| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 28 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ | ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 28 ᠤ ᠡᠳᠦᠷ ᠪᠡᠭᠡᠵᠢᠩ ᠤᠨ ︽ 8 · 1 ︾ ᠤ ᠶᠡᠭᠡ ᠠᠰᠠᠷ ᠲᠤ ᠶᠠᠪᠤᠭᠳᠠᠪᠠ ᠃ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ ᠃ | | 3 ᠰᠠᠷ᠎ᠠ ᠶᠢᠨ 28 ᠤ ᠡᠳᠦᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ | ᠪᠡᠭᠡᠵᠢᠩ ᠤᠨ ︽ 8 · 1 ︾ ᠤ ᠶᠡᠭᠡ ᠠᠰᠠᠷ ᠲᠤ ᠶᠠᠪᠤᠭᠳᠠᠪᠠ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠤ | ᠳᠡᠪᠰᠢᠭᠦᠯᠬᠦ ᠶᠣᠰᠣᠯᠠᠯ ᠳᠤ ᠣᠷᠣᠯᠴᠠᠪᠠ ᠃ ᠵᠢᠷᠤᠭ ᠪᠣᠯ ᠰᠢ ᠶᠢᠨ ᠫᠢᠩ ᠵᠡᠷᠭᠡ ᠤᠳᠤᠷᠢᠳᠬᠤ ᠨᠥᠬᠦᠳ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ | ᠳᠡᠪᠰᠢᠭᠰᠡᠨ ᠣᠹᠢᠼᠧᠷ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ ᠂ ᠴᠣᠯᠠ ᠳᠤ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ | ᠡᠬᠢᠯᠡᠪᠡ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ ᠨᠡᠶᠢᠲᠡᠯᠡᠪᠡ ᠃ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠤ ᠳᠡᠪᠰᠢᠭᠦᠯᠬᠦ ᠶᠣᠰᠣᠯᠠᠯ ᠢ ᠡᠷᠭᠢᠯᠡᠪᠡ ᠃ | ᠡᠨᠡ ᠤᠳᠠᠭ᠎ᠠ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠪᠣᠯ ᠄ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠷᠧᠨ ᠬᠤᠸᠠ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ ᠶᠢᠨ ᠵᠠᠬᠢᠷᠤᠯ ᠰᠢᠶᠣᠣ | ᠲᠢᠶᠠᠨ ᠯᠢᠶᠠᠩ ᠪᠣᠯᠣᠨ᠎ᠠ ᠃ | ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠰᠡᠨ 2 ᠣᠹᠢᠼᠧᠷ ᠰᠦᠷ ᠵᠢᠪᠬᠤᠭ᠎ᠠ ᠲᠠᠢ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠢᠷᠡᠪᠡ ᠃ | ᠰᠢ ᠶᠢᠨ ᠫᠢᠩ ᠲᠡᠳᠡᠨ ᠳᠤ ᠵᠠᠷᠯᠢᠭ ᠤᠨ ᠪᠢᠴᠢᠭ ᠭᠠᠷᠳᠠᠭᠤᠯᠵᠤ ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ ᠃ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠶᠢᠨ | ᠮᠥᠷᠥᠨ ᠤ ᠲᠡᠮᠳᠡᠭ ᠢ ᠵᠡᠭᠦᠭᠰᠡᠨ 2 ᠣᠹᠢᠼᠧᠷ ᠰᠢ ᠶᠢᠨ ᠫᠢᠩ ᠳᠤ ᠶᠣᠰᠣᠯᠠᠵᠤ ᠂ ᠶᠣᠰᠣᠯᠠᠯ ᠳᠤ ᠣᠷᠣᠯᠴᠠᠬᠰᠠᠨ ᠪᠦᠭᠦ ᠨᠥᠬᠦᠳ ᠲᠤ ᠶᠣᠰᠣᠯᠠᠭᠰᠠᠨ ᠳᠤ ᠲᠠᠯᠠᠪᠠᠢ | ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ ᠃ | ᠴᠣᠯᠠ ᠳᠤ ᠳᠡᠪᠰᠢᠭᠦᠯᠬᠦ ᠶᠣᠰᠣᠯᠠᠯ ᠬᠠᠩᠭᠢᠨᠠᠮ᠎ᠠ ᠰᠠᠶᠢᠬᠠᠨ ᠴᠡᠷᠢᠭ ᠤᠨ ᠳᠠᠭᠤᠤ ᠶᠢᠨ ᠳᠤᠮᠳᠠ ᠲᠡᠭᠦᠰᠪᠡ ᠃ ᠳᠠᠷᠠᠭ᠎ᠠ ᠨᠢ ᠂ ᠰᠢ ᠶᠢᠨ ᠫᠢᠩ ᠵᠡᠷᠭᠡ | ᠤᠳᠤᠷᠢᠳᠬᠤ ᠨᠥᠬᠦᠳ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠰᠡᠨ ᠣᠹᠢᠼᠧᠷ ᠲᠠᠢ ᠬᠠᠮᠲᠤ ᠭᠡᠷᠡᠯ ᠵᠢᠷᠤᠭ ᠲᠠᠲᠠᠭᠤᠯᠪᠠ ᠃ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ ᠂ ᠮᠢᠶᠣᠣ ᠬᠤᠸᠠ ᠂ ᠵᠠᠩ ᠱᠧᠩ ᠮᠢᠨ ᠂ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ | ᠬᠠᠷᠢᠭᠤᠴᠠᠯᠭᠠᠲᠠᠨ ᠨᠥᠬᠦᠳ ᠴᠣᠯᠠ ᠳᠤ ᠳᠡᠪᠰᠢᠭᠦᠯᠬᠦ ᠶᠣᠰᠣᠯᠠᠯ ᠳᠤ ᠣᠷᠣᠯᠴᠠᠵᠠᠢ ᠃ | ᠢᠷᠡᠯᠲᠡ ᠄ ᠥᠪᠥᠷ ᠮᠣᠩᠭᠤᠯ ᠤᠨ ᠡᠳᠦᠷ ᠤᠨ ᠰᠣᠨᠢᠨ | |