨᠡᠮᠡᠭᠳᠡᠭᠦᠯᠵᠦ ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠵᠦ ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠬᠤ ᠪᠦᠬᠦ ᠲᠤᠭ᠎ᠠ ᠶᠢ 9% ᠣᠷᠴᠢᠮ | ᠨᠡᠮᠡᠭᠳᠡᠭᠦᠯᠵᠦ ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠪᠠᠶᠢᠯᠭᠠᠵᠤ ᠂ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠬᠢᠭᠡᠳ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ ᠂ ᠣᠨ ᠤ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠂ ᠵᠠᠰᠠᠭ ᠤᠨ ᠣᠷᠳᠣᠨ ᠤ ᠰᠢᠰᠲ᠋ᠧᠮ ᠪᠦᠬᠦ ᠠᠵᠢᠯᠲᠠᠨ ᠢᠶᠠᠷ ᠢᠶᠠᠨ ᠲᠦᠷᠦᠯ ᠵᠦᠢᠯ ᠢ ᠠᠳᠬᠤᠬᠤ ᠂ | ᠬᠡᠯᠪᠡᠷᠢ ᠶᠢ ᠬᠤᠪᠢᠷᠠᠭᠤᠯᠬᠤ ᠶᠢ ᠪᠦᠬᠦ ᠲᠠᠯ᠎ᠠ ᠪᠠᠷ ᠠᠳᠬᠤᠬᠤ ᠂ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠳᠬᠤᠬᠤ ᠪᠠᠷ ᠠᠵᠢᠯ ᠤᠨ ᠭᠤᠣᠯ ᠰᠢᠵᠢᠮ ᠪᠣᠯᠭᠠᠵᠤ ᠂ | ︽ᠳᠦᠷᠬᠦ ᠪᠠᠶᠢᠳᠠᠯ ᠢ ᠥᠭᠡᠷᠡᠴᠢᠯᠡᠨ ᠂ ᠳᠦᠷᠢ ᠲᠥᠷᠬᠦ ᠶᠢ ᠱᠤᠭᠤᠵᠤ ᠂ ᠴᠢᠨᠠᠷ ᠳᠡᠰ ᠢ ᠳᠡᠭᠡᠭᠰᠢᠯᠡᠭᠦᠯᠤᠨ ᠂ ᠬᠡᠪ ᠳᠠᠭᠤᠷᠢᠶᠠᠯ ᠢ ᠪᠤᠢ ᠪᠣᠯᠭᠠᠬᠤ︾ ᠠᠵᠢᠯ ᠤᠨ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ ᠂ ᠡᠯ᠎ᠡ ᠲᠦᠷᠦᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠴᠤ ᠂ ᠰᠢᠨ᠎ᠡ ᠦᠷ᠎ᠡ ᠪᠦᠲᠦᠮᠵᠢ ᠣᠯᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠪᠣᠯᠣᠨ᠎ᠠ᠃ | ︵ ᠨᠢᠭᠡ ︶ ᠬᠦᠴᠦᠨ ᠢᠶᠠᠨ ᠲᠥᠪᠯᠡᠷᠡᠭᠦᠯᠦᠨ ᠴᠢᠨᠠᠷᠵᠢᠯ ᠪᠠ ᠨᠡᠮᠡᠭᠳᠡᠯ ᠤᠨ ᠬᠡᠮᠵᠢᠶ᠎ᠡ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠳᠦᠪᠯᠡᠷᠡᠬᠦᠯᠵᠤ ᠂ ᠠᠵᠤ | ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ | ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ︽ ᠲᠥᠷᠥᠯ ᠵᠦᠢᠯ ᠢᠶᠠᠷ ᠭᠤᠤᠯ ᠪᠣᠯᠭᠠᠬᠤ ︾ ᠢᠯᠡ ᠲᠣᠳᠣ ᠤᠳᠤᠷᠢᠳᠤᠮᠵᠢ ᠶᠢ ᠪᠠᠲᠤ ᠪᠣᠶ | ᠪᠣᠯᠭᠠᠵᠤ ᠂ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠣᠭᠤᠮᠲᠠ ᠰᠢᠪᠲᠤᠯᠬᠤ ᠶᠢ ᠡᠬᠢᠯᠡᠭᠦᠯᠵᠦ ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 63 | ᠴᠢᠬᠤᠯᠠ ᠶᠡᠭᠡ ᠲᠥᠷᠥᠯ ᠵᠦᠢᠯ ᠢ ᠴᠢᠩᠭᠠᠠᠩᠬᠠᠷᠴᠤ ᠂ ︽ ᠤᠳᠤᠷᠢᠳᠤᠯᠭᠠᠬᠤᠯᠪᠤᠭᠠᠯᠠᠨ ᠳᠠᠭᠠᠭᠠᠴᠢᠯᠠᠬᠤ + ᠠᠵᠢᠯ ᠤᠨ ᠲᠤᠰᠬᠠᠢ ᠠᠩᠭᠢ ︾ ᠶᠢᠨ ᠲᠣᠭᠲᠠᠴᠠ ᠶᠢ | ᠴᠢᠩᠭᠠᠷᠠᠭᠤᠯᠤᠨ ᠂ ᠡᠬᠢᠯᠡᠭᠦᠯᠵᠦ ᠪᠣᠯᠬᠤ ᠶᠢ ᠨᠢ ᠡᠬᠢᠯᠡᠭᠦᠯᠵᠦ ᠂ ᠲᠦᠷᠭᠡᠨ ᠬᠢᠵᠦ ᠪᠣᠯᠬᠤ ᠶᠢ ᠨᠢ ᠲᠦᠷᠭᠡᠨ ᠬᠢᠬᠦ ᠶᠢ ᠬᠦᠴᠦᠯᠡᠨ ᠠᠬᠢᠭᠤᠯᠵᠤ ᠂ ᠪᠥᠬᠦ ᠵᠢᠯ ᠳᠤ | 290 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ ᠃ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠰᠢᠪᠲᠤᠯᠤᠯᠲᠠ ᠶᠢ | ᠡᠬᠢᠯᠡᠭᠦᠯᠵᠦ ᠂ ᠦᠯᠡᠳᠡᠭᠰᠡᠨ 28 ᠰᠢᠨ᠎ᠡ ᠪᠠᠷ ᠪᠦᠳᠤᠭᠡᠨ ᠪᠠᠶᠢᠭᠤᠯᠬᠤ ᠲᠥᠷᠥᠯ ᠵᠦᠢᠯ ᠤᠨ ᠭᠠᠷ ᠬᠦᠢᠴᠡᠳᠭᠡᠯ ᠢ 2 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ | ᠲᠠᠯ᠎ᠠ ᠪᠠᠷ ᠭᠦᠢᠴᠡᠳᠬᠡᠵᠦ ᠳᠠᠭᠤᠰᠬᠠᠬᠤ ᠪᠠᠷ ᠴᠢᠷᠮᠠᠶᠢᠵᠤ ᠂ ᠬᠠᠪᠤᠷ ᠤᠨ ᠡᠬᠢ ᠪᠠᠷ ᠠᠵᠢᠯ ᠡᠬᠢᠯᠡᠭᠦᠯᠬᠦ ᠶᠢ ᠪᠡᠶᠡᠯᠡᠭᠦᠯᠵᠦ ᠂ ᠨᠢᠭᠡᠳᠦᠭᠡᠷ ᠤᠯᠠᠷᠢᠯ ᠤᠨ | ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ 40% ᠠᠴᠠ ᠳᠠᠪᠠᠭᠤᠯᠵᠤ ᠂ ᠳᠡᠭᠡᠷ᠎ᠡ ᠬᠠᠭᠠᠰ ᠵᠢᠯ ᠳᠤ ᠪᠦᠬᠦᠨ ᠢ ᠠᠵᠢᠯ | ᠡᠬᠢᠯᠡᠭᠦᠯᠬᠦ ᠪᠠᠷ ᠴᠢᠷᠮᠠᠶᠢᠨ᠎ᠠ ᠃ ᠪᠡᠯᠡ ᠮᠥᠩᠭᠦ ᠶᠢ ᠬᠤᠪᠢᠳᠠᠨ ᠤᠯᠬᠤ ᠰᠢᠪᠳᠤᠯᠤᠯᠳᠠ ᠶᠢ ᠡᠬᠢᠯᠡᠬᠦᠯᠵᠤ ᠂ ᠲᠥᠪ ᠤᠨ ᠲᠥᠰᠥᠪ ᠤᠨ ᠳᠣᠲᠣᠷᠠᠬᠢ ᠪᠡᠯᠡ | ᠣᠷᠣᠭᠤᠯᠤᠯᠲᠠ᠂ ᠰᠢᠨ᠎ᠡ ᠪᠠᠷ ᠨᠡᠮᠡᠭᠳᠡᠭᠰᠡᠨ ᠲᠤᠰᠬᠠᠢ ᠵᠢᠭᠡᠯᠡᠯᠭᠡ ᠶᠢᠨ ᠲᠡᠮᠳᠡᠭᠲᠦ ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ | ᠮᠥᠩᠭᠦᠨ ᠭᠦᠢᠯᠭᠡᠭᠡᠨ ᠤ ᠪᠠᠭᠠᠵᠢ ᠵᠡᠷᠭᠡ ᠶᠢᠨ ᠲᠣᠭᠤᠷᠢᠨ ᠳᠤ ᠂ ᠨᠢᠭᠡ ᠪᠦᠯᠦᠭᠲ᠋ᠦ᠋ᠷᠤᠯ ᠵᠤᠶᠢᠯ ᠢ ᠨᠠᠷᠢᠯᠢᠭ ᠣᠨᠣᠴᠠᠲᠠᠢ ᠪᠠᠷ ᠳᠦᠰᠤᠪᠯᠡᠨ ᠂ ᠭᠤᠶᠤᠴᠢᠯᠠᠨ | ᠮᠡᠳᠡᠭᠦᠯᠵᠦ ᠂ ᠨᠥᠭᠡᠴᠡᠯᠡᠨ ᠪᠡᠯᠡᠳᠬᠡᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠢᠪᠳᠤᠯᠤᠯᠳᠠ ᠶᠢ ᠡᠬᠢᠯᠡᠭᠦᠯᠦᠨ ᠂ ᠠᠷᠠᠯᠵᠢᠶᠠᠴᠢᠨ ᠤᠷᠢᠬᠤ ᠪᠦᠯᠦᠭᠯᠡᠯ ᠢ | ᠵᠣᠬᠢᠶᠠᠨ ᠪᠠᠶᠢᠭᠤᠯᠵᠤ ᠂ ᠠᠷᠠᠯᠵᠢᠶᠠᠴᠢᠨ ᠤᠷᠢᠬᠤ ᠲᠤᠰᠬᠠᠢ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ ᠂ ᠰᠢᠶᠠᠨ ᠤ ᠱᠠᠲᠤᠨ ᠤ ᠤᠳᠤᠷᠢᠳᠤᠯᠭ᠎ᠠ | ᠲᠦᠷᠦᠭᠦᠯᠡᠨ ᠪᠥᠬᠦ ᠠᠵᠢᠯᠲᠠᠨ ᠂ ᠪᠥᠬᠦ ᠬᠦᠷᠢᠶ᠎ᠠ ᠴᠠᠷᠠᠭ᠎ᠠ ᠂ ᠪᠥᠬᠦ ᠵᠢᠯ ᠳᠤ ᠠᠷᠠᠯᠵᠢᠶᠠᠴᠢᠨ ᠤᠷᠢᠬᠤ ᠠᠵᠢᠯ ᠢ ᠥᠷᠨᠢᠭᠦᠯᠵᠦ ᠂ ᠵᠢᠯ ᠤᠨ ᠳᠣᠲᠣᠷ᠎ᠠ 100 ᠲᠥᠷᠥᠯ | ᠵᠦᠢᠯ ᠢ ᠣᠷᠣᠭᠤᠯᠤᠨ ᠠᠪᠴᠢᠷᠠᠵᠤ ᠂ ᠶᠡᠷᠦᠩᠬᠡᠢ ᠪᠡᠯᠡ ᠣᠷᠣᠭᠤᠯᠤᠯᠲᠠ ᠶᠢ 4000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ ᠂ ᠤᠷᠤᠨᠵᠢᠭᠤᠯᠤᠬᠰᠠᠨ | ᠪᠡᠯᠡ ᠮᠥᠩᠭᠦ ᠶᠢ 30% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠃ | ᠬᠡᠷᠡᠭᠯᠡᠭᠡ ᠶᠢ ᠥᠷᠭᠡᠳᠬᠡᠬᠦ ᠶᠢ ᠬᠦᠴᠦᠯᠡᠨ ᠠᠬᠢᠭᠤᠯᠤᠨ᠎ᠠ᠃ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢᠨ ᠲᠡᠰ ᠳᠡᠪᠰᠢᠬᠦ ᠶᠢ ᠠᠬᠢᠭᠤᠯᠵᠤ ᠂ ᠨᠢᠭᠡ ᠪᠦᠯᠦᠭ ᠴᠢᠨᠠᠷ | ᠰᠠᠶᠢᠲᠠᠢ ᠬᠤᠳᠠᠯᠳᠤᠭᠠᠨ ᠤ ᠳᠤᠭᠤᠷᠢᠭ ᠢ ᠲᠦᠷᠭᠡᠳᠭᠡᠨ ᠪᠣᠶᠢᠵᠢᠭᠤᠯᠵᠤ ᠂ ᠸᠠᠨ ᠳ᠋ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠳᠦᠷᠤᠯ ᠵᠤᠶᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠵᠤ ᠂ ᠲᠣᠮᠣ ᠬᠡᠯᠪᠡᠷᠢ ᠶᠢᠨ ᠬᠤᠳᠠᠯᠳᠤᠭᠠᠨ ᠤ ᠳᠠᠯᠠᠪᠠᠢ ᠶᠢ ᠲᠣᠭᠲᠠᠭᠠᠯ ᠳᠤ ᠨᠢᠭᠡᠳᠦᠯᠳᠡᠢ ᠣᠷᠣᠭᠤᠯᠬᠤ ᠶᠢ ᠠᠬᠢᠭᠤᠯᠤᠨ᠎ᠠ᠃ | ᠬᠤᠳᠠᠯᠳᠤᠭ᠎ᠠ ᠠᠷᠠᠯᠵᠢᠶ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠡᠯ᠎ᠡ ᠲᠥᠷᠥᠯ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ | ᠥᠷᠨᠢᠭᠦᠯᠵᠦ ᠂ ᠦᠳᠡᠰᠢ ᠶᠢᠨ ᠠᠵᠤ ᠠᠬᠤᠢ ᠂ ᠤᠰᠤᠨ ᠳᠡᠭᠡᠷᠡᠬᠢ ᠠᠵᠤ ᠠᠬᠤᠢ ᠪᠠ ᠮᠥᠰᠥ ᠴᠠᠰᠤᠨ ᠤ ᠠᠵᠤ ᠠᠬᠤᠢ ᠶᠢ ᠶᠡᠬᠡᠪᠡᠷ ᠬᠥᠭᠵᠢᠭᠦᠯᠦᠨ ᠂ ᠲᠠᠬᠠᠷ | ᠭᠤᠣᠯ ᠳᠠᠭᠠᠤ ᠬᠤᠳᠠᠯᠳᠤᠭᠠᠨ ᠤ ᠣᠷᠣᠨ ᠵᠠᠢ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠲᠡᠭᠦᠯᠳᠡᠷᠵᠢᠭᠦᠯᠵᠦ ᠂ ᠢᠯᠡ ᠲᠣᠳᠣ ᠰᠣᠶᠣᠯ ᠤᠨ ᠭᠤᠣᠯ | ᠰᠡᠳᠦᠪ ᠪᠠ ᠣᠷᠣᠨ ᠪᠦᠰᠡ ᠶᠢᠨ ᠣᠨᠴᠠᠯᠢᠭ ᠲᠠᠢ ᠠᠵᠤ ᠠᠬᠤᠢ ᠶᠢᠨ ᠴᠤᠭᠯᠠᠷᠠᠯ ᠤᠨ ᠣᠷᠣᠨ ᠢ ᠪᠣᠶ ᠪᠣᠯᠭᠠᠨ᠎ᠠ ᠃ ᠲᠣᠭᠠᠴᠢᠯᠠᠭᠰᠠᠨ ᠬᠡᠷᠡᠭᠯᠡᠭᠡ᠂ ᠰᠣᠶᠣᠯ ᠤᠨ | ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ ᠶᠢ ᠢᠳᠡᠪᠬᠢᠲᠡᠢ ᠪᠠᠷ ᠪᠣᠶᠢᠵᠢᠭᠤᠯᠵᠤ ᠂ ᠬᠤᠳᠠᠯᠳᠤᠭ᠎ᠠ ᠵᠤᠭᠠᠴᠠᠯ ᠰᠣᠶᠣᠯ ᠪᠡᠶ᠎ᠡ ᠶᠢᠨ ᠲᠠᠮᠢᠷ ᠵᠡᠷᠭᠡ ᠬᠡᠷᠡᠭᠯᠡᠭᠡ ᠶᠢᠨ ᠵᠠᠭᠠᠭ | ᠠᠯᠤᠰᠯᠠᠨ ᠠᠭᠤᠰᠤᠯᠴᠠᠬᠤ ᠶᠢ ᠴᠢᠩᠭᠠᠳᠬᠠᠨ ᠂ ᠬᠡᠷᠡᠭᠯᠡᠭᠡ ᠶᠢ ᠬᠥᠭᠵᠢᠭᠡᠵᠦ ᠂ ᠠᠵᠤ ᠠᠬᠤᠢ ᠶᠢ ᠬᠥᠭᠵᠢᠭᠡᠨ ᠲᠠᠢ ᠪᠣᠯᠭᠠᠨ᠎ᠠ᠃ | ᠪᠣᠳᠠᠲᠤ ᠴᠣᠭᠴᠠ ᠶᠢᠨ ᠠᠵᠤ ᠠᠬᠤᠢ ᠶᠢ ᠬᠦᠴᠦᠯᠡᠨ ᠲᠣᠭᠲᠠᠪᠤᠷᠢᠵᠢᠭᠤᠯᠤᠨ᠎ᠠ᠃ ︽ ᠬᠤᠶᠠᠷ ᠥᠴᠥᠬᠡᠨ ᠴᠦ ᠭᠤᠶᠢᠪᠢᠰᠢ ᠦᠭᠡᠢ ︾ ᠶᠢ ᠡᠷᠡᠰ ᠭᠤᠶᠢᠪᠢᠰᠢ | ᠦᠭᠡᠢ ᠨᠠᠶᠢᠳᠠᠪᠤᠷᠢᠵᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠶᠡᠬᠡᠪᠡᠷ | ᠳᠡᠮᠵᠢᠵᠦ ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠲᠠᠶᠢᠯᠬᠤ ︽ ᠠᠷᠪᠠᠨ ᠶᠡᠭᠡ ᠲᠤᠰᠬᠠᠢ ᠠᠵᠢᠯᠯᠠᠭ᠎ᠠ ︾ ᠶᠢ ᠬᠡᠷᠡᠭᠵᠢᠭᠦᠯᠦᠨ ᠂ ᠲᠥᠷᠥᠯ ᠵᠦᠢᠯ ᠤᠨ | ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ ᠂ ᠣᠯᠠᠨ ᠵᠠᠮ ᠮᠦᠷ ᠢᠶᠠᠷ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠶᠢ ᠥᠷᠨᠢᠭᠦᠯᠵᠦ ᠂ ᠳᠤᠮᠳᠠ | ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠴᠤᠬᠯᠠᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠂ ᠨᠡᠮᠡᠭᠳᠡᠯ ᠢ ᠨᠡᠮᠡᠭᠳᠡᠭᠦᠯᠬᠦ ᠂ ᠬᠡᠪᠴᠢᠶ᠎ᠡ ᠶᠢ ᠥᠷᠭᠡᠳᠬᠡᠬᠦ ᠶᠢ | ᠠᠬᠢᠭᠤᠯᠤᠨ ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠪᠠᠳᠠᠷᠠᠭᠤᠯᠬᠤ ᠳᠤ ᠬᠦᠴᠦᠨ ᠨᠡᠮᠡᠷᠢᠯᠡᠨ᠎ᠡ ᠃ ᠤᠯᠤᠰ ᠤᠨ ᠥᠮᠴᠢᠯᠡᠯᠳᠤ ᠡᠳ᠋ | ᠬᠥᠷᠥᠩᠭᠡ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠢ ᠲᠠᠬᠢᠨ | ᠵᠣᠬᠢᠶᠠᠨ ᠪᠠᠶᠢᠭᠤᠯᠬᠤ ᠶᠢ ᠠᠬᠢᠭᠤᠯᠵᠤ ᠂ ᠪᠣᠳᠠᠲᠤ ᠴᠣᠭᠴᠠᠴᠢᠯᠠᠬᠤ ᠂ ᠵᠠᠬ᠎ᠠ ᠳᠡᠯᠭᠡᠭᠦᠷᠴᠢᠯᠡᠬᠦ ᠵᠦᠭ ᠭᠡᠯᠪᠡᠷᠢ ᠪᠠᠨ ᠬᠤᠪᠢᠷᠠᠭᠤᠯᠬᠤ ᠶᠢ ᠳᠦᠷᠭᠡᠳᠭᠡᠨ᠎ᠠ᠃ ᠵᠠᠬ᠎ᠠ | ᠳᠡᠯᠭᠡᠬᠦᠷ ᠤᠨ ᠭᠤᠤᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠬᠤ ᠳᠤ ᠠᠰᠢᠭᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠬᠳᠠᠭᠠᠨ | ᠲᠡᠭᠦᠯᠳᠡᠷᠵᠢᠭᠦᠯᠵᠦ ᠂ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠢ 21 ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ 5000 ᠡᠷᠦᠭᠡ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠤᠨ᠎ᠠ᠃ | ᠬᠥᠭᠵᠢᠯᠲᠡ ᠶᠢᠨ ᠥᠨᠳᠦᠷᠯᠢᠭ ᠭᠠᠵᠠᠷ ᠢ ᠬᠦᠴᠦᠯᠡᠨ ᠴᠣᠭᠴᠠᠯᠠᠨ᠎ᠠ ᠃ ᠮᠢᠩᠭᠠᠨ ᠳ᠋ᠦᠩᠰᠢᠭᠤᠷ ᠤᠨ ᠲᠠᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ | ᠪᠠᠶᠢᠭᠤᠯᠬᠤ ᠪᠠᠷ ᠬᠠᠷᠠᠯᠲᠠ ᠪᠣᠯᠭᠠᠵᠤ ᠂ ᠬᠦᠷᠢᠶᠡᠯᠡᠩ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠣᠨ ᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠲᠥᠷᠥᠯ ᠵᠦᠢᠯ ᠤᠨ ᠦᠢᠯᠡᠴᠢᠯᠡᠭᠡᠨ ᠤ ᠠᠩᠬ᠎ᠠ ᠨᠡᠭᠡᠮᠵᠢᠯᠡᠬᠦ ᠬᠠᠷᠢᠭᠤᠴᠠᠯᠭ᠎ᠠ ᠶᠢᠨ ᠳᠦᠷᠢᠮ ᠢ ᠳᠤᠬᠳᠠᠭᠠᠨ | ᠬᠡᠷᠡᠭᠵᠢᠭᠦᠯᠵᠦ ᠂ ︽ ᠬᠥᠮᠥᠨ ᠪᠣᠯᠭᠠᠨ ᠬᠢᠬᠦ ᠠᠵᠢᠯ ᠲᠠᠢ ᠂ ᠶᠠᠪᠤᠳᠠᠯ ᠪᠣᠯᠭᠠᠨ ᠳᠤ ᠬᠠᠮᠢᠶᠠᠷᠬᠤ ᠬᠥᠮᠥᠨ ᠲᠠᠢ ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ ᠃ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠤᠶᠠᠷ ᠠᠵᠤ ᠦᠢᠯᠡᠰ ᠤᠨ ᠬᠦᠷᠢᠶᠡᠯᠡᠩ ᠳᠤᠭᠤᠷᠢᠭ ᠲᠤ ᠴᠥᠮ ︽ ᠴᠢ ᠶᠤᠸᠠᠢ ᠯᠠᠢ︾ | ᠲᠣᠮᠣ ᠠᠰᠠᠷ ᠢ ᠪᠠᠶᠢᠭᠤᠯᠵᠤ ᠠᠰᠢᠬᠯᠠᠯᠳᠠ ᠳᠤ ᠤᠷᠤᠭᠤᠯᠤᠨ᠎ᠠ᠃ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠰᠠᠭᠤᠷᠢᠨ ᠭᠠᠵᠠᠷ ᠂ ᠭᠠᠵᠠᠷ | ᠰᠢᠷᠣᠢ ᠂ ᠡᠨᠧᠷᠭᠢ ᠵᠡᠷᠭᠡ ᠶᠢᠨ ᠬᠠᠷᠢᠴᠠᠩᠭᠤᠢ ᠳᠠᠪᠠᠭᠤᠯᠢᠭ ᠢ ᠪᠠᠳᠠᠷᠠᠭᠤᠯᠤᠨ ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠂ ᠨᠠᠷᠢᠯᠢᠭ ᠬᠢᠮᠢ ᠶᠢᠨ | ᠠᠵᠤ ᠦᠢᠯᠡᠳᠪᠦᠷᠢ ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠳᠤᠯᠤᠭᠠᠶᠢᠯᠠᠬᠤ ᠠᠵᠤ ᠠᠬᠤᠶᠢᠯᠠᠯ ᠯᠤᠭ᠎ᠠ ᠬᠠᠷᠢᠯᠴᠠᠬᠤ ᠶᠢ ᠴᠢᠩᠭᠠᠳᠬᠠᠵᠤ ᠂ ᠠᠵᠤ | ᠠᠬᠤᠶᠢᠯᠠᠯ ᠢ ᠬᠦᠷᠢᠶᠡᠯᠡᠩ ᠳᠤᠭᠤᠷᠢᠭ ᠲᠤ ᠤᠷᠤᠭᠤᠯᠤᠨ ᠠᠪᠴᠢᠷᠠᠬᠤ ᠂ ᠠᠵᠤ ᠠᠬᠤᠶᠢᠯᠠᠯ ᠢ ᠲᠡᠮᠵᠢᠵᠤ ᠬᠦᠷᠢᠶᠡᠯᠡᠩ ᠳᠤᠭᠤᠷᠢᠭ ᠢ ᠬᠦᠴᠦᠷᠬᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ ᠂ ᠡᠯ᠎ᠡ ᠵᠦᠢᠯ ᠤᠨ ᠮᠦ ᠪᠦᠷᠢ ᠶᠢᠨ ᠳᠤᠮᠳᠠᠴᠢ ᠭᠦᠢᠴᠡᠳᠬᠡᠯ ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠬᠦ ᠂ ᠮᠦ ᠪᠦᠷᠢ ᠶᠢᠨ | ᠳᠤᠮᠳᠠᠴᠢ ᠦᠷ᠎ᠡ ᠠᠰᠢᠭ ᠤᠨ ᠬᠢᠷᠢ ᠳᠦᠪᠰᠢᠨ ᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠭᠤᠯᠬᠤ ᠶᠢ ᠦᠨᠡᠨᠬᠦ ᠪᠠᠲᠤᠯᠠᠵᠤ ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠢ ᠡᠭᠦᠳᠦᠨ ᠪᠠᠶᠢᠭᠤᠯᠤᠨ᠎ᠠ ᠃ | ︵ᠬᠤᠶᠠᠷ︶ ᠬᠦᠴᠦᠨ ᠢᠶᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤ ᠠᠩᠬᠠᠷᠤᠯ ᠢᠶᠠᠨ ᠳᠦᠪᠯᠡᠷᠡᠬᠦᠯᠵᠤ ᠂ ᠤᠳᠤ ᠦᠶ᠎ᠡ ᠶᠢᠨ ᠠᠵᠤ | ᠦᠢᠯᠡᠰ ᠤᠨ ᠰᠦᠷᠦᠭᠵᠢᠯ ᠢ ᠬᠦᠴᠦᠷᠬᠡᠭᠵᠢᠭᠦᠯᠦᠨ᠎ᠡ | ᠲᠡᠷᠢᠭᠦᠨ ᠤ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ ᠃ ᠠᠶᠤᠯᠭᠦᠢ ᠦᠢᠯᠡᠳᠪᠦᠷᠢᠯᠡᠯ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠴᠢᠨᠠᠷ | ᠰᠠᠶᠢᠲᠠᠢ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠳᠭᠡᠨ ᠪᠠᠳᠠᠷᠠᠭᠤᠯᠵᠤ ᠂ ᠳ᠋ᠦᠩ ᠫᠢᠩ᠂ ᠬᠦᠨᠳᠡᠢ ᠶᠢᠨ ᠭᠤᠤᠯ ᠵᠡᠷᠭᠡᠠᠭᠤᠷᠬᠠᠢ ᠶᠢᠨ | ᠬᠤᠳᠳᠤᠭ ᠢ ᠬᠠᠶᠢᠨ ᠰᠢᠨᠵᠢᠵᠤ ᠰᠢᠯᠵᠢᠭᠦᠯᠵᠦ ᠮᠠᠯᠲᠠᠬᠤ ᠭᠠᠷ ᠭᠦᠢᠴᠡᠳᠬᠡᠯ ᠢ ᠲᠦᠷᠭᠡᠳᠭᠡᠨ ᠭᠦᠢᠴᠡᠳᠬᠡᠵᠦ ᠂ ᠬᠤᠢ ᠨᠧᠩ ᠤᠨ ᠴᠠᠩ ᠲᠠᠨ᠂ ᠶᠢᠩ ᠶᠤᠸᠠᠨ ᠤ | ᠢᠦᠢ ᠴᠤᠸᠠᠨ᠂ ᠶᠢᠨ ᠲᠠᠢ ᠶᠢᠨ ᠴᠧᠩ ᠲᠠ ᠵᠡᠷᠭᠡ ᠨᠡᠭᠦᠷᠡᠰᠦᠨ ᠠᠭᠤᠷᠬᠠᠢ ᠶᠢ ᠠᠰᠢᠭᠯᠠᠯᠲᠠ ᠳᠤ ᠣᠷᠣᠭᠤᠯᠤᠨ ᠦᠢᠯᠡᠳᠪᠦᠷᠢᠯᠡᠵᠦ ᠂ ᠨᠡᠭᠦᠷᠡᠰᠦᠨ ᠤ ᠭᠠᠷᠤᠯᠲᠠ ᠶᠢ | 3.8 ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠤᠨ᠎ᠠ᠃ ᠬᠤᠢ ᠨᠧᠩ ᠤᠨ ᠴᠠᠩ ᠴᠤᠸᠠᠨ ᠴᠠᠬᠢᠯᠭᠠᠨ ᠤ ᠦᠢᠯᠡᠳᠪᠦᠷᠢ ᠂ ᠵᠦᠨ ᠳ᠋ᠠ ᠴᠠᠬᠢᠯᠭᠠᠨ ᠤ | ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠮᠧᠩ ᠰᠢ ᠠᠴᠠ ᠲᠢᠶᠠᠨᠵᠢᠨ ᠤ ᠡᠮᠦᠨ᠎ᠠ ᠬᠡᠰᠡᠭ ᠬᠦᠷᠬᠦ ᠴᠡᠪᠡᠷ | ᠨᠡᠬᠦᠷᠡᠰᠤᠨ ᠤ ᠴᠠᠬᠢᠯᠭᠠᠨ ᠢ ᠭᠠᠳᠠᠭᠰᠢ ᠬᠦᠷᠭᠡᠬᠦ ᠱᠤᠭᠤᠮ ᠢ ᠥᠨᠳᠥᠷ ᠬᠠᠷᠢᠴᠠᠯᠳᠤ ᠰᠢᠨ᠎ᠡ ᠡᠨᠧᠷᠭᠢ ᠶᠢᠨ ᠭᠠᠳᠠᠭᠰᠢ ᠬᠦᠷᠭᠡᠬᠦ ᠱᠤᠭᠤᠮ ᠪᠣᠯᠭᠠᠨ ᠥᠭᠡᠷᠡᠴᠢᠯᠡᠬᠦ ᠶᠢ | ᠬᠠᠶᠢᠨ ᠰᠦᠪᠡᠭᠴᠢᠯᠡᠨ᠎ᠡ᠃ ᠣᠶᠤᠨᠴᠢ ᠡᠨᠧᠷᠭᠢ ᠶᠢᠨ ᠦᠢᠯᠡᠴᠢᠯᠡᠭᠡᠨ ᠤ ᠳᠤᠬᠳᠠᠯᠴᠠᠭᠠᠨ ᠤ ᠪᠠᠶᠢᠭᠤᠯᠤᠯᠲᠠ ᠶᠢ ᠲᠦᠷᠭᠡᠳᠬᠡᠵᠦ ᠂ ᠵᠢᠯ ᠤᠨ ᠳᠣᠲᠣᠷ᠎ᠠ | ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠠᠶᠢᠭᠤᠯᠤᠯᠲᠠ ᠶᠢ ᠪᠦᠬᠦᠨ ᠢ ᠪᠡᠶᠡᠯᠡᠭᠦᠯᠦᠨ᠎ᠡ᠃ | ᠲᠡᠷᠢᠭᠦᠨ ᠤ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠳᠤᠮᠳᠠᠳᠤ ᠤᠯᠤᠰ ᠤᠨ ᠴᠢᠯᠠᠭᠤᠨ | ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠨᠡᠭᠦᠷᠡᠰᠦ ᠪᠠᠷ ᠠᠯᠺᠸᠠ ᠦᠢᠯᠡᠳᠪᠤᠷᠢᠯᠡᠬᠦ ᠂ ᠢ ᠲᠠᠢ ᠶᠢᠨ ᠸᠠᠨ ᠸᠧᠢ PVA ᠂ ᠵᠢᠦ ᠲᠠᠢ ᠨᠡᠭᠦᠷᠡᠰᠦᠬᠦ᠋ᠴᠢᠯ ᠤᠨ | ᠡᠰᠲ᠋ᠧᠷ ᠵᠡᠷᠭᠡ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ ᠂ ᠵᠢᠦ ᠲᠠᠢ ᠨᠡᠭᠦᠷᠡᠰᠦᠲᠥ᠋ᠷᠥᠭᠴᠢ ᠶᠢᠨ | ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠦᠢᠯᠡᠳᠪᠤᠷᠢᠯᠡᠬᠦ ᠲᠥᠷᠥᠯ ᠵᠦᠢᠯ ᠢ ᠪᠦᠳᠤᠭᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ ᠃ | ᠪᠡᠭᠡᠵᠢᠩ ᠤᠨ ᠬᠤᠪᠢ ᠡᠵᠡᠮᠳᠡᠯ ᠤᠨ ᠺᠤᠮᠫᠠᠨᠢ ᠶᠢᠨ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠪᠤᠷᠢᠯᠡᠬᠦ ᠲᠥᠷᠥᠯ ᠵᠦᠢᠯ ᠢ ᠨᠡᠶᠢᠯᠡᠭᠦᠯᠦᠨ ᠬᠤᠳᠠᠯᠳᠤᠨ ᠠᠪᠴᠤ | ᠰᠢᠯᠵᠢᠭᠦᠯᠦᠨ ᠥᠭᠬᠦ ᠶᠢ ᠪᠡᠶᠡᠯᠡᠭᠦᠯᠵᠦ ᠂ ᠨᠦᠬᠡᠴᠡ ᠲᠥᠷᠥᠯ ᠵᠦᠢᠯ ᠢ ᠠᠮᠢᠳᠤᠯᠢᠭ ᠪᠣᠯᠭᠠᠨ᠎ᠠ ᠃ ᠨᠡᠭᠦᠷᠡᠰᠦᠨ ᠤ ᠠᠷᠢᠭᠤᠨ ᠴᠡᠪᠡᠷ ᠥᠨᠳᠥᠷ ᠪᠦᠲᠦᠮᠵᠢᠲᠡᠶ | ᠠᠰᠢᠭᠯᠠᠯᠲᠠ ᠶᠢᠨ ᠵᠡᠭᠦᠨᠭᠠᠷ ᠰᠤᠳᠤᠯᠤᠨ ᠬᠦᠭᠵᠢᠬᠦᠯᠬᠦ ᠲᠥᠪ ᠤᠨ 4 ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ | ᠪᠡᠶᠡᠯᠡᠭᠦᠯᠬᠦ ᠶᠢ ᠠᠬᠢᠭᠤᠯᠤᠨ᠎ᠠ ᠃ ᠷᠦᠩ ᠱᠧᠩ ᠪᠣᠬᠢᠷᠲᠤᠯ ᠦᠭᠡᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ | ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠲᠠᠰ ᠳᠡᠪᠰᠢᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠬᠦᠴᠦ ᠪᠠᠨ ᠲᠥᠪᠯᠡᠷᠡᠭᠦᠯᠦᠨ ᠪᠦᠲᠦᠭᠡᠨ ᠪᠠᠶᠢᠭᠤᠯᠤᠨ᠎ᠠ ᠃ | ᠲᠡᠷᠢᠭᠦᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ ᠰᠠᠯᠬᠢ ᠭᠡᠷᠡᠯ ᠴᠡᠨᠡᠭᠤᠰᠤᠲᠥ᠋ᠷᠥᠭᠴᠢ ᠬᠠᠳᠠᠭᠠᠯᠠᠴᠠ ᠮᠠᠰᠢᠨ | ᠳᠡᠷᠭᠡ ︾ ᠲᠠᠪᠤᠨ ᠶᠡᠭᠡ ᠠᠵᠤ ᠦᠢᠯᠡᠰ ᠤᠨ ᠭᠡᠯᠬᠢᠶᠡᠵᠢᠭᠰᠡᠨ ᠰᠦᠷᠦᠭᠵᠢᠭᠰᠡᠨ ᠬᠥᠭᠵᠢᠯᠲᠡ ᠶᠢᠨ ᠲᠣᠭᠤᠷᠢᠨ ᠳᠤ ᠂ ᠲᠦᠩ ᠸᠧᠢ ᠶᠢᠨ ᠳᠡᠭᠡᠳᠦ ᠴᠡᠪᠡᠷ ᠲᠠᠯᠠᠰᠲᠤ | ᠴᠠᠬᠢᠭᠤᠷ ᠂ ᠷᠧᠨᠠᠳ᠋ ᠰᠢᠨ᠎ᠡ ᠡᠨᠧᠷᠭᠢ ᠶᠢᠨ ᠮᠠᠰᠢᠨ ᠳᠡᠷᠭᠡᠨ ᠤ ᠳᠤᠨᠤᠬᠯᠠᠯ ᠂ ᠴᠠᠩᠵᠸᠦ ᠶᠢᠨ ᠴᠠᠬᠢᠭᠤᠷ ᠤᠨ ᠪᠢᠯᠢᠭ ᠲᠤᠶᠢᠯ ᠤᠨ ᠮᠠᠲ᠋ᠧᠷᠢᠶᠠᠯ ᠵᠡᠷᠭᠡ ᠲᠥᠷᠥᠯ | ᠵᠦᠢᠯ ᠢ ᠤᠷᠤᠨᠵᠢᠭᠤᠯᠤᠨ ᠪᠦᠲᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠂ ᠢᠦᠢ ᠵᠢᠩ ᠤᠨ ᠬᠤᠶᠠᠳᠤᠭᠠᠷ ᠬᠤᠭᠤᠴᠠᠭᠠᠨ ᠤ ᠭᠡᠷᠡᠯ ᠴᠡᠨᠡᠭ ᠤᠨ | ᠨᠢᠭᠤᠷ ᠤᠨ ᠬᠠᠪᠲᠠᠰᠤ ᠂ ᠵᠢᠶᠠ ᠾᠧ ᠰᠠᠯᠬᠢᠨ ᠬᠦᠴᠦᠨ ᠤ ᠮᠠᠰᠢᠨ ᠤ ᠣᠶᠤᠨᠴᠢ ᠬᠢᠨᠠᠨ ᠬᠡᠮᠵᠢᠬᠦ ᠲᠥᠬᠦᠭᠡᠷᠦᠮᠵᠢ ᠵᠡᠷᠭᠡ ᠳᠦᠷᠤᠯ ᠵᠤᠶᠢᠯ ᠢ ᠲᠦᠷᠭᠡᠳᠭᠡᠨ | ᠠᠬᠢᠭᠤᠯᠵᠤ ᠂ ᠤᠰᠤᠲᠥ᠋ᠷᠥᠭᠴᠢ ᠰᠦᠯᠢᠶᠥᠦ ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠳᠦᠷᠤᠯ ᠵᠤᠶᠢᠯ ᠢ ᠰᠡᠷᠭᠦᠭᠡᠨ ᠦᠢᠯᠡᠳᠪᠦᠷᠢᠯᠡᠵᠦ ᠂ 400 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠭᠡᠷᠡᠯ ᠴᠡᠨᠡᠭ ᠤᠨ ᠰᠠᠭᠤᠷᠢᠨ ᠭᠠᠵᠠᠷ ᠤᠨ ᠳᠦᠷᠤᠯ ᠵᠤᠶᠢᠯ ᠢ ᠪᠦᠳᠤᠭᠡᠨ ᠪᠠᠶᠢᠭᠤᠯᠤᠨ ᠲᠣᠣᠷ ᠲᠤ ᠨᠡᠶᠢᠯᠡᠭᠦᠯᠵᠦ ᠂ | ᠤᠰᠤᠲᠥ᠋ᠷᠥᠭᠴᠢ ᠡᠨᠧᠷᠭᠢ ᠶᠢᠨ ᠴᠠᠬᠢᠯᠭᠠᠨ ᠬᠦᠴᠦᠨ ᠤ ᠲᠣᠨᠣᠭᠯᠠᠯ ᠦᠢᠯᠡᠳᠬᠦ ᠳᠦᠷᠤᠯ ᠵᠤᠶᠢᠯ ᠢ ᠠᠰᠢᠭᠯᠠᠯᠲᠠ ᠳᠤ ᠣᠷᠣᠭᠤᠯᠤᠨ᠎ᠠ᠃ ᠰᠢᠨ᠎ᠡ ᠡᠨᠧᠷᠭᠢ ᠶᠢᠨ | ᠬᠤᠪᠢᠰᠬᠠᠯ ᠤᠨ ᠵᠢᠱᠢᠶ᠎ᠡ ᠦᠵᠡᠭᠦᠯᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠂ ︽ ᠮᠠᠰᠢᠨ ᠲᠡᠷᠭᠡ ᠡᠨᠧᠷᠭᠢ ᠵᠠᠮ ᠡᠬᠦᠯᠡᠨ ᠳᠠᠪᠴᠠᠩ ︾ ᠤᠨ | ᠪᠥᠬᠦ ᠠᠬᠤᠢ ᠦᠵᠡᠭᠳᠡᠯ ᠤᠨ ᠵᠢᠱᠢᠶ᠎ᠡ ᠦᠵᠡᠭᠦᠯᠦᠨ ᠬᠡᠷᠡᠭᠯᠡᠬᠦ ᠶᠢ ᠠᠬᠢᠭᠤᠯᠤᠨ᠎ᠠ ᠃ | ᠲᠡᠷᠢᠭᠦᠨ ᠤ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠦᠷᠦᠭᠵᠢᠯ ᠤᠨ ᠤᠷᠤᠨ ᠢ ᠪᠠᠶᠢᠭᠤᠯᠤᠨ᠎ᠠ ᠃ ᠮᠧᠩ ᠢ ᠲᠦᠩ ᠶᠡᠷᠦᠩᠬᠡᠶᠢᠯᠡᠭᠰᠡᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠂ ᠯᠦᠩ ᠺᠧᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠡᠮᠦᠷ ᠵᠠᠮ ᠤᠨ ᠲᠤᠰᠬᠠᠢ ᠱᠤᠭᠤᠮ ᠵᠡᠷᠭᠡ ᠲᠥᠷᠥᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ ᠂ ᠡᠤ ᠽᠢ ᠸᠠᠨ ᠂ ᠨᠤᠸᠠᠨ ᠱᠦᠢ ᠶᠢᠨ ᠲᠥᠪᠯᠡᠷᠡᠭᠦᠯᠦᠨ ᠲᠡᠭᠡᠭᠡᠪᠦᠷᠢᠯᠡᠬᠦ ᠥᠷᠲᠡᠭᠡ ᠶᠢᠨ ᠲᠡᠮᠦᠷ | ᠵᠠᠮ ᠤᠨ ᠲᠤᠰᠬᠠᠢ ᠱᠤᠭᠤᠮ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ ᠂ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ | ᠴᠢᠳᠠᠪᠤᠷᠢ ᠶᠢ 2000 ᠲᠦᠮᠡᠨ ᠲᠣᠨ ᠰᠢᠨ᠎ᠡ ᠪᠠᠷ ᠨᠡᠮᠡᠭᠳᠡᠭᠦᠯᠦᠨ᠎ᠡ ᠃ ᠰᠢᠨ᠎ᠡ ᠡᠨᠧᠷᠭᠢ ᠶᠢᠨ ᠣᠶᠤᠨᠴᠢ ᠳᠣᠲᠣᠭᠠᠳᠤ ᠬᠠᠭᠤᠷᠠᠢ ᠶᠢᠨ ᠭᠠᠷᠠᠮ ᠤᠨ 2 | ᠰᠦᠷᠦᠭᠵᠢᠯ ᠢ ᠪᠤᠢ ᠪᠣᠯᠭᠠᠵᠤ ᠂ ᠰᠢᠨ᠎ᠡ ᠡᠨᠧᠷᠭᠢ ᠂ ᠨᠡᠭᠦᠷᠡᠰᠦ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ︽ᠮᠥᠷᠡᠨ ᠲᠠᠩᠭᠢᠰ ᠲᠤ ᠨᠡᠪᠲᠡᠷᠡᠬᠦ︾ | ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠳᠤᠬᠳᠠᠯᠴᠠᠭ᠎ᠠ ᠶᠢ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠢ | ᠪᠠᠶᠢᠭᠤᠯᠵᠤ ᠂ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠳᠤᠲᠠᠭᠤᠳᠠᠯ ᠢ ᠬᠦᠴᠦᠯᠡᠨ ᠨᠥᠬᠦᠪᠦᠷᠢᠯᠡᠨ᠎ᠡ ᠃ ᠬᠠᠲᠤᠨ ᠭᠤᠣᠯ ᠤᠨ | ᠳᠤᠮᠤ ᠬᠠᠪᠴᠢᠯ ᠤᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠ ᠬᠠᠲᠤᠨ ᠭᠤᠣᠯ ᠤᠨ ᠰᠣᠶᠣᠯ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ ᠂ ᠨᠠᠷᠠᠰᠤᠨ ᠸᠠᠩ ᠂ ᠬᠠᠲᠤᠨ ᠭᠤᠣᠯ ᠤᠨ ᠲᠤᠲᠤᠷᠭ᠎ᠠ ᠵᠢᠭᠠᠰᠤᠨ ᠤ ᠠᠮᠢ ᠠᠬᠤᠢ ᠶᠢᠨ ᠲᠣᠭᠤᠷᠢᠨ ᠦᠵᠡᠬᠦ ᠬᠦᠷᠢᠶᠡᠯᠡᠩ ᠵᠡᠷᠭᠡ | ᠦᠵᠡᠮᠵᠢ ᠶᠢᠨ ᠣᠷᠣᠨ ᠤ ᠦᠢᠯᠡᠴᠢᠯᠡᠭᠡᠨ ᠤ ᠴᠢᠨᠠᠷᠵᠢᠯ ᠢ ᠳᠡᠭᠡᠭᠰᠢᠯᠡᠭᠦᠯᠦᠨ ᠂ ᠯᠦᠩ ᠺᠧᠦ ᠶᠢᠨ ᠬᠤᠪᠢᠰᠬᠠᠯᠳᠤ ᠵᠤᠭᠠᠴᠠᠯ ᠤᠨ ᠪᠠᠭ᠎ᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ ᠂ ᠴᠡᠭ ᠱᠤᠭᠤᠮ ᠭᠡᠰᠡᠭ ᠢ ᠤᠶᠠᠯᠳᠤᠭᠤᠯᠤᠨ ᠪᠥᠬᠦ ᠣᠷᠣᠨ ᠪᠦᠰᠡ ᠶᠢᠨ ᠵᠤᠭᠠᠴᠠᠯ ᠤᠨ ᠰᠢᠨ᠎ᠡ ᠥᠨᠳᠦᠷᠯᠢᠭ ᠭᠠᠵᠠᠷ ᠢ | ᠪᠠᠶᠢᠭᠤᠯᠤᠨ᠎ᠠ ᠃ | ︵ᠭᠤᠷᠪᠠ︶ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠳᠦᠪᠯᠡᠷᠡᠬᠦᠯᠵᠤ ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ ᠃ ︽ ᠭᠤᠷᠪᠠ ᠶᠢ ᠦᠭᠡᠢ ᠪᠤᠯᠭᠠᠬᠤ ︾ ᠪᠠ ︽ ᠬᠤᠶᠠᠷ ᠢ ᠳᠠᠬᠢᠨ ᠢᠶᠠᠷ | ᠨᠡᠮᠡᠭᠳᠡᠭᠦᠯᠬᠦ ᠂ ᠬᠤᠶᠠᠷ ᠢ ᠳᠡᠭᠡᠭᠰᠢᠯᠡᠭᠦᠯᠬᠦ ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ︽ ᠭᠤᠷᠪᠠ ᠶᠢ ᠦᠭᠡᠢ ᠪᠤᠯᠭᠠᠬᠤ ︾ ᠭᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨ᠎ᠡ ᠪᠠᠷ 10 ᠠᠴᠠ ᠳᠡᠭᠡᠭᠰᠢ ᠨᠡᠮᠡᠭᠳᠡᠭᠦᠯᠵᠦ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 40 ᠠᠴᠠ | ᠳᠠᠪᠠᠭᠤᠯᠤᠨ ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ 50 ᠠᠴᠠ ᠳᠠᠪᠠᠭᠤᠯᠤᠨ᠎ᠠ ᠃ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠨ ᠨᠡᠭᠡᠭᠡᠬᠦ ᠪᠠ ᠤᠯᠠᠷᠢᠭᠤᠯᠤᠨ ᠬᠤᠪᠢᠷᠠᠭᠤᠯᠵᠤ ᠬᠡᠷᠡᠭᠯᠡᠬᠦ ᠲᠥᠷᠥ ᠶᠢᠨ ᠪᠣᠳᠣᠯᠭ᠎ᠠ ᠂ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠂ | ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯᠡᠰ ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠂ | ᠬᠡᠷᠡᠭᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠳᠦᠷᠤᠯ ᠵᠤᠶᠢᠯ ᠢ 20 ᠠᠴᠠ ᠳᠡᠭᠡᠭᠰᠢ ᠬᠡᠷᠡᠭᠵᠢᠭᠦᠯᠵᠦ ᠂ ᠵᠡᠬᠦᠠᠭᠠᠷ ᠤᠨ ᠡᠨᠧᠷᠭᠢ ᠶᠢᠨ ᠪᠦᠯᠦᠭᠯᠡᠯ ᠤᠨ | ᠨᠡᠭᠦᠷᠡᠰᠦ ᠪᠠᠷ ᠰᠠᠭᠤᠷᠢ ᠪᠣᠯᠭᠠᠭᠰᠠᠨ ᠨᠠᠨᠦᠮᠧᠲᠷ ᠨᠡᠭᠦᠷᠡᠰᠦᠲᠥ᠋ᠷᠥᠭᠴᠢ ᠤᠰᠤᠲᠥ᠋ᠷᠥᠭᠴᠢ ᠶᠢᠨ ᠲᠦᠯᠡᠰᠢ᠂ ᠨᠤᠨᠳᠠᠭ ᠨᠡᠭᠦᠷᠡᠰᠦᠨ ᠤ ᠦᠨᠡᠰᠦ ᠠᠴᠠ ᠢᠰᠦᠯᠳᠦᠭᠰᠡᠨ | ᠬᠦᠩᠭᠡᠨᠴᠡᠭᠠᠨ ᠢ ᠭᠠᠷᠭᠠᠨ ᠠᠪᠬᠤ ᠪᠠ ᠬᠤᠢ ᠨᠧᠩ ᠤᠨ ᠨᠡᠭᠦᠷᠡᠰᠦᠨ ᠴᠢᠯᠠᠭᠤ ᠠᠴᠠ ᠴᠠᠬᠢᠭᠤᠷ ᠬᠦᠩᠭᠡᠨᠴᠡᠭᠠᠨ ᠤ ᠬᠠᠶᠢᠯᠤᠰᠢ ᠭᠠᠷᠭᠠᠨ ᠠᠪᠬᠤ ᠵᠡᠷᠭᠡ ᠲᠡᠷᠢᠭᠦᠨ ᠤ | ᠮᠡᠷᠭᠡᠵᠢᠯ ᠢ ᠤᠷᠢᠳ ᠢᠶᠠᠷ ᠵᠢᠱᠢᠶ᠎ᠡ ᠦᠵᠡᠭᠦᠯᠵᠦ ᠪᠠᠶᠢᠭᠰᠠᠨ ᠠᠴᠠ ᠪᠠᠨ ᠥᠷᠭᠡᠳᠬᠡᠬᠦ ᠂ ᠬᠥᠭᠵᠢᠯᠲᠡ ᠶᠢ ᠬᠥᠲᠥᠯᠥᠨ ᠳᠠᠭᠠᠭᠤᠯᠬᠤ ᠲᠡᠶᠢᠰᠢ ᠬᠤᠪᠢᠷᠠᠭᠤᠯᠬᠤ ᠶᠢ | ᠭᠤᠣᠯᠳᠠᠯᠭ᠎ᠠ ᠲᠠᠢ ᠪᠠᠷ ᠠᠬᠢᠭᠤᠯᠤᠨ᠎ᠠ᠃ | ᠬᠥᠭᠵᠢᠯᠲᠡ ᠶᠢᠨ ᠣᠷᠴᠢᠨ ᠠᠬᠤᠢ ᠶᠢ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ 4.0 ᠬᠡᠪ ᠤᠨ | ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠂ ︽ᠨᠢᠭᠡ ᠶᠠᠪᠤᠳᠠᠯ︾ ᠢᠥᠨᠳᠥᠷ ᠪᠦᠲᠦᠮᠵᠢᠲᠡᠶ ᠪᠠᠷ ᠪᠦᠲᠦᠭᠡᠬᠦ ᠲᠠᠢ | ᠤᠶᠠᠯᠳᠤᠭᠤᠯᠤᠨ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠳᠦᠭᠦᠮ ᠦᠵᠡᠭᠦᠯᠬᠦ ᠨᠡᠩ ᠤᠯᠠᠨ ᠬᠡᠷᠡᠭᠯᠡᠭᠡ ᠶᠢ ᠭᠠᠷᠭᠠᠵᠤ ᠂ ᠠᠵᠤ ᠠᠬᠤᠶᠢᠯᠠᠯ ᠳᠤ | ᠦᠢᠯᠡᠴᠢᠯᠡᠬᠦ ᠲᠤᠰᠬᠠᠢ ᠱᠤᠭᠤᠮ ᠢ ᠰᠢᠯᠢᠳᠡᠭᠵᠢᠭᠦᠯᠦᠨ᠂ ᠪᠦᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠪᠦᠬᠦ ᠬᠦᠴᠦᠨ ᠢᠶᠠᠷ ᠢᠶᠠᠨ | ᠪᠤᠢ ᠪᠣᠯᠭᠠᠨ᠎ᠠ᠃ ︽ ᠤᠶᠤᠨᠴᠢ ᠵᠡᠭᠦᠨᠭᠠᠷ ︾ ᠤᠨ ᠴᠢᠳᠠᠪᠤᠷᠢᠲᠠᠨ ᠤᠷᠢᠨ ᠠᠪᠴᠢᠷᠠᠬᠤ ᠲᠥᠯᠥᠪᠯᠡᠭᠡ ᠶᠢ ᠬᠡᠷᠡᠭᠵᠢᠭᠦᠯᠵᠦ ᠂ ᠴᠢᠳᠠᠪᠤᠷᠢᠲᠠᠨ ᠡᠯᠰᠡᠵᠦ ᠣᠶᠤᠨ ᠢ | ᠲᠠᠲᠠᠬᠤ ᠲᠥᠷᠥ ᠶᠢᠨ ᠪᠣᠳᠣᠯᠭ᠎ᠠ ᠶᠢᠨ 2.0 ᠤᠨ ᠬᠡᠪᠯᠡᠯ ᠢ ᠨᠡᠶᠢᠲᠡᠯᠡᠵᠦ ᠂ ︽ ᠬᠤᠣᠰ ᠲᠡᠷᠢᠭᠦᠨ ᠵᠡᠷᠭᠡ ᠶᠢᠨ ︾ ᠳᠡᠭᠡᠳᠦ ᠰᠤᠷᠭᠠᠭᠤᠯᠢ ᠶᠢᠨ 270 ᠰᠢᠯᠢᠳᠡᠭ | ᠲᠡᠭᠦᠰᠬᠦ ᠰᠣᠷᠣᠭᠴᠢ ᠶᠢ ᠤᠷᠢᠨ ᠠᠪᠴᠢᠷᠠᠵᠤ ᠂ ᠪᠥᠬᠦ ᠤᠯᠤᠰ ᠲᠤ ᠬᠠᠨᠳᠤᠭᠤᠯᠤᠨ 400 ᠲᠤᠰᠬᠠᠢ ᠮᠡᠷᠭᠡᠵᠢᠯ ᠤᠨ ᠴᠢᠳᠠᠪᠤᠷᠢᠲᠠᠨ ᠡᠯᠰᠡᠵᠦ ᠂ ᠰᠢᠨ᠎ᠡ ᠶᠢ ᠡᠭᠦᠳᠦᠨ | ᠦᠢᠯᠡᠰ ᠪᠦᠳᠤᠭᠡᠬᠦ ᠪᠦᠯᠬᠦᠮ ᠢ 10 ᠠᠴᠠ ᠳᠡᠭᠡᠭᠰᠢ ᠬᠥᠮᠥᠵᠢᠭᠦᠯᠦᠨ ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠥᠨᠳᠦᠷᠯᠢᠭ ᠭᠠᠵᠠᠷ ᠢ ᠪᠣᠶ ᠪᠣᠯᠭᠠᠵᠤ ᠂ | ᠵᠡᠭᠦᠨᠭᠠᠷ ᠢ ᠴᠢᠳᠠᠪᠤᠷᠢᠲᠠᠨ ᠤ ᠠᠮᠵᠢᠯᠳᠠ ᠤᠯᠬᠤ ᠭᠠᠵᠠᠷ ᠂ ᠴᠢᠳᠠᠪᠤᠷᠢᠳᠠᠨ ᠵᠡᠭᠦᠨᠭᠠᠷ ᠲᠤ ᠤᠶᠢᠯᠡᠴᠢᠯᠡᠬᠦ ᠭᠠᠵᠠᠷ ᠪᠣᠯᠭᠠᠨ᠎ᠠ ᠃ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠎ᠡ᠃ ᠪᠡᠭᠡᠵᠢᠩ ᠲᠢᠶᠠᠨᠵᠢᠨ ᠾᠧᠪᠧᠢ ᠂ ᠵᠢᠶᠠᠩᠰᠤ ᠵᠧᠵᠢᠶᠠᠩ ᠵᠡᠷᠭᠡᠠᠷᠠᠯᠵᠢᠶᠠᠴᠢᠨ ᠤᠷᠢᠬᠤ ᠬᠤᠯᠪᠣᠭ᠎ᠠ | ᠠᠪᠬᠤ ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ | ᠰᠢᠶᠠᠩᠭᠠᠩ ᠣᠣᠮᠧᠨ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠨ ᠂ ᠬᠥᠬᠡᠬᠤᠲᠠ ᠪᠤᠭᠤᠲᠤ ᠣᠷᠳᠣᠰ ᠲᠡᠮᠡᠭᠡᠲᠦ | ᠬᠤᠲᠠ ᠶᠢᠨ ᠰᠦᠷᠦᠭᠵᠢᠯ ᠳᠤ ᠠᠭᠤᠰᠤᠯᠴᠠᠭᠤᠯᠵᠤ ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠵᠦ ᠂ ᠨᠢᠭᠡ ᠪᠦᠯᠦᠭ | ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ ᠃ ᠤᠯᠤᠰ ᠂ ᠥᠪᠡᠷᠲᠡᠭᠡᠨ ᠵᠠᠰᠠᠬᠤ ᠣᠷᠣᠨ ᠂ | ᠬᠤᠲᠠ ᠶᠢᠨ ᠱᠠᠲᠤᠨ ᠤ ᠨᠢᠭᠡ ᠪᠦᠯᠦᠭ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠢᠳᠡᠪᠬᠢᠲᠡᠢ ᠴᠢᠷᠮᠠᠶᠢᠨ ᠣᠯᠵᠤ ᠂ ᠰᠢᠢᠳᠪᠦᠷᠢᠯᠡᠬᠦ ᠰᠡᠳᠬᠢᠬᠦᠢ ᠪᠠᠨ | ᠴᠢᠩᠭᠠᠳᠬᠠᠨ ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ ᠂ ᠳᠠᠪᠠᠭᠤᠯᠢᠭ ᠢᠶᠠᠨ ᠪᠠᠳᠠᠷᠠᠭᠤᠯᠬᠤ ᠂ ᠳᠤᠲᠠᠭᠤᠳᠠᠯ ᠢᠶᠠᠨ ᠨᠥᠬᠦᠪᠦᠷᠢᠯᠡᠬᠦ ᠂ ᠪᠠᠭᠤᠷᠠᠢ | ᠲᠠᠯ᠎ᠠ ᠪᠠᠨ ᠬᠦᠴᠦᠷᠭᠡᠭᠵᠢᠬᠦᠯᠬᠦ ᠨᠢᠭᠡ ᠪᠦᠯᠦᠭ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ ᠂ ᠥᠭᠡᠷᠡᠴᠢᠯᠡᠯᠲᠡ ᠪᠠᠷ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ ᠃ | ︵ᠳᠥᠷᠪᠡ︶ ᠬᠦᠴᠤᠨ ᠢᠶᠠᠨ ᠳᠦᠪᠯᠡᠷᠡᠬᠦᠯᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠠᠮᠢ | ᠠᠬᠤᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠬᠠᠲᠤᠨ ᠭᠤᠣᠯ ᠤᠨ ᠳᠤᠬᠤᠢ ᠶᠢᠨ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠣᠯᠣᠨ᠎ᠠ᠃ ᠵᠠᠭᠤᠨ ᠲᠦᠮᠡᠨ ᠮᠦ | ᠴᠢᠴᠠᠷᠭᠠᠨ᠎ᠠ ᠂ ᠵᠠᠭᠤᠨ ᠲᠦᠮᠡᠨ ᠮᠦ ᠬᠦᠢᠯᠡᠰᠦ ᠳᠠᠷᠢᠬᠤ ᠪᠠ ᠵᠠᠭᠤᠨ ᠲᠦᠮᠡᠨ ᠮᠦ ᠠᠭᠤᠷᠬᠠᠢ ᠶᠢᠨ ᠣᠷᠣᠨ ᠂ ᠵᠠᠭᠤᠨ ᠲᠦᠮᠡᠨ ᠮᠦ ᠬᠠᠶᠢᠷ ᠴᠢᠯᠠᠭᠤᠯᠢᠭ ᠭᠠᠵᠠᠷ ᠢ | ᠶᠡᠷᠦᠩᠬᠡᠶᠢᠯᠡᠨ ᠵᠠᠰᠠᠬᠤ ᠶᠢ ᠶᠡᠬᠡᠪᠡᠷ ᠠᠬᠢᠭᠤᠯᠤᠨ᠎ᠠ ᠃ ᠭᠤᠣᠯ ᠤᠨ ᠵᠠᠮ ᠤᠨ ︽ ᠳᠥᠷᠪᠡᠨ ᠳᠤᠷᠠᠪᠠᠷ ᠢ ᠴᠡᠪᠡᠷᠯᠡᠨ ᠵᠠᠰᠠᠬᠤ ︾ ᠠᠵᠢᠯ ᠢ ᠪᠠᠶᠢᠩᠭᠤᠵᠢᠭᠤᠯᠤᠨ | ᠵᠢᠷᠤᠮᠵᠢᠭᠤᠯᠤᠨ ᠥᠷᠨᠢᠭᠦᠯᠵᠦ ᠂ ᠱᠤ᠋ ᠬᠤᠶ ᠴᠤᠸᠠᠨ ᠂ ᠬᠤᠰᠤᠲᠠᠢ ᠭᠤᠣᠯ ᠂ ᠬᠤᠸᠠᠩ ᠹᠦ᠋ ᠴᠤᠸᠠᠨ ᠵᠡᠷᠭᠡ ᠰᠠᠪᠠ ᠭᠠᠵᠠᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠬᠡᠷᠡᠭᠵᠢᠭᠦᠯᠦᠨ ᠂ 79 ᠡᠯᠡᠰᠦ ᠬᠠᠰᠢᠬᠤ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ ᠂ ᠤᠯᠤᠰ ᠠᠴᠠ ᠡᠵᠡᠮᠳᠡᠬᠦ ᠂ ᠬᠤᠲᠠ ᠠᠴᠠ ᠡᠵᠡᠮᠳᠡᠬᠦ ᠣᠭᠲᠣᠯᠣᠭᠠᠰᠤ ᠶᠢᠨ | ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠦᠨᠡᠨᠬᠦ ᠪᠠᠲᠤᠯᠠᠨ᠎ᠠ ᠃ ︽ ᠤᠮᠠᠷᠠᠲᠤ ᠶᠢᠨ ᠭᠤᠷᠪᠠᠨ ᠤᠷᠤᠨ ︾ ᠤ ᠬᠠᠯᠬᠠᠪᠴᠢ ᠣᠶ ᠶᠢᠨ | ᠳᠤᠬᠳᠠᠯᠴᠠᠭᠠᠨ ᠤ ᠵᠢᠷᠭᠤᠳᠤᠭᠠᠷ ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠣᠶ ᠰᠢᠭᠤᠢ ᠨᠤᠳᠤᠭ ᠪᠡᠯᠴᠢᠭᠡᠷ ᠤᠨ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 32 ᠲᠦᠮᠡᠨ ᠮᠦ ᠪᠡᠶᠡᠯᠡᠭᠦᠯᠵᠦ ᠂ ᠬᠢᠵᠠᠭᠠᠷ ᠳᠣᠲᠣᠷᠠᠬᠢ ᠬᠥᠪᠴᠢ ᠶᠢᠨ ᠡᠯᠡᠰᠦ ᠮᠠᠩᠬ᠎ᠠ ᠶᠢ ᠵᠠᠰᠠᠭᠰᠠᠨ ᠨᠣᠷᠮ᠎ᠠ ᠶᠢ | 100% ᠳᠤ ᠬᠦᠷᠭᠡᠨ᠎ᠠ ᠃ | ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠤᠯᠤᠨ᠎ᠠ ᠃ ᠬᠦᠨᠳᠦ ᠪᠣᠬᠢᠷᠲᠤᠯ ᠲᠠᠢ ᠴᠠᠭ | ᠠᠭᠤᠷ ᠢ ᠠᠷᠢᠯᠭᠠᠬᠤ ᠂ ᠣᠽᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠂ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢᠨ ᠪᠣᠬᠢᠷᠲᠤᠯ ᠢ ᠵᠠᠰᠠᠬᠤ ᠪᠤᠭᠤᠮᠳᠠ | ᠰᠢᠪᠲᠤᠯᠬᠤ ᠠᠵᠢᠯᠯᠠᠭ᠎ᠠ ᠶᠢ ᠥᠷᠨᠢᠭᠦᠯᠵᠦ ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠠᠳᠠᠭᠰᠢᠯᠠᠭᠤᠯᠤᠯᠲᠠ ᠶᠢ ᠬᠡᠲᠦ ᠳᠣᠣᠷ᠎ᠠ ᠪᠤᠯᠭᠠᠨ ᠥᠭᠡᠷᠡᠴᠢᠯᠡᠬᠦ ᠪᠠ | ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠵᠠᠰᠠᠬᠤ ᠶᠢ ᠲᠦᠷᠭᠡᠳᠬᠡᠨ ᠂ ᠢ ᠳ᠋ᠦᠩ ᠤᠨ ᠳ᠋ᠦᠩ ᠬᠤᠸᠠ ᠂ ᠢ ᠲᠠᠢ ᠶᠢᠨ ᠨᠡᠭᠦᠷᠡᠰᠦ ᠪᠠᠷ ᠲᠣᠰᠣ ᠦᠢᠯᠡᠳᠪᠤᠷᠢᠯᠡᠬᠦ 2 | ᠠᠵᠤ ᠠᠬᠤᠶᠢᠯᠠᠯ ᠤᠨ ᠥᠭᠡᠷᠡᠴᠢᠯᠡᠬᠦ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ ᠃ ᠠᠭᠠᠷ ᠤᠨ ᠢᠯᠴᠢ ᠶᠢᠨ ᠬᠥᠭᠡᠷᠭᠡ᠂ | ᠣᠷᠴᠢᠨ ᠳᠤᠭᠤᠷᠢᠨ ᠢ ᠬᠠᠮᠠᠭᠠᠯᠠᠬᠤ ᠡᠨᠧᠷᠭᠢ ᠠᠷᠪᠢᠯᠠᠬᠤ ᠵᠤᠤᠬ᠎ᠠ ᠬᠡᠷᠡᠭᠰᠡᠯ ᠵᠡᠷᠭᠡ ᠨᠡᠭᠦᠷᠡᠰᠦ ᠰᠢᠳᠠᠭᠠᠬᠤ ᠶᠢ ᠴᠠᠬᠢᠯᠭᠠᠨ ᠢᠶᠠᠷ ᠢᠯᠴᠢ ᠬᠠᠩᠭᠠᠬᠤ ᠪᠣᠯᠭᠠᠨ | ᠥᠭᠡᠷᠡᠴᠢᠯᠡᠬᠦ ᠵᠠᠭᠪᠤᠷ ᠢ ᠳᠡᠯᠭᠡᠷᠡᠭᠦᠯᠵᠦ ᠂ 3500 ᠡᠷᠦᠬᠡ ᠶᠢᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠤᠨ᠎ᠠ᠃ ᠠᠭᠠᠷ ᠤᠨ ᠴᠢᠨᠠᠷ ᠤᠨ | ᠰᠢᠯᠢᠳᠡᠭ ᠰᠠᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠭᠡᠨ᠎ᠠ ᠃ ᠳᠠᠪᠤᠰᠤ ᠶᠡᠬᠡᠳᠡᠢ ᠤᠰᠤ ᠶᠢ ᠰᠢᠢᠳᠪᠦᠷᠢᠯᠡᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ ᠃ | ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠬᠰᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠬᠠᠯᠠᠨ ᠰᠠᠶᠢᠵᠢᠷᠠᠭᠤᠯᠬᠤ ᠶᠢ ᠦᠷᠬᠦᠯᠵᠢᠯᠡᠨ ᠰᠠᠶᠢᠳᠤᠷ ᠠᠳᠬᠤᠨ᠎ᠠ ᠃ | ᠠᠭᠤᠷᠬᠠᠢ ᠶᠢᠨ ᠣᠷᠣᠨ ᠤ ᠣᠷᠴᠢᠨ ᠳᠤᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ | ᠬᠦᠴᠦᠨ ᠢᠶᠠᠷ ᠢᠶᠠᠨ ᠤᠯᠤᠨ᠎ᠠ ᠃ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ 20 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠶᠢ ᠬᠢᠨᠠᠨ ᠭᠡᠮᠵᠢᠵᠤ ᠬᠢᠨᠠᠨ ᠬᠠᠮᠢᠶᠠᠷᠬᠤ ᠦᠢᠯᠡᠴᠢᠯᠡᠭᠡ ᠶᠢ ᠠᠬᠢᠭᠤᠯᠤᠨ ᠂ ᠬᠦᠳᠤᠯ | ᠬᠠᠵᠠᠭᠤ ᠶᠢᠨ ᠠᠮᠢ ᠠᠬᠤᠢ ᠶᠢᠨ ᠵᠠᠰᠠᠯᠲᠠ ᠂ ᠲᠠᠪᠴᠠᠩ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠴᠢᠩᠭᠠᠷᠠᠭᠤᠯᠵᠤ ᠂ ᠵᠢᠯ ᠤᠨ ᠳᠣᠲᠣᠷ᠎ᠠ 3 ᠲᠦᠮᠡᠨ | ᠮᠦ ᠠᠴᠠ ᠳᠡᠭᠡᠭᠰᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ ᠂ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠣᠷᠣᠨ ᠢ 2 ᠠᠴᠠ ᠳᠡᠭᠡᠭᠰᠢ ᠪᠠᠶᠢᠭᠤᠯᠵᠤ ᠂ ᠪᠣᠬᠢᠷᠲᠤᠯ | ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠵᠡᠭᠦᠨᠭᠠᠷ ᠤᠨ ᠵᠠᠭᠪᠤᠷ ᠢ ᠪᠣᠶ ᠪᠣᠯᠭᠠᠨ᠎ᠠ ᠃ ᠬᠠᠲᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ | ᠣᠷᠣᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠵᠢᠱᠢᠶ᠎ᠡ ᠦᠵᠡᠭᠦᠯᠬᠦ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ ᠂ ᠤᠯᠤᠰ ᠤᠨ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠶᠢᠨ ᠬᠠᠷᠭᠤᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠪᠡᠶᠡᠯᠡᠬᠦᠯᠤᠨ᠎ᠠ ᠃ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠬᠢᠨᠠᠨ | ᠬᠠᠮᠢᠶᠠᠷᠬᠤ ᠶᠢ ᠪᠠᠶᠢᠩᠭᠤ ᠣᠷᠳᠣ ᠬᠤᠭᠤᠴᠠᠭ᠎ᠠ ᠪᠠᠷ ᠠᠬᠢᠭᠤᠯᠵᠤ ᠂ ᠰᠢᠨ᠎ᠡ ᠡᠨᠧᠷᠭᠢ ᠶᠢᠨ ᠬᠦᠨᠳᠤ ᠠᠴᠢᠶᠠᠨ ᠤ ᠮᠠᠰᠢᠨ ᠢᠶᠠᠷ ᠣᠷᠣᠯᠠᠭᠤᠯᠬᠤ ᠶᠢ ᠠᠬᠢᠭᠤᠯᠵᠤ ᠂ | ᠠᠭᠤᠷᠬᠠᠢ ᠶᠢᠨ ᠣᠷᠣᠨ ᠵᠢᠴᠢ ᠤᠶᠢᠷ᠎ᠠ ᠬᠠᠪᠢ ᠶᠢᠨ ᠠᠮᠢ ᠠᠬᠤᠢ ᠣᠷᠴᠢᠨ ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠤᠨ᠎ᠠ ᠃ | ᠲᠥᠯᠥᠭᠡᠯᠡᠭᠴᠢᠳ ᠠ᠋᠂ ᠠᠶᠠᠨ ᠵᠠᠮ ᠬᠡᠳᠦᠢ ᠬᠤᠯᠠ ᠪᠣᠯᠪᠠᠴᠤ ᠶᠠᠪᠤᠪᠠᠰᠤ ᠬᠦᠷᠤᠮᠤᠢ ︔ ᠤᠴᠢᠷ ᠶᠠᠪᠤᠳᠠᠯ ᠭᠡᠳᠤᠢ ᠬᠦᠴᠢᠷ ᠪᠣᠯᠪᠠᠴᠤ ᠬᠢᠪᠡᠰᠤ ᠪᠦᠳᠤᠮᠤᠢ ᠃ | ᠪᠢᠳᠡ ᠴᠠᠭ ᠪᠢᠳᠡᠨ ᠢ ᠬᠦᠯᠢᠶᠡᠬᠦ ᠦᠭᠡᠢ ᠂ ᠥᠷᠯᠥᠭᠡ ᠦᠳᠡᠰᠢ ᠶᠢ ᠲᠡᠮᠡᠴᠡᠬᠦ ᠣᠷᠭᠢᠯᠤᠮ᠎ᠠ ᠬᠠᠯᠠᠭᠤᠨ ᠰᠡᠳᠬᠢᠯᠭᠡ ᠪᠠᠷ ᠂ ᠰᠢᠶᠠᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠭᠠᠪᠰᠢᠭᠠᠶᠢᠯᠠᠭᠴᠢ ᠂ ᠳᠠᠭᠠᠭᠤᠯᠤᠭᠴᠢ ᠪᠣᠯᠵᠤ ᠂ ᠮᠠᠨ ᠤ ᠬᠤᠰᠢᠭᠤᠨ ᠤ ᠠᠵᠤ ᠠᠬᠤᠢ ᠶᠢᠨ ᠲᠣᠮᠣ ᠣᠩᠭᠤᠴᠠ ᠶᠢᠨ ᠰᠠᠯᠬᠢ ᠳᠠᠪᠠᠯᠭᠠᠨ ᠢ | ᠵᠦᠰᠦᠨ ᠂ ᠳᠠᠷᠪᠠᠭᠤᠯ ᠬᠡᠶᠢᠰᠬᠡᠨ ᠠᠯᠤᠰ ᠤᠨ ᠠᠶᠠᠯᠠᠯ ᠳᠤ ᠭᠠᠷᠬᠤ ᠳᠤ ᠬᠦᠴᠦ ᠨᠡᠮᠡᠷᠢᠯᠡᠶ᠎ᠠ ᠃ | ︵ᠲᠠᠪᠤ︶ ᠬᠦᠴᠤᠨ ᠢᠶᠠᠨ ᠲᠥᠪᠯᠡᠷᠡᠭᠦᠯᠦᠨ ᠠᠵᠤ ᠦᠢᠯᠡᠰ ᠢᠶᠠᠷ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ ᠳᠦᠪᠯᠡᠷᠡᠬᠦᠯᠵᠤ ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ | ︽ ᠴᠡᠭ ︾ ᠢ ᠰᠠᠶᠢᠲᠤᠷ ᠠᠳᠬᠤᠬᠤ ᠶᠢ ᠳᠤᠪᠤᠶᠢᠯᠭᠠᠵᠤ ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠶᠢ | ᠪᠡᠶᠡᠯᠡᠭᠦᠯᠦᠨ᠎ᠡ ᠃ ᠰᠠᠨ ᠰᠦᠩ ᠤᠨ ᠲᠦᠮᠡᠨ ᠮᠦ ᠶᠢᠨ ᠳᠦᠬᠦᠭᠡᠷᠤᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠂ | ᠦ᠋ ᠵᠢᠶᠠ ᠶᠣᠣ ᠶᠢᠨ ᠣᠲᠣ ᠦᠶ᠎ᠡ ᠶᠢᠨ ᠣᠶᠤᠨᠴᠢ ᠳᠦᠬᠦᠭᠡᠷᠤᠮᠵᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ | ᠳ᠋ᠦᠩᠰᠢᠭᠤᠷ ᠲᠥᠭᠦᠷᠢᠭ ᠤᠨ ᠲᠠᠰ ᠤᠨ ᠪᠣᠬᠢᠷᠲᠤᠯ ᠦᠭᠡᠢ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠢ ᠬᠦᠭᠵᠢᠬᠦᠯᠤᠨ᠎ᠠ ᠃ ᠱᠢ ᠡᠯ ᠯᠢᠶᠠᠨ ᠴᠧᠩ | ᠰᠢᠶᠠᠩ ᠤᠨ 1 ᠳ᠋ᠦᠩᠰᠢᠭᠤᠷ ᠰᠢᠬᠢᠷᠯᠢᠭ ᠰᠢᠯᠦᠬᠡᠢ ᠡᠷᠳᠡᠨᠢ ᠰᠢᠰᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠠᠰᠢᠬᠯᠠᠯᠳᠠ ᠳᠤ ᠣᠷᠣᠬᠤ ᠶᠢ ᠠᠬᠢᠭᠤᠯᠵᠤ ᠂ | ᠰᠢᠬᠢᠷᠯᠢᠭ ᠰᠢᠯᠦᠬᠡᠢ ᠡᠷᠳᠡᠨᠢ ᠰᠢᠰᠢ ᠶᠢᠨ ᠦᠢᠯᠡᠳᠬᠦᠨ ᠤ ᠥᠷᠲᠡᠭ ᠢ 2 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ ᠃ ᠪᠠᠭᠲᠠᠭᠠᠮᠵᠢ ᠶᠢ | ᠥᠷᠭᠡᠳᠬᠡᠨ ᠬᠡᠮᠵᠢᠶ᠎ᠡ ᠶᠢ ᠨᠡᠮᠡᠭᠳᠡᠭᠦᠯᠦᠨ ᠵᠢᠦᠢ ᠾᠧ ᠲᠠᠨ ᠤ ᠣᠨᠴᠠᠯᠢᠭᠲᠤ ᠳᠦᠬᠦᠭᠡᠷᠤᠮᠵᠢᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠬᠦᠷᠢᠶᠡᠯᠡᠩ ᠢ | ᠰᠠᠶᠢᠲᠤᠷ ᠪᠠᠶᠢᠭᠤᠯᠵᠤ ᠂ ᠡᠮᠦᠨᠡᠲᠦ ᠠᠮᠧᠷᠢᠺᠠ ᠶᠢᠨ ᠴᠠᠭᠠᠨ ᠵᠦᠢᠷᠡᠢ ᠰᠠᠮ ᠬᠤᠷᠤᠬᠠᠢ ᠂ ᠰᠠᠨ ᠸᠧᠨ ᠵᠢᠭᠠᠰᠤ ᠵᠡᠷᠭᠡ ᠣᠨᠴᠠᠯᠢᠭᠲᠤ ᠤᠰᠤᠨ ᠭᠠᠷᠤᠯᠲᠠ ᠶᠢ ᠣᠷᠣᠨ | ᠨᠤᠲᠤᠭᠵᠢᠭᠤᠯᠬᠤ ᠂ ᠬᠡᠪᠴᠢᠶᠡᠵᠢᠭᠦᠯᠬᠦ ᠶᠢ ᠪᠡᠶᠡᠯᠡᠭᠦᠯᠵᠦ ᠂ ᠳ᠋ᠦᠩᠰᠢᠭᠤᠷ ᠲᠥᠭᠦᠷᠢᠭ ᠤᠨ ᠲᠠᠰ ᠤᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢ | ᠬᠦᠭᠵᠢᠬᠦᠯᠤᠨ᠎ᠠ ᠃ | ︽ ᠱᠤᠭᠤᠮ ︾ ᠢ ᠰᠠᠶᠢᠲᠤᠷ ᠬᠤᠯᠪᠣᠬᠤ ᠶᠢ ᠳᠣᠪᠤᠶᠢᠯᠭᠠᠵᠤ ᠂ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ ᠃ | ︽ 3361 ︾ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠰᠢᠭᠤᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ ᠂ ᠱᠧᠦ ᠨᠦᠩ ᠂ | ᠴᠢᠶᠠᠨ ᠰᠢ ᠾᠧ ᠵᠡᠷᠭᠡ ᠪᠥᠬᠦ ᠤᠯᠤᠰ ᠤᠨ 500 ᠬᠦᠴᠦᠷᠬᠡᠭ ᠲᠠᠷᠢᠶᠠᠯᠠᠩ ᠤᠨ ᠳᠤᠯᠤᠭᠠᠶᠢᠯᠠᠬᠴᠢ ᠠᠵᠤ ᠠᠬᠤᠶᠢᠯᠠᠯ ᠢ ᠤᠷᠤᠨᠵᠢᠭᠤᠯᠬᠤ ᠪᠠᠷ ᠴᠢᠷᠮᠠᠶᠢᠵᠤ ᠂ ᠵᠥᠩ | ᠲᠢᠶᠠᠨ ᠤ 10 ᠲᠦᠮᠡᠨ ᠠᠯᠠᠰᠢᠨ ᠬᠤᠨᠢᠨ ᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ ᠂ ᠲᠦᠩ ᠸᠧᠢ ᠂ ᠰᠢ ᠮᠧᠩ ᠂ ᠳᠦᠸᠧ ᠰᠢᠶᠠᠩ ᠵᠡᠷᠭᠡ 3 ᠲᠦᠮᠡᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ ᠢ ᠲᠡᠳᠬᠦᠨ ᠳᠡᠮᠵᠢᠵᠦ ᠂ | ᠳ᠋ᠦᠩᠰᠢᠭᠤᠷ ᠲᠥᠭᠦᠷᠢᠭ ᠤᠨ ᠲᠠᠰ ᠤᠨ ᠴᠢᠨᠠᠷ ᠰᠠᠶᠢᠲᠠᠢ ᠮᠢᠬᠠᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠣᠶᠢᠵᠢᠭᠤᠯᠤᠨ᠎ᠠ ᠃ ᠲᠣᠰᠬᠤᠨ ᠂ ᠠᠵᠤ ᠠᠬᠤᠶᠢᠯᠠᠯ ᠂ | ᠠᠷᠠᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ ᠂ ᠭᠤᠤ ᠶᠤᠸᠠᠨ ᠭᠦᠢᠯᠡᠰᠦᠨ ᠴᠥᠮ᠎ᠡ ᠶᠢᠨ ᠤᠮᠳᠠᠭᠠᠨ ᠂ ᠬᠦᠸᠧ ᠵᠢᠢ ᠬᠤᠸᠠ | ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠬᠦ ᠶᠢ ᠳᠡᠮᠵᠢᠵᠦ ᠂ ᠪᠥᠬᠦ ᠣᠷᠣᠨ ᠳᠤ ᠵᠠᠭᠤᠨ ᠲᠦᠮᠡᠨ ᠮᠦ ᠵᠢᠮᠢᠰ ᠤᠨ ᠣᠶ ᠶᠢᠨ | ᠠᠵᠤ ᠦᠢᠯᠡᠰ ᠤᠨ ᠰᠠᠭᠤᠷᠢᠨ ᠭᠠᠵᠠᠷ ᠢ ᠤᠷᠢᠳᠠᠪᠠᠷ ᠪᠠᠶᠢᠭᠤᠯᠵᠤ ᠂ ᠵᠢᠮᠢᠰ ᠤᠨ ᠪᠦᠲᠦᠭᠡᠭᠳᠡᠬᠦᠨ ᠤ ᠦᠢᠯᠡᠳᠪᠦᠷᠢᠯᠡᠯ ᠂ ᠡᠳ᠋ᠰᠢᠬᠦᠯᠤᠯᠳᠡ ᠂ ᠪᠣᠷᠣᠯᠠᠭᠤᠯᠭ᠎ᠠ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ ᠃ | ︽ᠬᠡᠪᠴᠢᠶ᠎ᠡ︾ ᠶᠢ ᠦᠷᠭᠡᠳᠭᠡᠬᠦ ᠶᠢ ᠲᠣᠪᠤᠶᠢᠯᠭᠠᠵᠦ ᠂ ᠬᠥᠭᠵᠢᠯᠲᠡ ᠶᠢ ᠳᠠᠶᠢᠴᠢᠯᠠᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠠᠮᠤ ᠪᠤᠳᠠᠭᠠᠨ ᠤ | ᠠᠮᠤᠷ ᠲᠦᠪᠰᠢᠨ ᠪᠠ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠮᠤ ᠪᠤᠳᠠᠭᠠᠨ ᠤ ᠤᠨᠠᠯᠲᠠ ᠶᠢ 5 | ᠳ᠋ᠦᠩᠰᠢᠭᠤᠷ ᠵᠢᠩ ᠳᠤ ᠬᠦᠷᠭᠡᠬᠦ ᠪᠠᠷ ᠴᠢᠷᠮᠠᠶᠢᠨ᠎ᠠ᠃ 6.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠂ ᠳᠤᠮᠳᠠᠳᠤ | ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ MAP ᠵᠠᠭᠪᠤᠷ ᠤᠨ ᠲᠣᠨ ᠭᠠᠷᠤᠯᠲᠠ ᠶᠢ 5 ᠲᠦᠮᠡᠨ ᠮᠦ ᠥᠷᠭᠡᠳᠬᠡᠵᠦ ᠂ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠲᠠᠯᠠᠪᠠᠶ ᠶᠢ 15 ᠲᠦᠮᠡᠨ ᠮᠦ ᠳᠤ ᠬᠦᠷᠭᠡᠬᠦ ᠪᠠᠷ ᠴᠢᠷᠮᠠᠶᠢᠨ᠎ᠠ ᠃ ᠨᠢᠭᠡᠳᠦᠭᠡᠷ ᠠᠵᠤ ᠤᠶᠢᠯᠡᠰ ᠢ ᠳᠠᠬᠢᠨ ᠴᠤᠬᠴᠠᠯᠠᠬᠤ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ ᠂ ᠵᠡᠭᠦᠨᠭᠠᠷ ᠤᠨ ᠰᠡᠷᠭᠡ ᠂ ᠵᠢᠢ ᠰᠢᠶᠠᠩ ᠡᠯᠳᠡᠪ ᠠᠮᠤ ᠂ ᠨᠤᠸᠠᠨ ᠱᠦᠢ ᠶᠢᠨ ᠠᠭᠤᠯᠠᠨ ᠭᠠᠵᠠᠷ ᠤᠨ ᠠᠯᠮᠤᠷᠠᠳ ᠵᠡᠷᠭᠡ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ ᠨᠡᠭᠡᠭᠡᠨ ᠬᠥᠭᠵᠢᠭᠦᠯᠵᠦ ᠂ ᠡᠯᠳᠡᠪ ᠠᠮᠤ ᠳᠠᠷᠢᠬᠤ ᠲᠠᠯᠠᠪᠠᠶ ᠶᠢ 2 ᠲᠦᠮᠡᠨ ᠮᠦ ᠠᠴᠠ ᠳᠡᠭᠡᠭᠰᠢ ᠳᠤ ᠬᠦᠷᠭᠡᠨ᠎ᠠ ᠃ | | ︽ ᠪᠦᠬᠦᠨ ︾ ᠢ ᠬᠠᠮᠤᠷᠬᠤ ᠶᠢ ᠳᠣᠪᠤᠶᠢᠯᠭᠠᠵᠤ ᠂ ᠭᠤᠷᠪᠠᠨ ᠠᠵᠤ ᠦᠢᠯᠡᠰ ᠤᠨ ᠠᠭᠤᠰᠤᠯᠴᠠᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠬᠦᠯᠤᠨ᠎ᠠ ᠃ ︽ | ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ ︾ ᠂ ︽ ᠠᠵᠤ ᠠᠬᠤᠶᠢᠯᠠᠯ ᠭᠠᠵᠠᠷ ᠣᠷᠣᠨ ᠬᠠᠮᠲᠤᠪᠠᠷ ᠪᠦᠲᠦᠭᠡᠨ ᠪᠠᠶᠢᠭᠤᠯᠬᠤ ︾ | ᠠᠵᠢᠯᠯᠠᠭ᠎ᠠ ᠶᠢ ᠭᠦᠨᠵᠡᠭᠡᠶᠢᠷᠡᠭᠦᠯᠵᠦ ᠂ ᠪᠥᠬᠦ ᠬᠤᠰᠢᠭᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠪᠦᠬᠦᠨ ᠢ 50 ᠲᠦᠮᠡᠨ | ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠨᠡᠩ ᠯᠠᠪᠳᠠᠭᠤᠨ ᠪᠠᠲᠤᠲᠠᠢ ᠂ ᠨᠡᠩ ᠦᠷᠭᠦᠯᠵᠢᠯᠡᠬᠦᠶᠢᠴᠡ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠤᠷᠢᠳᠠᠪᠠᠷ ᠭᠡᠷᠡᠭᠵᠢᠬᠦᠯᠬᠦ ᠣᠷᠣᠨ᠂ ᠬᠠᠲᠤᠨ ᠭᠤᠣᠯ ᠳᠠᠭᠠᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠦᠯᠢᠭᠡᠷ | ᠳᠠᠭᠤᠷᠢᠶᠠᠯᠳᠤ ᠣᠷᠣᠨ ᠢ ᠤᠷᠢᠳᠠᠪᠠᠷ ᠪᠠᠶᠢᠭᠤᠯᠤᠨ᠎ᠠ᠃ | ᠡᠭᠦᠨ ᠤ ᠬᠠᠮᠳᠤ ᠂ ᠪᠢᠳᠠ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠢ ᠪᠦᠳᠤᠭᠡᠨ ᠪᠠᠶᠢᠭᠤᠯᠬᠤ | ᠬᠠᠷᠠᠯᠲᠠ ᠶᠢᠨ ᠲᠣᠭᠤᠷᠢᠨ ᠳᠤ ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠂ ᠬᠥᠳᠡᠭᠡ ᠲᠣᠰᠬᠤᠨ ᠤ ︽ᠠᠷᠪᠠ ᠵᠠᠭᠤ | ᠮᠢᠩᠭ᠎ᠠ︾ ᠵᠢᠨᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠬᠥᠮᠥᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠂ | ᠰᠠᠭᠤᠷᠢ ᠲᠥᠬᠦᠭᠡᠷᠦᠮᠵᠢ ᠶᠢ ᠲᠡᠰ ᠳᠡᠪᠰᠢᠭᠦᠯᠬᠦ ᠶᠢ ᠠᠬᠢᠭᠤᠯᠵᠤ ᠂ ᠤᠷᠤᠰᠢᠨ ᠰᠠᠭᠤᠬᠤ ᠳᠤ ᠳᠠᠭᠠᠯᠠᠮᠵᠢᠳᠠᠢ ᠤᠶᠢᠯᠡᠰ ᠪᠦᠳᠤᠭᠡᠬᠦ ᠳᠤ ᠳᠤᠬᠢᠷᠠᠮᠵᠢᠳᠠᠢ | ᠦᠵᠡᠰᠬᠦᠯᠡᠩᠳᠤ ᠰᠠᠶᠢᠬᠠᠨ ᠳᠤᠰᠬᠤᠨ ᠢ 20 ᠠᠴᠠ ᠳᠡᠭᠡᠭᠰᠢ ᠂ ᠪᠦᠬᠦ ᠤᠯᠤᠰ ᠤᠨ ᠲᠡᠷᠢᠭᠦᠨ ᠤ ᠦᠯᠢᠬᠡᠷ ᠳᠠᠭᠤᠷᠢᠶᠠᠯᠳᠤ ᠲᠣᠰᠬᠤᠨ ᠢ 5 ᠠᠴᠠ ᠳᠡᠭᠡᠭᠰᠢ | ᠪᠠᠶᠢᠭᠤᠯᠵᠤ ᠂ ᠬᠥᠳᠡᠭᠡ ᠲᠣᠰᠬᠤᠨ ᠪᠠ ᠬᠤᠳᠠ ᠶᠢᠨ ᠲᠤᠰ ᠲᠤᠰ ᠤᠨ ᠭᠤᠶᠤ ᠰᠠᠶᠢᠬᠠᠨ ᠢ ᠬᠠᠮᠲᠤᠳᠬᠠᠬᠤ ᠶᠢ ᠠᠬᠢᠭᠤᠯᠵᠤ ᠂ ᠥᠷᠭᠡᠨ ᠤᠯᠠᠨ ᠲᠠᠷᠢᠶᠠᠴᠢᠳ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠨᠡᠩ ᠤᠯᠠᠨ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠲᠠᠢ ᠪᠣᠯᠭᠠᠨ᠎ᠠ᠃ | ︵ ᠵᠢᠷᠭᠤᠭ᠎ᠠ ︶ ᠬᠦᠴᠦᠨ ᠢᠶᠠᠨ ᠲᠥᠪᠯᠡᠷᠡᠭᠦᠯᠦᠨ ᠴᠢᠨᠠᠷ ᠳᠡᠰ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠳᠦᠪᠯᠡᠷᠡᠬᠦᠯᠵᠤ ᠂ ᠣᠷᠣᠰᠢᠨ ᠰᠠᠭᠤᠬᠤ ᠳᠤ ᠳᠠᠭᠠᠯᠠᠮᠵᠢᠳᠠᠢ | ᠦᠢᠯᠡᠰ ᠪᠦᠳᠤᠭᠡᠬᠦ ᠳᠤ ᠲᠣᠬᠢᠷᠠᠮᠵᠢᠲᠠᠢ ᠬᠤᠲᠠ ᠶᠢ ᠴᠣᠭᠴᠠᠯᠠᠨ ᠪᠠᠶᠢᠭᠤᠯᠤᠨ᠎ᠠ | ᠬᠤᠳᠠ ᠶᠢᠨ ᠣᠷᠣᠨ ᠵᠠᠢ ᠶᠢᠨ ᠪᠠᠶᠢᠷᠢᠰᠢᠯ ᠢ ᠲᠠᠬᠢᠨ ᠪᠤᠢ ᠪᠣᠯᠭᠠᠨ᠎ᠠ᠃ ᠬᠤᠳᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ ᠂ ᠵᠡᠭᠦᠨᠭᠠᠷ ᠤᠨ ᠬᠤᠳᠠ ᠶᠢᠨ ᠪᠠᠶᠢᠷᠢᠰᠢᠯ ᠢ ᠤᠷᠢᠳᠴᠢᠯᠠᠨ ᠲᠥᠯᠥᠪᠵᠢᠭᠦᠯᠵᠦ ᠂ ᠤᠨᠢᠨ ᠳᠡᠭᠡᠷ᠎ᠡ ᠨᠢ ᠣᠷᠣᠨ ᠪᠠᠶᠢᠷᠢ ᠲᠣᠭᠲᠠᠭᠠᠨ᠎ᠠ᠃ | ᠵᠢᠯ ᠤᠨ ᠳᠣᠲᠣᠷ᠎ᠠ ᠬᠤᠶᠢᠳᠤ ᠠᠭᠤᠯᠠᠨ ᠤ ᠭᠡᠰᠡᠭ ᠤᠨ 23 ᠵᠤᠷᠪᠤᠰ ᠬᠤᠲᠠ ᠶᠢᠨ ᠵᠠᠮ ᠵᠢᠴᠢ ᠭᠠᠵᠠᠷ ᠳᠣᠣᠷᠠᠬᠢ ᠬᠤᠭᠤᠯᠠᠢ ᠲᠣᠣᠷ ᠢ ᠪᠥᠬᠦ ᠲᠠᠯ᠎ᠠ ᠪᠠᠷ ᠪᠠᠷᠢᠯᠭ᠎ᠠ | ᠳᠠᠭᠤᠰᠬᠠᠵᠤ ᠂ ᠵᠡᠭᠦᠨᠭᠠᠷ ᠳᠤᠮᠳᠠᠳᠤ ᠰᠤᠷᠭᠠᠭᠤᠯᠢ ᠵᠢᠴᠢ 5 ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠲᠤᠰᠢᠶᠠᠨ ᠥᠭᠴᠦ ᠬᠡᠷᠡᠭᠯᠡᠭᠦᠯᠵᠦ ᠂ | ᠵᠡᠭᠦᠨᠭᠠᠷ ᠤᠨ ᠡᠮᠨᠡᠯᠭᠡ ᠶᠢᠨ ᠬᠤᠷᠢᠶ᠎ᠠ ᠂ ᠬᠤᠲᠠ ᠶᠢᠨ ᠠᠷᠠᠳ ᠤᠨ ᠲᠥᠪ ᠵᠡᠷᠭᠡ ᠲᠥᠷᠥᠯ ᠵᠦᠢᠯ ᠢ ᠪᠥᠬᠦ ᠲᠠᠯ᠎ᠠ ᠪᠠᠷ ᠪᠠᠷᠢᠯᠭ᠎ᠠ ᠡᠬᠢᠯᠡᠭᠦᠯᠦᠨ᠎ᠡ ᠃ ᠵᠢᠶᠠ ᠵᠢᠶᠠ ᠸᠠᠨ ᠂ | ᠵᠧᠦ ᠵᠢᠶᠠ ᠸᠠᠨ ᠂ ᠰᠤᠵᠢ ᠶᠢᠨ ᠭᠤᠤᠯ ᠵᠡᠷᠭᠡ ᠣᠷᠣᠨ ᠪᠦᠰᠡ ᠶᠢᠨ ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢ ᠠᠬᠢᠭᠤᠯᠵᠤ ᠂ ᠱᠠᠬᠳᠠᠷ ᠤᠨ ᠬᠠᠭᠤᠴᠢᠨ | ᠬᠤᠲᠠ ᠶᠢ ᠰᠢᠨᠡᠳᠬᠡᠬᠦ ᠠᠯᠬᠤᠴᠠ ᠶᠢ ᠲᠦᠷᠭᠡᠳᠬᠡᠨ ᠂ ᠰᠤᠮᠤ ᠰᠢᠶᠠᠩ ᠪᠠᠯᠭᠠᠰᠤ ᠶᠢᠨ ᠰᠠᠭᠤᠷᠢ ᠳᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠪᠠ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠵᠦ ᠂ ᠬᠤᠲᠠ ᠬᠥᠳᠡᠭᠡ ᠶᠢ ᠬᠠᠮᠲᠤᠪᠠᠷ ᠪᠠᠶᠠᠵᠢᠭᠤᠯᠬᠤ ᠂ ᠠᠭᠤᠰᠤᠯᠴᠠᠭᠤᠯᠤᠨ ᠬᠥᠭᠵᠢᠭᠦᠯᠬᠦ ᠶᠢᠨ | ︽ ᠳᠠᠭᠠᠭᠤᠯᠤᠭᠴᠢ ︾ ᠪᠣᠯᠬᠤ ᠪᠠᠷ ᠴᠢᠷᠮᠠᠶᠢᠨ᠎ᠠ ᠃ | ᠣᠷᠣᠰᠢᠨ ᠰᠠᠭᠤᠬᠤ ᠣᠷᠴᠢᠨ ᠳᠤᠭᠤᠷᠢᠨ ᠤ ᠴᠢᠨᠠᠷ ᠳᠡᠰ ᠢ ᠳᠡᠭᠡᠭᠰᠢᠯᠡᠭᠦᠯᠦᠨ᠎ᠡ᠃ ᠬᠤᠲᠠ ᠶᠢᠨ ᠲᠣᠭᠤᠷᠢᠭ ᠢ ᠰᠢᠨᠡᠳᠬᠡᠨ ᠥᠭᠡᠷᠡᠴᠢᠯᠡᠬᠦ ᠶᠢ ᠲᠦᠷᠭᠡᠳᠬᠡᠨ | ᠠᠬᠢᠭᠤᠯᠵᠤ ᠂ ᠴᠠᠬᠢᠯᠭᠠᠨ ᠱᠠᠲᠤ ᠨᠡᠮᠡᠵᠦ ᠤᠭᠰᠠᠷᠠᠬᠤ ᠠᠮᠤᠷ ᠲᠦᠪᠰᠢᠨ ᠤ ᠳᠠᠯᠳᠠ ᠬᠡᠮ ᠢ ᠰᠡᠷᠭᠡᠶᠢᠯᠡᠬᠦ ᠢᠨᠵᠧᠨᠧᠷᠢᠩ ᠢ ᠬᠡᠷᠡᠭᠵᠢᠭᠦᠯᠦᠨ ᠂ 10 ᠰᠠᠯᠪᠤᠷᠢ | ᠱᠤᠭᠤᠮ ᠤᠨ ᠵᠠᠮ ᠵᠢᠴᠢ ᠬᠤᠭᠤᠯᠠᠢ ᠲᠣᠣᠷ ᠤᠨ ᠥᠭᠡᠷᠡᠴᠢᠯᠡᠯᠲᠡ ᠂ 22 ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠪᠠ 35 ᠰᠠᠭᠤᠭᠠᠯᠢ | ᠲᠣᠭᠤᠷᠢᠭ ᠤᠨ ᠳᠡᠭᠡᠬᠦᠷ ᠱᠤᠭᠤᠮ ᠤᠨ ᠴᠡᠭᠴᠡᠯᠡᠨ ᠵᠠᠰᠠᠯᠲᠠ ᠶᠢ ᠪᠡᠶᠡᠯᠡᠭᠦᠯᠦᠨ᠎ᠡ ᠃ ᠨᠡᠶᠢᠭᠡᠮ ᠲᠣᠭᠤᠷᠢᠭ ᠤᠨ ᠴᠢᠳᠠᠮᠵᠢ ᠶᠢ ᠴᠢᠩᠭᠠᠷᠠᠭᠤᠯᠵᠤ ᠂ ᠨᠡᠶᠢᠭᠡᠮ | ᠲᠣᠭᠤᠷᠢᠭ ᠤᠨ ᠶᠡᠷᠦᠩᠬᠡᠶᠢᠯᠡᠭᠰᠡᠨ ᠴᠣᠭᠴᠠ ᠶᠢ ᠰᠢᠨ᠎ᠡ ᠪᠠᠷ 4ᠪᠠᠶᠢᠭᠤᠯᠤᠨ᠎ᠠ᠃ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢ ᠴᠢᠩᠭᠠᠳᠬᠠᠵᠤ ᠂ 4G ᠂ | 5G ᠶᠢᠨ ᠰᠦᠯᠵᠢᠶ᠎ᠡ ᠶᠢ ᠪᠥᠬᠦ ᠤᠷᠤᠨ ᠪᠦᠰᠡ ᠳᠤ ᠪᠦᠷᠬᠦᠭᠦᠯᠬᠦ ᠶᠢ ᠪᠡᠶᠡᠯᠡᠭᠦᠯᠦᠨ᠎ᠡ ᠃ 9 ᠡᠯ᠎ᠡ ᠲᠦᠷᠦᠯ ᠤᠨ ᠴᠡᠴᠡᠷᠯᠢᠭ ᠢ ᠰᠢᠨ᠎ᠡ ᠪᠠᠷ ᠦᠷᠭᠦᠯᠵᠢᠯᠡᠨ | ᠪᠠᠶᠢᠭᠤᠯᠵᠤ ᠂ 39.6 ᠲᠦᠮᠡᠨ ᠲᠡᠭᠰᠢ ᠳᠥᠷᠪᠡᠯᠵᠢᠨ ᠮᠧᠲᠷ ᠤᠨ ᠨᠣᠭᠤᠭᠠᠨ ᠭᠠᠵᠠᠷ ᠢ ᠰᠢᠨ᠎ᠡ ᠪᠠᠷ ᠨᠡᠮᠡᠭᠳᠡᠭᠦᠯᠦᠨ ᠥᠭᠡᠷᠡᠴᠢᠯᠡᠨ᠎ᠠ᠃ ︽ᠰᠢᠶᠠᠨ ᠤ ᠬᠡᠪᠴᠢᠶᠡᠨ ᠤ | ᠬᠤᠳᠠ ᠶᠢᠨ ᠰᠢᠨᠡᠴᠢᠯᠡᠯᠲᠡ ᠶᠢᠨ ᠶᠡᠭᠡ ᠬᠤᠷᠠᠯ︾ ᠤᠨ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠠ᠃ | ᠰᠠᠭᠤᠷᠢ ᠳᠦᠬᠦᠭᠡᠷᠤᠮᠵᠢ ᠶᠢᠨ ᠲᠤᠯᠭᠠᠭᠤᠷᠢᠯᠠᠯ ᠢ ᠪᠠᠬᠢᠵᠢᠭᠦᠯᠦᠨ᠎ᠡ ᠃ ᠬᠤᠳᠠ ᠶᠢᠨ ᠲᠣᠭᠤᠷᠢᠭ ᠤᠨ ︽ᠬᠤᠣᠰ ᠤᠰᠤᠨ ᠵᠣᠭᠤᠷᠢ ᠶᠢ ᠬᠠᠷᠢᠯᠴᠠᠨ | ᠨᠡᠪᠲᠡᠷᠡᠯᠴᠡᠬᠦᠯᠬᠦ ᠂ ᠲᠠᠪᠤᠨ ᠤᠰᠤᠨ ᠢᠷᠡᠯᠳᠡ ᠶᠢᠨ ᠭᠠᠵᠠᠷ ᠤᠨ ᠪᠠᠲᠤᠯᠠᠭ᠎ᠠ︾ ᠶᠢᠨ ᠤᠰᠤ ᠬᠠᠩᠭᠠᠬᠤ ᠰᠢᠨ᠎ᠡ ᠪᠠᠶᠢᠷᠢᠰᠢᠯ ᠢ ᠲᠦᠷᠭᠡᠳᠭᠡᠨ ᠪᠠᠶᠢᠭᠤᠯᠵᠤ ᠂ | ︽ᠳᠤᠯᠠᠭᠠᠯᠠᠬᠤ ᠢᠨᠵᠧᠨᠧᠷᠢᠩ︾ ᠪᠠ ᠭᠤᠤᠯᠳᠠᠯᠭᠠᠳᠤ ᠬᠤᠳᠠ ᠶᠢᠨ ᠲᠣᠭᠤᠷᠢᠭ ᠤᠨ 110 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡ ᠵᠡᠷᠭᠡ ᠴᠠᠬᠢᠯᠭᠠᠨ | ᠬᠠᠩᠭᠠᠬᠤ ᠢᠨᠵᠧᠨᠧᠷᠢᠩ ᠢ ᠬᠡᠷᠡᠭᠵᠢᠭᠦᠯᠵᠦ ᠂ ᠤᠯᠠᠨ ᠲᠦᠮᠡᠨ ᠤ ᠤᠰᠤ ᠴᠠᠬᠢᠯᠭᠠᠨ ᠳᠤᠯᠠᠭᠠᠯᠠᠭ᠎ᠠ ᠰᠢᠳᠠᠮᠠᠬᠠᠢ ᠬᠡᠢ ᠭᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠷᠪᠠᠨ ᠵᠢᠯ ᠤᠨ ᠰᠠᠶᠢᠵᠢᠷᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ | ᠵᠠᠰᠠᠬᠤ ᠶᠢ ᠴᠢᠩᠭᠠᠳᠬᠠᠨ ᠂ ᠶᠦᠩ ᠰᠢᠩ ᠳ᠋ᠢᠶᠠᠨ ᠠᠴᠠ ᠰᠤᠵᠢ ᠶᠢᠨ ᠭᠤᠤᠯ ᠬᠦᠷᠬᠦ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ ᠂ ᠨᠠᠷᠠᠰᠤᠨ ᠠᠴᠠ ᠯᠦᠩ ᠺᠸᠤ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ ᠂ ᠰᠢᠤᠸᠠᠢ ᠵᠢᠶᠠ ᠸᠠᠨ ᠠᠴᠠ ᠸᠧᠢ ᠵᠢᠶᠠ ᠮᠤᠤ | ᠬᠦᠷᠬᠦ ᠱᠤᠭᠤᠮ ᠤᠨ ᠳᠦᠭᠵᠢᠷᠡᠯ ᠢ ᠨᠡᠪᠲᠡᠷᠡᠭᠦᠯᠬᠦ ᠲᠠᠰ ᠳᠡᠪᠰᠢᠭᠦᠯᠬᠦ ᠥᠭᠡᠷᠡᠴᠢᠯᠡᠨ ᠵᠠᠰᠠᠬᠤ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠵᠤ ᠂ ᠸᠧᠢ ᠵᠢᠶᠠ | ᠮᠣᠣ ᠬᠤᠲᠠ ᠳᠤᠭᠤᠷᠢᠬᠰᠠᠨ ᠱᠤᠭᠤᠮ ᠂ ᠴᠢᠩ ᠳ᠋ᠡ ᠵᠦᠷᠢᠯᠢᠭ ᠵᠠᠮ ᠬᠠᠷᠢᠯᠴᠠᠭ᠎ᠠ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ ᠂ | ᠵᠠᠮ ᠤᠨ ︽ ᠶᠡᠭᠡ ᠣᠷᠴᠢᠯ ᠬᠢᠭᠡᠳ ᠵᠢᠵᠢᠭ ᠣᠷᠴᠢᠯ ︾ ᠢ ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠦᠨ᠎ᠡ ᠃ | ︵ ᠳᠣᠯᠤᠭ᠎ᠠ ︶ ᠬᠦᠴᠤᠨ ᠢᠶᠠᠨ ᠳᠦᠪᠯᠡᠷᠡᠬᠦᠯᠤᠨᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠠᠷᠠᠳ ᠤᠨ | ᠠᠮᠢᠳᠤᠷᠠᠯ ᠤᠨ ᠪᠤᠶᠠᠨ ᠭᠡᠰᠢᠭ ᠢ ᠲᠠᠰᠤᠷᠠᠯᠲᠠ ᠦᠭᠡᠢ ᠨᠡᠮᠡᠭᠳᠡᠭᠦᠯᠦᠨ᠎ᠡ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠳᠤᠪᠤᠶᠢᠯᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ᠂ ᠬᠥᠳᠡᠭᠡ ᠲᠣᠰᠬᠤᠨ ᠠᠴᠠ | ᠰᠢᠯᠵᠢᠭᠰᠡᠨ ᠬᠥᠳᠡᠯᠮᠦᠷᠢ ᠬᠦᠴᠦᠨ᠂ ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠦᠮᠤᠰ ᠢ ᠴᠢᠩᠭ᠎ᠠ | ᠠᠩᠬᠠᠷᠴᠤ ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠂ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ ᠂ ᠰᠦᠯᠵᠢᠶᠡᠨ ᠳᠡᠭᠡᠷ᠎ᠡ ᠪᠠ | ᠰᠦᠯᠵᠢᠶᠡᠨ ᠠᠴᠠ ᠭᠠᠳᠠᠨ᠎ᠠ ᠤᠷᠢᠵᠤ ᠬᠡᠷᠡᠭᠯᠡᠬᠦ ᠂ ᠦᠢᠯᠡᠳᠪᠦᠷᠢᠯᠡᠯ ᠪᠠ ᠵᠢᠭᠠᠨ ᠰᠤᠷᠭᠠᠯᠳᠠ ᠶᠢ ᠠᠭᠤᠰᠤᠯᠴᠠᠭᠤᠯᠬᠤ ᠵᠡᠷᠭᠡ ᠬᠠᠮ ᠠᠷᠭ᠎ᠠ ᠪᠠᠷᠢᠯ ᠢ ᠰᠠᠶᠢᠲᠤᠷ | ᠬᠡᠷᠡᠭᠵᠢᠭᠦᠯᠵᠦ ᠂ ᠬᠤᠳᠠ ᠪᠠᠯᠭᠠᠰᠤᠨ ᠤ 3400 ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠦᠨᠡᠨ ᠬᠦ ᠪᠠᠲᠤᠯᠠᠵᠤ ᠂ ︽ᠠᠵᠢᠯ ᠲᠠᠢ ᠬᠥᠮᠥᠨ ᠦᠭᠡᠢ︾ ᠭᠡᠷ | ᠪᠦᠯᠢ ᠶᠢ ᠬᠥᠳᠡᠯᠦᠩᠭᠦᠢ ᠪᠠᠷ ᠦᠭᠡᠢ ᠪᠤᠯᠭᠠᠬᠤ ᠶᠢ ᠪᠠᠲᠤᠯᠠᠨ᠎ᠠ᠃ | ᠤᠯᠠᠨ ᠳᠠᠪᠬᠤᠷᠭᠠᠲᠤ ᠨᠡᠶᠢᠭᠡᠮ ᠤᠨ ᠪᠠᠲᠤᠯᠠᠭ᠎ᠠ ᠶᠢ ᠥᠷᠭᠡᠳᠬᠡᠨ᠎ᠡ᠃ ︽ ᠨᠠᠰᠤᠲᠠᠶᠢᠴᠤᠳ ᠪᠠ ᠬᠡᠤᠬᠡᠳ︾ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠪᠠ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠥᠷᠲᠡᠭᠡ ᠶᠢ ᠰᠤᠮᠤ ᠰᠢᠶᠠᠩ ᠪᠠᠯᠭᠠᠰᠤ | ᠵᠡᠭᠡᠯᠢ ᠭᠤᠳᠤᠮᠵᠢ ᠬᠦᠷᠳᠡᠯ᠎ᠠ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ ᠂ 2300 ᠡᠷᠦᠬᠡ ᠠᠴᠠ ᠳᠡᠭᠡᠭᠰᠢ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ | ᠬᠡᠷᠡᠭᠵᠢᠭᠦᠯᠵᠦ ᠂ ︽ ᠵᠦᠨ ᠰᠢᠶᠠᠩ ᠹᠦ᠋ ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠣᠨᠴᠠᠯᠢᠭᠲᠤ ᠲᠥᠷᠥᠯ ᠲᠡᠮᠳᠡᠭᠲᠦ ᠶᠢ ᠳᠡᠯᠭᠡᠷᠡᠭᠦᠯᠦᠨ᠎ᠡ ᠃ | ᠨᠠᠰᠤᠵᠢᠯ ᠤᠨ ᠠᠰᠠᠷᠠᠮᠵᠢ ᠶᠢᠨ ᠮᠥᠩᠭᠦ ᠂ ᠡᠮ ᠡᠮᠨᠡᠯᠭᠡ ᠶᠢᠨ ᠳᠠᠭᠠᠳᠬᠠᠯ ᠂ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠬᠠᠷᠠᠭᠠᠯᠵᠠᠯ ᠤᠨ ᠪᠠᠷᠢᠮᠵᠢᠶ᠎ᠠ ᠶᠢ | ᠲᠣᠭᠲᠠᠭᠤᠨ ᠢᠶᠠᠷ ᠳᠡᠭᠡᠭᠰᠢᠯᠡᠭᠦᠯᠵᠦ ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠳᠤᠬᠳᠠᠯᠴᠠᠭ᠎ᠠ ᠶᠢ ᠴᠢᠨᠠᠬᠰᠢᠳᠠ ᠪᠦᠷᠢᠨᠰᠢᠬᠦᠯᠤᠨ᠎ᠠ᠃ ᠵᠡᠭᠦᠨᠭᠠᠷ ᠤᠨ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠪᠥᠬᠦ ᠣᠷᠣᠨ ᠤ | ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢᠨ ᠵᠢᠱᠢᠶ᠎ᠡ ᠦᠵᠡᠭᠦᠯᠬᠦ ᠴᠢᠨᠠᠷᠲᠠᠢ ᠨᠡᠶᠢᠲᠡ ᠶᠢᠨ ᠣᠩᠭᠤᠨ ᠢ ᠪᠣᠶ ᠪᠣᠯᠭᠠᠨ᠎ᠠ ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠨᠡᠷᠡᠳᠦ ᠪᠠᠭᠰᠢ ᠶᠢ ᠬᠥᠮᠥᠵᠢᠭᠦᠯᠬᠦ ︽ᠠᠷᠪᠠ ᠵᠠᠭᠤ ᠮᠢᠩᠭ᠎ᠠ︾ ᠶᠢᠨ | ᠢᠨᠵᠧᠨᠧᠷᠢᠩ ᠢ ᠬᠡᠷᠡᠭᠵᠢᠭᠦᠯᠵᠦ ᠂ ᠰᠢᠯᠢᠳᠡᠭ ᠲᠡᠭᠦᠰᠦᠭᠰᠡᠨ ᠤᠶᠤᠳᠠᠨ ᠂ ᠨᠡᠷᠡᠳᠦ ᠰᠢᠯᠢᠳᠡᠭ ᠪᠠᠭᠰᠢ ᠶᠢ 125 ᠣᠷᠣᠭᠤᠯᠤᠨ ᠠᠪᠴᠢᠷᠠᠵᠤ ᠂ ᠲᠤᠰ ᠨᠤᠲᠤᠭ ᠤᠨ | ᠨᠡᠷᠡᠳᠦ ᠪᠠᠭᠰᠢ ᠪᠠ ᠨᠡᠷᠡᠳᠦ ᠰᠤᠷᠭᠠᠭᠤᠯᠢ ︵ ᠴᠡᠴᠡᠷᠯᠢᠭ︶ ᠶᠢᠨ ᠵᠠᠬᠢᠷᠤᠯ ᠢ 370 ᠬᠥᠮᠥᠵᠢᠭᠦᠯᠤᠨᠠ᠃ ᠰᠤᠷᠭᠠᠭᠤᠯᠢ ᠶᠢᠨ ᠪᠠᠶᠢᠷᠢᠰᠢᠯ ᠢ ᠰᠢᠯᠢᠳᠡᠭᠵᠢᠭᠦᠯᠵᠦ ᠂ 24 | ᠳᠤᠮᠳᠠᠳᠤ ᠪᠠᠭ᠎ᠠ ᠰᠤᠷᠭᠠᠭᠤᠯᠢ ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠥᠭᠡᠷᠡᠴᠢᠯᠡᠨ ᠥᠷᠭᠡᠳᠬᠡᠨ ᠪᠠᠶᠢᠭᠤᠯᠵᠤ ᠂ ᠪᠥᠬᠦ ᠬᠤᠰᠢᠭᠤᠨ ᠤ 26 ᠬᠠᠭᠤᠴᠢᠨ | ᠰᠤᠷᠭᠠᠭᠤᠯᠢ ᠶᠢᠨ ᠬᠦᠷᠢᠶᠡᠨ ᠤ ᠲᠥᠬᠦᠭᠡᠷᠦᠮᠵᠢ ᠪᠠ ᠣᠷᠴᠢᠨ ᠲᠣᠭᠤᠷᠢᠨ ᠢ ᠪᠦᠯᠦᠭ ᠬᠤᠪᠢᠶᠠᠨ ᠥᠭᠡᠷᠡᠴᠢᠯᠡᠨ ᠰᠠᠶᠢᠵᠢᠷᠠᠭᠤᠯᠤᠨ᠎ᠠ ᠃ ᠪᠦᠯᠦᠭᠯᠡᠯᠵᠢᠭᠰᠡᠨ | ᠰᠤᠷᠭᠠᠭᠤᠯᠢ ᠡᠷᠭᠢᠯᠡᠬᠦ ᠲᠤᠰᠬᠠᠢ ᠪᠡᠯᠡ ᠮᠥᠩᠭᠦ ᠭᠠᠷᠭᠠᠵᠤ ᠂ ︽ 1+N ︾ ᠪᠦᠯᠬᠦᠮ ᠤᠨ ᠳᠠᠪᠠᠭᠤᠯᠢᠭ ᠵᠢᠭᠠᠨ ᠰᠤᠷᠭᠠᠯᠲᠠ ᠶᠢᠨ ᠵᠢᠱᠢᠶ᠎ᠡ ᠦᠵᠡᠭᠦᠯᠬᠦ ᠵᠠᠭᠪᠤᠷ ᠢ | ᠰᠦᠪᠡᠭᠴᠢᠯᠡᠨ ᠬᠡᠷᠡᠭᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ︽ ᠢᠨᠲ᠋ᠧᠷ ᠰᠦᠯᠵᠢᠶ᠎ᠡ + ᠰᠤᠷᠭᠠᠨ ᠬᠥᠮᠦᠵᠢᠯ ︾ ᠤᠨ ᠵᠢᠱᠢᠶ᠎ᠡ ᠦᠵᠡᠭᠦᠯᠬᠦ ᠣᠷᠣᠨ ᠤ | ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ ᠃ ᠭᠠᠷᠠᠭ ᠤᠨ ᠰᠡᠭᠦᠯᠴᠢ ᠂ ᠡᠪᠦᠯ ᠵᠤᠨ ᠤ ᠠᠮᠠᠷᠠᠯᠲᠠ ᠶᠢᠨ ᠬᠤᠭᠤᠴᠠᠭᠠᠨ ᠳᠠᠬᠢ ᠡᠯ᠎ᠡ | ᠰᠤᠷᠭᠠᠭᠤᠯᠢ ᠶᠢᠨ ᠨᠠᠰᠤᠨ ᠤ ᠱᠠᠲᠤᠨ ᠤ ᠰᠤᠷᠭᠠᠨ ᠬᠥᠮᠦᠵᠢᠯ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ | ᠪᠦᠬᠦ ᠨᠡᠶᠢᠭᠡᠮ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠬᠡᠷᠡᠭᠴᠡᠭᠡ ᠶᠢ ᠤᠯᠠᠨ ᠲᠠᠯ᠎ᠠ ᠠᠴᠠ ᠬᠠᠩᠭᠠᠨ᠎ᠠ᠃ | ᠡᠷᠡᠭᠦᠯ ᠮᠡᠨᠳᠦ ᠵᠡᠭᠦᠨᠭᠠᠷ ᠤᠨ ᠪᠠᠶᠢᠭᠤᠯᠤᠯᠲᠠ ᠶᠢ ᠠᠬᠢᠭᠤᠯᠤᠨ᠎ᠠ ᠃ ᠪᠥᠬᠦ ᠣᠷᠣᠨ ᠤ ᠲᠡᠷᠢᠭᠦᠨ ᠤ ᠡᠷᠡᠭᠦᠯ ᠬᠠᠮᠠᠭᠠᠯᠠᠯ ᠤᠨ ᠬᠦᠴᠦᠷᠬᠡᠭ ᠬᠤᠰᠢᠭᠤ ᠶᠢ ᠪᠦᠲᠦᠭᠡᠨ | ᠪᠠᠶᠢᠭᠤᠯᠬᠤ ᠪᠠᠷ ᠬᠠᠷᠠᠯᠲᠠ ᠪᠣᠯᠭᠠᠵᠤ ᠂ ︽ ᠮᠢᠩᠭᠠᠨ ᠰᠢᠶᠠᠨ ᠤ ᠢᠨᠵᠧᠨᠧᠷᠢᠩ ︾ ᠤᠨ ᠵᠢᠱᠢᠶ᠎ᠡ ᠦᠵᠡᠭᠦᠯᠬᠦ ᠡᠮᠨᠡᠯᠭᠡ ᠶᠢᠨ ᠬᠤᠷᠢᠶ᠎ᠠ ᠂ ︽ ᠤᠯᠤᠰ ᠤᠨ | ᠪᠠᠷᠢᠮᠵᠢᠶᠠᠵᠢᠭᠤᠯᠤᠭᠰᠠᠨ ᠡᠮᠡᠭᠲᠡᠢ ᠶᠢᠨ ᠰᠠᠯᠠᠭᠠᠨ ᠤ ᠡᠪᠡᠳᠴᠢᠨ ᠡᠮᠭᠡᠭ ᠢ ᠣᠨᠣᠰᠢᠯᠠᠨ ᠡᠮᠨᠡᠬᠦ ᠲᠥᠪ ︾ ᠂ ᠬᠢᠲᠠᠳ ︵ ᠮᠣᠩᠭᠤᠯ ︶ ᠡᠮᠨᠡᠯᠭᠡ ᠶᠢᠨ ᠶᠡᠷᠦᠩᠬᠡᠶᠢᠯᠡᠭᠰᠡᠨ | ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠤᠨ᠎ᠠ ᠃ ᠴᠢᠨᠠᠷ ᠰᠠᠶᠢᠲᠠᠢ ᠳᠡᠭᠡᠳᠦ ᠲᠠᠰ | ᠳᠠᠪᠬᠤᠷᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ 50 ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 400 ᠣᠷᠣᠭᠤᠯᠤᠨ ᠠᠪᠴᠢᠷᠠᠨ᠎ᠠ ᠃ | ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠳᠤᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠴᠢᠨᠠᠷ ᠰᠠᠶᠢᠲᠠᠢ ᠡᠮᠴᠢᠯᠡᠭᠡᠨ ᠤ ᠡᠬᠢ | ᠪᠠᠶᠠᠯᠢᠭ ᠢ ᠪᠠᠯᠭᠠᠰᠤ ᠲᠣᠰᠬᠤᠨ ᠳᠡᠶᠢᠰᠢ ᠪᠦᠷᠬᠦᠬᠦᠯᠬᠦ ᠶᠢ ᠠᠬᠢᠭᠤᠯᠤᠨ᠎ᠠ ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠭᠤᠣᠯᠳᠠᠯᠭ᠎ᠠ ᠲᠠᠢ ᠸᠠᠺᠼᠢᠨ ᠤ ᠲᠠᠷᠢᠯᠭ᠎ᠠ ᠶᠢᠨ ᠨᠥᠬᠦᠪᠦᠷᠢ ᠶᠢᠨ ᠳᠦᠷᠤᠯ ᠵᠤᠶᠢᠯ ᠢ ᠬᠡᠷᠡᠭᠵᠢᠭᠦᠯᠵᠦ ᠂ ᠬᠠᠷᠰᠢᠮᠠᠲᠠᠭᠠᠢ | ᠴᠢᠨᠠᠷᠲᠠᠢ ᠬᠠᠮᠠᠷ ᠤᠨ ᠦᠷᠪᠢᠰᠦᠯ ᠤᠨ ᠡᠭᠦᠳᠡᠨ ᠡᠮᠨᠡᠯᠭᠡ ᠶᠢᠨ ᠳᠠᠭᠠᠳᠬᠠᠯ ᠤᠨ ᠪᠠᠳᠤᠯᠠᠭ᠎ᠠ ᠶᠢ ᠴᠢᠩᠭᠠᠳᠬᠠᠨ᠎ᠠ᠃ | ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ 200 ᠢᠨᠵᠧᠨᠧᠷᠢᠩ ᠢ | ᠦᠷᠭᠦᠯᠵᠢᠯᠡᠨ ᠠᠬᠢᠭᠤᠯᠵᠤ ᠂ ᠠᠷᠠᠳ ᠲᠤ ᠠᠰᠢᠭ ᠬᠦᠷᠲᠡᠭᠡᠬᠦ 20 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ ᠂ ᠤᠯᠠᠨ ᠨᠡᠶᠢᠲᠡ ᠶᠢᠨ | ᠰᠣᠶᠣᠯ ᠤᠨ ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠂ ᠳᠡᠩᠴᠡᠬᠦᠷᠢᠰᠢᠬᠦᠯᠬᠦ ᠶᠢ ᠠᠬᠢᠭᠤᠯᠤᠨ᠎ᠠ᠃ ᠠᠷᠠᠳ ᠲᠤ ᠠᠰᠢᠭ ᠬᠦᠷᠲᠡᠭᠡᠬᠦ ᠰᠣᠶᠣᠯ ᠤᠨ | ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠡᠷᠬᠢᠯᠡᠵᠦ ᠂ ᠦᠨᠳᠦᠰᠦᠨ ᠱᠠᠲᠤᠨ ᠤ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠬᠥᠭᠵᠢᠭᠡᠨ ᠲᠠᠢ ᠪᠣᠯᠭᠠᠨ᠎ᠠ᠃ ᠳᠠᠭᠤᠤ | ᠬᠥᠭᠵᠢᠮᠲᠦ ᠵᠦᠴᠦᠭᠡ ︽ ᠬᠠᠲᠤᠨ ᠭᠤᠣᠯ ᠤᠨ ᠰᠡᠳᠬᠢᠯᠭᠡ ︾ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠵᠦᠴᠦᠭᠡ ᠶᠢ ᠵᠣᠬᠢᠶᠠᠨ ᠪᠦᠲᠦᠭᠡᠵᠦ ᠂ ᠤᠯᠠᠭᠠᠨᠮᠥ᠋ᠴᠢᠷ ᠤᠨ | ᠲᠣᠭᠤᠷᠢᠨ ᠲᠣᠭᠯᠠᠯᠲᠠ ᠬᠢᠬᠦ ᠶᠢ ᠥᠷᠨᠢᠭᠦᠯᠦᠨ᠎ᠡ ᠃ ᠪᠦᠬᠦ ᠤᠯᠤᠰ ᠤᠨ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ | ᠠᠵᠢᠯ ᠢ ᠪᠦᠬᠦ ᠲᠠᠯ᠎ᠠ ᠪᠠᠷ ᠰᠠᠶᠢᠳᠤᠷ ᠬᠢᠨ᠎ᠠ᠃ | ︵ᠨᠠᠢᠮᠠ︶ ᠬᠦᠴᠦᠨ ᠢᠶᠠᠨ ᠲᠥᠪᠯᠡᠷᠡᠭᠦᠯᠦᠨ ᠬᠤᠷᠢᠭ᠎ᠠ ᠱᠤᠭᠤᠮ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠡᠯ᠎ᠡ ᠲᠦᠷᠦᠯ ᠤᠨ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ | ᠬᠦᠨᠳᠦ ᠶᠡᠭᠡᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ ᠂ ᠠᠵᠤ ᠠᠬᠤᠢ ᠂ ᠮᠥᠩᠭᠦᠨ ᠭᠦᠢᠯᠭᠡᠭᠡᠨ ᠂ ᠴᠢᠬᠤᠯᠠ ᠶᠡᠭᠡ ᠰᠠᠭᠤᠷᠢ ᠳᠦᠬᠦᠭᠡᠷᠤᠮᠵᠢ ᠂ ᠰᠦᠯᠵᠢᠶ᠎ᠡ ᠂ ᠡᠬᠢ ᠪᠠᠶᠠᠯᠢᠭ ᠵᠡᠷᠭᠡ ᠬᠦᠷᠢᠶ᠎ᠡ | ᠴᠠᠷᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠳᠤᠬᠳᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ ᠂ ᠬᠤᠰᠢᠭᠤᠨ ᠤ ᠳᠣᠲᠣᠷᠠᠬᠢ 2 ᠠᠶᠤᠯ ᠲᠦᠭᠰᠢᠭᠦᠷᠢ | ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ ᠶᠠᠳᠠᠭᠤ ᠮᠠᠯᠠᠭᠠᠢ ᠪᠠᠨ ᠲᠠᠶᠠᠬᠳᠠᠬᠤ ︾ ᠠᠵᠢᠯ ᠢ ᠲᠦᠷᠭᠡᠳᠬᠡᠨ ᠠᠬᠢᠭᠤᠯᠵᠤ ᠂ ᠰᠢᠰᠲ᠋ᠧᠮ ᠤᠨ ᠴᠢᠨᠠᠷᠲᠠᠢ | ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ ᠃ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠴᠢᠳᠠᠪᠤᠷᠢ ᠶᠢ ᠴᠢᠩᠭᠠᠷᠠᠭᠤᠯᠵᠤ ᠂ | ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠨ᠎ᠠ᠃ | ᠨᠡᠶᠢᠭᠡᠮ ᠤᠨ ᠵᠠᠰᠠᠯᠲᠠ ᠶᠢ ᠰᠢᠨᠡᠴᠢᠯᠡᠨ ᠲᠡᠭᠦᠯᠳᠡᠷᠵᠢᠭᠦᠯᠦᠨ᠎ᠡ᠃ ᠰᠢᠨ᠎ᠡ ᠴᠠᠭ ᠦᠶ᠎ᠡ ᠶᠢᠨ︽ ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ ᠂ | ᠤᠳᠤᠷᠢᠳᠬᠤ ᠺᠠᠳ᠋ᠷ ᠤᠨ ᠰᠣᠷᠪᠤᠯᠵᠢᠯᠠᠯ ᠢ ᠬᠦᠯᠢᠶᠡᠨ ᠠᠪᠬᠤ ᠪᠠ ᠳᠣᠷᠣᠭᠰᠢ ᠪᠠᠭᠤᠵᠤ ᠪᠣᠯᠵᠣᠨ ᠰᠤᠷᠪᠤᠯᠵᠢᠯᠠᠬᠤ ᠶᠢ ᠭᠦᠨᠵᠡᠭᠡᠢ ᠠᠬᠢᠭᠤᠯᠵᠤ ᠂ ᠵᠠᠬᠢᠳᠠᠯ | ᠰᠣᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠲᠡᠭᠦᠯᠳᠡᠷᠵᠢᠭᠦᠯᠵᠦ ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ | ᠰᠢᠢᠳᠪᠦᠷᠢᠯᠡᠵᠦ ᠂ ᠡᠬᠦᠰᠴᠤ ᠪᠠᠶᠢᠭᠠᠦᠶᠠ ᠳᠤᠨᠢ ᠰᠢᠢᠳᠪᠦᠷᠢᠯᠡᠨ᠎ᠡ᠃ ︽ ᠵᠡᠭᠦᠨᠭᠠᠷ ᠤᠨ ᠳᠣᠲᠣᠭᠠᠳᠤ ᠶᠢ ᠬᠠᠮᠠᠭᠠᠯᠠᠬᠤ ᠣᠶᠤᠨᠴᠢ ᠲᠠᠷᠢᠬᠢ ︾ ᠶᠢ ᠰᠠᠶᠢᠲᠤᠷ | ᠠᠰᠢᠭᠯᠠᠵᠤ ᠂ ︽ ᠰᠢᠤᠸᠠᠢ ᠯᠢᠶᠠᠩ ᠢᠨᠵᠧᠨᠧᠷᠢᠩ ︾ ᠢ ᠲᠦᠷᠭᠡᠳᠬᠡᠨ ᠠᠬᠢᠭᠤᠯᠵᠤ ᠂ ᠠᠮᠤᠷ ᠠᠮᠤᠭᠤᠯᠠᠩ ᠵᠡᠭᠦᠨᠭᠠᠷ ᠤᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ ᠃ | ᠤᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ ᠂ ᠭᠤᠣᠯᠳᠠᠯᠭ᠎ᠠ ᠲᠠᠢ ᠠᠵᠢᠯ ᠲᠥᠷᠥᠯ ᠬᠦᠷᠢᠶ᠎ᠠ ᠴᠠᠷᠠᠭᠠᠨ ᠤ ᠠᠮᠤᠷ ᠲᠦᠪᠰᠢᠨ ᠤ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠭᠦᠨᠵᠡᠭᠡᠶᠢᠷᠡᠭᠦᠯᠦᠨ᠂ ᠡᠯ᠎ᠡ ᠵᠤᠶᠢᠯ ᠤᠨ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠪᠥᠬᠦ ᠣᠷᠣᠨ ᠪᠦᠰᠡ ᠶᠢᠨ ᠠᠶᠤᠯᠬᠦᠢ ᠦᠢᠯᠡᠳᠪᠦᠷᠢᠯᠡᠯ ᠤᠨ ᠦᠨᠡᠯᠡᠨ | ᠵᠢᠱᠢᠵᠦ ᠮᠡᠳᠡᠭᠦᠯᠬᠦ ᠲᠣᠭᠲᠠᠴᠠ ᠪᠠ ᠬᠥᠳᠡᠭᠡ ᠲᠣᠰᠬᠤᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠂ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶ᠎ᠠ ᠶᠢᠨ | ᠠᠵᠤ ᠠᠬᠤᠶᠢᠯᠠᠯ ᠵᠢᠴᠢ ᠦᠵᠡᠮᠵᠢ ᠶᠢᠨ ᠣᠷᠣᠨ ᠳᠤ ᠬᠡᠷᠡᠭᠯᠡᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ᠶᠢ ᠳᠤᠬᠳᠠᠭᠠᠨ | ᠪᠦᠷᠢᠨᠰᠢᠭᠦᠯᠵᠦ ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠢ ᠂ ᠪᠥᠬᠦ ᠲᠠᠯ᠎ᠠ ᠶᠢ ᠬᠠᠮᠤᠷᠤᠭᠰᠠᠨ ᠳᠦᠷᠢᠮ ᠤᠨ ᠳᠤᠬᠳᠠᠯᠴᠠᠭ᠎ᠠ ᠶᠢ ᠪᠠᠶᠢᠭᠤᠯᠤᠨ᠎ᠠ ᠃ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠠᠷᠠᠳ ᠤᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠳᠦᠪᠰᠢᠨ ᠢ ᠪᠠᠳᠤᠯᠠᠨ᠎ᠠ᠃ ᠢᠳᠡᠭᠡᠨ ᠤ ᠠᠮᠤᠷ ᠲᠦᠪᠰᠢᠨ ᠤ ᠬᠢᠵᠠᠭᠠᠷ ᠱᠤᠭᠤᠮ ᠢ ᠪᠥᠬᠦ ᠲᠠᠯ᠎ᠠ ᠪᠠᠷ ᠪᠠᠲᠤ ᠰᠠᠬᠢᠵᠤ ᠂ ᠤᠯᠤᠰ ᠤᠨ | ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠬᠦᠯᠬᠦ ᠬᠤᠳᠠ ᠶᠢ ᠡᠬᠦᠳᠤᠨ ᠪᠠᠶᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢ | ᠰᠢᠯᠢᠳᠡᠭᠵᠢᠭᠦᠯᠵᠦ ᠂ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠨ᠎ᠠ᠃ | ᠲᠥᠯᠥᠭᠡᠯᠡᠭᠴᠢᠳ ᠠ᠋ ᠂ ᠪᠢᠳᠡ ᠴᠠᠭ ᠢᠮᠠᠭᠲᠠ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢᠶᠠᠷ ᠡᠯ᠎ᠡ ᠳᠦᠷᠤᠯ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠬᠤᠲᠠ ᠶᠢ ᠨᠠᠩ ᠬᠠᠯᠠᠭᠤᠨ ᠳᠤᠯᠠᠭᠠᠨ ᠂ ᠠᠮᠢᠳᠤᠷᠠᠯ ᠢ ᠨᠠᠩ ᠵᠤᠯ ᠵᠢᠷᠭᠠᠯ ᠲᠠᠢ ᠂ ᠣᠯᠠᠨ ᠲᠦᠮᠡᠨ ᠢ | ᠨᠠᠩ ᠬᠠᠯᠠᠭᠤᠨ ᠳᠤᠯᠠᠭᠠᠨ ᠰᠠᠨᠠᠭᠳᠠᠭᠤᠯᠬᠤ ᠪᠤᠯᠭᠠᠨ᠎ᠠ ︕ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠳᠠᠯ᠎ᠠ ᠪᠠᠷ ᠴᠢᠩᠭᠠᠳᠬᠠᠨ᠎ᠠ | ᠰᠤᠷᠤᠯᠴᠠᠬᠤ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠤᠨ ᠂ | ᠲᠡᠭᠦᠨ ᠳᠤ ᠳᠤᠭᠤᠰᠢᠯᠠᠬᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯᠡᠲ᠋ᠠᠯᠠ ᠪᠦᠬᠦ ᠶᠠᠪᠤᠴᠠ ᠳᠤ | ᠳᠤᠭᠤᠰᠢᠯᠠᠭᠤᠯᠵᠤ ᠂ ᠪᠣᠳᠠᠲᠤ ᠠᠮᠵᠢᠯᠲᠠ ᠪᠦᠲᠦᠮᠵᠢ ᠪᠠᠷ ︽ ᠬᠤᠶᠠᠷ ᠢ ᠲᠣᠭᠲᠠᠭᠠᠬᠰᠠᠨ︾ ᠢ ᠬᠦᠷᠢᠶᠡᠯᠡᠵᠦ ᠂ ︽ᠲᠦᠷᠪᠡᠨ ᠤᠬᠠᠮᠰᠠᠷ︾ ᠢ ᠴᠢᠩᠭᠠᠳᠬᠠᠵᠤ ᠂ | ︽ᠲᠦᠷᠪᠡᠨ ᠢᠲᠡᠭᠡᠯ︾ ᠢ ᠪᠠᠲᠤᠳᠬᠠᠵᠤ ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠤᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠵᠠᠰᠠᠭ | ᠵᠠᠬᠢᠷᠭᠠᠨ ᠤ ᠴᠢᠬᠤᠯᠠ ᠶᠡᠭᠡᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠲᠠᠢ ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠬᠦ ᠶᠢ | ᠪᠡᠶᠡᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠬᠠᠤᠯᠢ ᠴᠠᠭᠠᠵᠠ ᠶᠢᠨ ᠬᠢᠨᠠᠯᠲᠠ᠂ ᠤᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠰᠠᠨᠠᠯ | ᠳᠤᠷᠠᠳᠤᠯᠭ᠎ᠠ ᠶᠢ ᠰᠠᠶᠢᠳᠤᠷ ᠬᠦᠢᠴᠡᠳᠭᠡᠨ᠎ᠠ ᠃ ᠬᠠᠤᠯᠢ ᠴᠠᠭᠠᠵᠠ ᠶᠢ ᠲᠦᠭᠡᠮᠡᠯᠵᠢᠭᠦᠯᠬᠦ ︽ ᠨᠠᠢᠮᠠᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢ | ᠨᠠᠶᠢᠳᠠᠪᠤᠷᠢᠵᠢᠭᠤᠯᠵᠤ ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠠᠵᠢᠯ ᠤᠨ | ᠬᠠᠮᠳᠤᠷᠠᠯ ᠬᠦᠴᠦᠨ ᠢ ᠴᠢᠩᠭᠠᠷᠠᠭᠤᠯᠤᠨ᠎ᠠ ᠃ ᠨᠠᠶᠢᠳᠠᠪᠤᠷᠢᠵᠢᠭᠤᠯᠤᠯᠲᠠ ᠶᠢᠨ ᠤᠳᠤᠷᠢᠳᠤᠮᠵᠢ ᠶᠢ ᠠᠳᠬᠤᠬᠤ ᠶᠢ ᠪᠠᠷᠢᠮᠲᠠᠯᠠᠵᠤ ᠂ ᠬᠠᠷᠢᠭᠤᠴᠠᠯᠭ᠎ᠠ ᠶᠢᠨ ᠬᠡᠯᠬᠢᠶ᠎ᠡ ᠶᠢ | ᠴᠢᠩᠭ᠎ᠠ ᠠᠳᠬᠤᠵᠤ ᠪᠣᠳᠠᠲᠠᠶᠢᠵᠢᠭᠤᠯᠤᠨ ᠂ ᠡᠯ᠎ᠡ ᠲᠦᠷᠦᠯ ᠤᠨ ᠠᠵᠢᠯ ᠢ ᠦᠨᠡᠨᠬᠦ ᠪᠣᠳᠠᠲᠠᠢ ᠪᠠᠷ ᠬᠢᠵᠦ ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠤᠷᠢᠶᠠᠵᠤ ᠦᠨᠡᠯᠡᠬᠦ ᠶᠢ ᠴᠢᠩᠭᠠᠳᠬᠠᠵᠤ ᠂ ᠺᠠᠳ᠋ᠷᠴᠤᠳ ᠤᠨ | ᠵᠣᠷᠢᠭᠲᠠᠢ ᠪᠠᠷ ᠬᠠᠷᠢᠭᠤᠴᠠᠬᠤ ᠂ ᠵᠣᠷᠢᠭᠲᠠᠢ ᠪᠠᠷ ᠡᠭᠦᠷᠭᠡᠯᠡᠬᠦ ᠂ ᠴᠢᠳᠠᠮᠠᠭᠠᠢ ᠪᠠᠷ ᠠᠵᠢᠯᠯᠠᠬᠤ ᠶᠢ ᠵᠣᠷᠢᠭᠵᠢᠭᠤᠯᠵᠤ ᠂ ᠠᠳᠠᠯᠢᠳᠬᠠᠬᠤ ᠰᠤᠷᠤᠯᠴᠠᠬᠤ ᠭᠦᠢᠴᠡᠬᠦ | ᠬᠠᠪᠰᠤᠷᠬᠤ ᠳᠠᠪᠠᠭ᠋ᠤ ᠂ ᠥᠷᠢᠰᠦᠯᠳᠦᠨ ᠨᠠᠶᠢᠳᠠᠪᠤᠷᠢᠵᠢᠭᠤᠯᠤᠯᠳᠠ ᠶᠢ ᠠᠳᠬᠤᠬᠤ ᠠᠵᠢᠯ ᠤᠨ ᠪᠠᠶᠢᠳᠠᠯ ᠢ ᠪᠤᠢ ᠪᠣᠯᠭᠠᠨ᠎ᠠ᠃ | ᠠᠷᠢᠭᠤᠨ ᠴᠢᠬᠡᠴᠢ ᠪᠠᠶᠢᠬᠤ ᠶᠢ ᠡᠭᠦᠷᠢᠳᠡ ᠪᠠᠲᠤᠯᠠᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠦᠷᠭᠦᠯᠵᠢᠯᠡᠨ ᠵᠠᠯᠠᠷᠠᠭᠤᠯᠵᠤ ᠂ ᠦᠨᠳᠦᠰᠦᠨ ᠱᠠᠲᠤᠨ ᠤ ᠪᠣᠳᠠᠲᠠᠢ ᠬᠦᠴᠢᠷᠳᠡᠯ ᠢ ᠰᠠᠶᠢᠲᠤᠷ | ᠰᠢᠢᠳᠪᠦᠷᠢᠯᠡᠨ᠎ᠡ᠃ ᠵᠠᠰᠠᠭ ᠤᠨ ᠠᠵᠢᠯ ᠤᠨ ᠠᠮᠵᠢᠯᠳᠠ ᠪᠦᠲᠦᠮᠵᠢ ᠶᠢᠨ ᠵᠥᠪ ᠦᠵᠡᠯᠲᠡ ᠶᠢ ᠪᠠᠲᠤ ᠪᠠᠬᠢ ᠪᠤᠢ ᠪᠣᠯᠭᠠᠨ ᠦᠢᠯᠡᠳᠦᠯᠭᠡᠵᠢᠭᠦᠯᠵᠦ ᠂ ︽ᠰᠢᠨ᠎ᠡ ᠳᠦᠷᠢ | ᠲᠥᠷᠬᠦ ᠶᠢᠨ ᠢᠨᠵᠧᠨᠧᠷᠢᠩ︾ ᠢ ᠡᠷᠡᠰ ᠢᠶᠠᠷ ᠰᠡᠷᠭᠡᠶᠢᠯᠡᠨ ᠵᠠᠯᠠᠷᠠᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ ᠂ ︽ ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠂ | ᠵᠠᠰᠠᠭ ᠤᠨ ᠣᠷᠳᠣᠨ ᠤ ︽ ᠠᠷᠪᠢᠴᠢ ᠭᠠᠮᠳᠠᠢ︾ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ︽ᠲᠣᠭᠲᠠᠭᠤᠨ︾ ᠢ ᠣᠯᠵᠤ ᠂ ᠤᠯᠠᠨ ᠲᠦᠮᠡᠨ ᠤ ︽ᠰᠠᠶᠢᠨ ᠰᠠᠶᠢᠬᠠᠨ | ᠠᠮᠢᠳᠤᠷᠠᠯ︾ ᠢ ᠰᠣᠯᠢᠵᠤ ᠠᠪᠴᠢᠷᠠᠨ᠎ᠠ᠃ | ᠲᠥᠯᠥᠭᠡᠯᠡᠭᠴᠢᠳ ᠠ᠋᠂ ᠥᠩᠭᠡᠷᠡᠭᠰᠡᠨ ᠨᠢ ᠴᠥᠮ ᠳᠡᠤᠭᠡ ᠪᠣᠯᠵᠤ ᠂ ᠢᠷᠡᠭᠡᠳᠦᠢ ᠨᠢ ᠴᠥᠮ ᠬᠦᠰᠡᠯ ᠡᠷᠡᠮᠡᠯᠵᠡᠯ ᠪᠣᠯᠬᠤ ᠶᠤᠮ᠃ ᠰᠢᠨ᠎ᠡ ᠭᠠᠷᠤᠭ᠎ᠠ ᠳᠡᠭᠡᠷ᠎ᠡ | ᠵᠣᠭᠰᠣᠨ ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠨᠢᠭᠲᠠᠷᠠᠨ ᠪᠦᠯᠬᠦᠮᠳᠡᠵᠦ ᠂ ᠳᠡᠭᠡᠳᠦ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠵᠠᠮ ᠨᠡᠭᠡᠭᠡᠨ ᠰᠢᠨ᠎ᠡ ᠶᠢ | ᠡᠭᠦᠳᠴᠦ ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ ᠂ ︽ ᠲᠦᠷᠭᠡᠨ ᠤᠷᠤᠬᠰᠢᠯᠠᠵᠤ ᠂ ᠲᠡᠷᠢᠭᠦᠨ ᠤ ᠬᠢ ᠪᠤᠯᠬᠤ ᠪᠠᠷ ᠲᠡᠮᠡᠴᠡᠨ ᠂ ᠬᠤᠪᠢ ᠨᠡᠮᠡᠷᠢ | ᠦᠵᠡᠭᠦᠯᠬᠦ ︾ ᠲᠡᠮᠡᠴᠡᠯ ᠤᠨ ᠣᠪᠣᠷ ᠢᠶᠠᠷ ᠬᠦᠨᠳᠦ ᠪᠦᠭᠡᠳ ᠳᠤᠮᠤ ᠡᠭᠦᠷᠭᠡ ᠶᠢ ᠡᠭᠦᠷᠭᠡᠯᠡᠵᠦ ᠂ ᠲᠦᠷᠦᠭᠦᠨ ᠳᠤᠨᠢ ᠶᠠᠪᠤᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠵᠡᠭᠦᠨᠭᠠᠷ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ︕ | | | | | |