| 3 ᠰᠠᠷ᠎ᠠ ᠶᠢᠨ 28 ᠤ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ | ᠬᠠᠮᠲᠤ ᠶᠢᠨ ᠰᠤᠷᠤᠯᠴᠠᠯᠭ᠎ᠠ ᠬᠢᠵᠦ ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ ᠂ ᠲᠥᠪ ᠤᠨ ᠨᠠᠮ ᠤᠨ ᠰᠤᠷᠭᠠᠭᠤᠯᠢ ︵ ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠤᠳᠤᠯᠭᠠᠨ ᠤ ᠲᠥᠪ ᠤᠨ ᠡᠷᠭᠢᠯᠡᠭᠴᠢ ᠵᠠᠩ ᠵᠠᠨ ᠪᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ ᠃ ᠪᠦᠦ | ᠭᠠᠩ ᠂ ᠳ᠋ᠢᠩ ᠰᠢᠤ ᠹᠧᠩ ᠂ ᠮᠧᠩ ᠰᠢᠶᠠᠨ ᠳ᠋ᠦᠩ ᠰᠠᠨᠠᠯ ᠢᠶᠠᠨ ᠰᠣᠯᠢᠯᠴᠠᠬᠤ ᠦᠭᠡ ᠬᠡᠯᠡᠵᠦ ᠂ ᠬᠤᠸᠠᠩ ᡁᠢ ᠴᠢᠶᠠᠩ ᠪᠢᠴᠢᠭ ᠢᠶᠠᠷ ᠦᠭᠡ ᠬᠡᠯᠡᠪᠡ ᠃ | ᠰᠦᠨ ᠱᠤᠤ ᠴᠧᠩ ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ | ᠥᠭᠦᠯᠡᠯᠲᠡ ᠪᠣᠯ ᠮᠠᠷᠺᠰ ᠤᠨ ᠦᠵᠡᠯ ᠤᠨ ᠦᠢᠯᠡᠳᠪᠦᠷᠢᠯᠡᠯ ᠤᠨ ᠬᠦᠴᠦᠨ ᠤ ᠤᠨᠤᠯ ᠤᠨ ᠰᠢᠨ᠎ᠡ ᠡᠭᠦᠳᠦᠯᠲᠡ ᠪᠠ ᠬᠥᠭᠵᠢᠯᠲᠡ ᠮᠥᠨ ᠂ ᠮᠠᠨ ᠤ ᠨᠠᠮ ᠤᠨ | ᠦᠢᠯᠡᠳᠪᠦᠷᠢᠯᠡᠯ ᠤᠨ ᠬᠦᠴᠦᠨ ᠤ ᠲᠤᠬᠠᠢ ᠲᠠᠨᠢᠯᠲᠠ ᠪᠠᠰᠠ ᠨᠢᠭᠡ ᠤᠳᠠᠭ᠎ᠠ ᠶᠢᠨ ᠦᠰᠦᠷᠦᠯᠲᠡ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ ᠃ ᠪᠢᠳᠡ ᠰᠢ ᠶᠢᠨ | ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ ᠂ ᠡᠨᠡ ᠬᠦ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ︽ ᠶᠠᠭᠤ ᠪᠤᠯᠬᠤ ᠂ | ᠶᠠᠭᠠᠬᠢᠭᠠᠳ ︾ ᠭᠡᠳᠡᠭ ᠢ ᠦᠨᠡᠨ ᠬᠦ ᠲᠣᠳᠣᠷᠬᠠᠢ ᠣᠶᠢᠯᠠᠭᠠᠵᠤ ᠂ ︽ ᠶᠠᠭᠠᠬᠢᠵᠤ ᠦᠵᠡᠬᠦ ᠂ ᠶᠠᠭᠠᠬᠢᠪᠠᠯ ᠵᠣᠬᠢᠬᠤ ︾ ᠶᠢ ᠲᠣᠳᠣᠷᠬᠠᠢ ᠪᠤᠳᠤᠵᠤ ᠂ ᠲᠡᠭᠦᠨ ᠤ | ᠦᠢᠯᠡᠳᠦᠯᠭᠡ ᠶᠢᠨ ᠱᠠᠭᠠᠷᠳᠠᠯᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠭᠡᠪᠡ ᠃ | ᠰᠦᠨ ᠱᠤᠤ ᠴᠧᠩ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠥᠪᠥᠷ ᠮᠣᠩᠭᠤᠯ ᠡᠷᠬᠡᠪᠰᠢ ᠵᠢᠳᠬᠦᠯ ᠴᠢᠷᠮᠠᠶᠢᠯᠭ᠎ᠠ | ᠭᠠᠷᠭᠠᠬᠤ ᠬᠡᠷᠡᠭᠲᠡᠢ ᠃ ᠮᠠᠨ ᠤ ᠣᠷᠣᠨ ᠳᠤ ᠬᠡᠳᠦ᠋ᠢᠪᠡᠷ ᠭᠠᠵᠠᠷ ᠰᠠᠢ ᠦᠭᠡᠢ ᠨᠡᠭᠦᠷᠡᠰᠦ ᠪᠤᠯᠪᠠᠴᠤ ᠠᠯᠢ ᠨᠢᠭᠡ ᠡᠳᠦᠷ ᠮᠠᠯᠲᠠᠵᠤ ᠳᠠᠭᠤᠰᠤᠨ᠎ᠠ ᠂ ᠬᠡᠳᠦ᠋ᠢᠪᠡᠷ ︽ | ᠰᠠᠯᠬᠢ ᠭᠡᠷᠡᠯ ︾ ᠬᠢᠵᠠᠭᠠᠷ ᠦᠭᠡᠢ ᠪᠤᠯᠪᠠᠴᠤ ᠠᠯᠢ ᠨᠢᠭᠡ ᠡᠳᠦᠷ ᠵᠠᠬ᠎ᠠ ᠳᠡᠯᠭᠡᠭᠦᠷ ᠬᠠᠩᠬᠤ ᠶᠤᠮ ᠃ ᠪᠢᠳᠡ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ ᠂ ᠥᠨᠳᠥᠷ ᠲᠤ ᠵᠣᠭᠰᠣᠨ ᠠᠯᠤᠰ ᠢ ᠪᠠᠷᠠᠯᠠᠵᠤ ᠂ | ᠤᠷᠢᠳᠴᠢᠯᠠᠨ ᠪᠠᠶᠢᠷᠢᠯᠠᠭᠤᠯᠵᠤ ᠂ ᠪᠣᠳᠠᠲᠠᠢ ᠶᠢ ᠡᠷᠬᠢᠮᠯᠡᠨ ᠠᠬᠢᠭᠤᠯᠵᠤ ᠂ ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠲᠦᠷᠦᠭᠦᠦ | ᠠᠯᠬᠤᠮ ᠢ ᠰᠠᠶᠢᠲᠤᠷ ᠲᠠᠯᠪᠢᠵᠤ ᠂ ᠢᠷᠡᠭᠡᠳᠦᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠲᠡᠮᠡᠴᠡᠨ ᠣᠯᠬᠤ ᠰᠠᠨᠠᠭᠠᠴᠢᠯᠠᠭᠠᠲᠤ ᠲᠠᠶᠢᠨ ᠢ ᠰᠠᠶᠢᠲᠤᠷ ᠬᠢᠬᠦ | ᠬᠡᠷᠡᠭᠲᠡᠢ ᠭᠡᠪᠡ ᠃ | ᠰᠦᠨ ᠱᠤᠤ ᠴᠧᠩ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠥᠪᠥᠷ ᠮᠣᠩᠭᠤᠯ ᠡᠷᠬᠡᠪᠰᠢ ᠶᠡᠭᠡ ᠦᠢᠯᠡᠰ ᠢ ᠪᠦᠲᠦᠭᠡᠵᠦ | ᠴᠢᠳᠠᠨ᠎ᠠ ᠃ ᠮᠠᠨ ᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠂ ᠣᠷᠣᠨ ᠪᠠᠶᠢᠷᠢ ᠶᠢᠨ ᠳᠠᠪᠠᠭᠤᠯᠢᠭ ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ ᠲᠣᠪᠤᠶᠢᠮ᠎ᠠ | ᠪᠠᠶᠢᠵᠤ ᠂ ᠮᠠᠰᠢ ᠤᠯᠠᠨ ᠠᠵᠤ ᠦᠢᠯᠡᠰ ᠪᠦᠭᠦ ᠤᠯᠤᠰ ᠲᠤ ᠴᠢᠬᠤᠯᠠ ᠪᠠᠶᠢᠷᠢ ᠰᠠᠭᠤᠷᠢ ᠶᠢ ᠡᠵᠡᠯᠡᠵᠦ ᠂ ᠵᠠᠷᠢᠮ ᠬᠦᠷᠢᠶᠡᠨ ᠳᠤ ᠪᠠᠰᠠ ᠡᠮᠦᠨ᠎ᠡ ᠡᠩᠨᠡᠭᠡᠨ ᠳᠤ ᠶᠠᠪᠤᠵᠤ | ᠪᠠᠶᠢᠨ᠎ᠠ ᠂ ᠡᠨᠡ ᠬᠡᠳᠦᠨ ᠵᠢᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠤ ᠶᠡᠭᠡ ᠪᠠᠷ ᠳᠡᠭᠡᠭᠰᠢᠯᠡᠪᠡ ᠂ ᠡᠳᠡᠭᠡᠷ | ᠨᠥᠬᠦᠴᠡᠯ ᠢ ᠰᠠᠶᠢᠲᠤᠷ ᠠᠰᠢᠭᠯᠠᠪᠠᠯ ᠂ ᠮᠠᠰᠢ ᠤᠯᠠᠨ ᠬᠦᠷᠢᠶᠡᠨ ᠳᠤ ᠪᠦᠷ ᠰᠢᠨ᠎ᠡ ᠠᠵᠤ ᠦᠢᠯᠡᠰ ᠂ ᠰᠢᠨ᠎ᠡ ᠵᠠᠭᠪᠤᠷ ᠂ ᠰᠢᠨ᠎ᠡ ᠬᠥᠳᠡᠯᠭᠡᠬᠦ ᠡᠨᠧᠷᠭᠢ ᠶᠢ ᠪᠤᠢ | ᠪᠤᠯᠭᠠᠵᠤ ᠴᠢᠳᠠᠨ᠎ᠠ ᠃ ᠪᠢᠳᠡ ︽ ᠪᠢ ᠬᠥᠮᠥᠨ ᠢ ᠬᠦᠷᠬᠦ ᠦᠭᠡᠢ ︾ ᠭᠡᠬᠦ ᠦᠵᠡᠯᠲᠡ ᠪᠠᠨ ᠲᠠᠶᠠᠭᠳᠠᠵᠤ ᠂ ᠢᠲᠡᠭᠡᠯ ᠵᠣᠷᠢᠭ ᠢᠶᠠᠨ ᠪᠠᠲᠤᠳᠬᠠᠵᠤ ᠂ ᠡᠷᠴᠢ | ᠵᠣᠷᠢᠭ ᠢᠶᠠᠨ ᠬᠥᠪᠴᠢᠯᠡᠵᠦ ᠂ ᠱᠠᠯᠠᠪᠳᠠᠨ ᠠᠳᠬᠤᠵᠤ ᠲᠦᠷᠭᠡᠨ ᠬᠢᠵᠦ ᠂ ᠡᠷᠲᠡᠬᠡᠨ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ ᠃ | ᠰᠦᠨ ᠱᠤᠤ ᠴᠧᠩ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠥᠪᠥᠷ ᠮᠣᠩᠭᠤᠯ ᠨᠡᠩ ᠴᠤ ᠵᠣᠷᠢᠭᠲᠠᠢ ᠬᠢᠵᠦ ᠴᠢᠳᠠᠮᠠᠭᠠᠢ | ᠠᠵᠢᠯᠯᠠᠬᠤ ᠬᠡᠷᠡᠭᠲᠡᠢ ᠃ ᠮᠠᠨ ᠤ ᠣᠷᠣᠨ ᠪᠣᠯ ᠬᠥᠭᠵᠢᠭᠡᠳᠦᠢ ᠭᠠᠵᠠᠷ ᠣᠷᠣᠨ ᠪᠣᠯᠬᠤᠷ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ ᠡᠷᠬᠡᠪᠰᠢ ᠥᠷᠯᠥᠭᠡ ᠦᠳᠡᠰᠢ ᠶᠢ ᠲᠡᠮᠡᠴᠡᠨ ᠂ ᠵᠣᠷᠢᠭᠲᠠᠢ ᠰᠦᠪᠡᠭᠴᠢᠯᠡᠨ | ᠦᠢᠯᠡᠳᠦᠯᠭᠡᠵᠢᠭᠦᠯᠬᠦ ᠬᠡᠷᠡᠭᠲᠡᠢ ᠃ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠨ ᠂ ᠮᠠᠨ ᠤ ᠣᠷᠣᠨ ᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠬᠦᠴᠦᠯᠡᠬᠦ ᠭᠤᠣᠯᠳᠠᠯᠭ᠎ᠠ ᠵᠢᠴᠢ ᠢᠵᠢ ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠴᠢᠩᠭ᠎ᠠ ᠲᠦᠰᠢᠭᠯᠡᠨ ᠤᠯᠠᠮᠵᠢᠯᠠᠯᠲᠤ ᠠᠵᠤ ᠦᠢᠯᠡᠰ ᠢ ᠲᠦᠷᠭᠡᠨ ᠥᠭᠡᠷᠡᠴᠢᠯᠡᠨ ᠳᠡᠰ | ᠳᠡᠪᠰᠢᠭᠦᠯᠵᠦ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ | ᠪᠠᠶᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠢᠨᠵᠧᠨᠧᠷᠢᠩ ᠢ ᠪᠦᠭᠦ ᠬᠦᠴᠦᠨ ᠢᠶᠠᠷ ᠢᠶᠠᠨ ᠰᠠᠶᠢᠲᠤᠷ | ᠠᠳᠬᠤᠵᠤ ᠂ ᠡᠯ᠎ᠡ ᠲᠥᠷᠥᠯ ᠤᠨ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠥᠭᠡᠷᠡᠴᠢᠯᠡᠯᠲᠡ ᠶᠢᠨ | ᠠᠷᠭ᠎ᠠ ᠪᠠᠷ ᠲᠦᠭᠵᠢᠷᠡᠯ ᠴᠡᠭ ᠬᠤᠷᠢᠭ᠎ᠠ ᠴᠡᠭ ᠤᠨ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠲᠠᠯ᠎ᠠ ᠪᠠᠷ ᠠᠯᠢ ᠲᠦᠷᠭᠡᠨ ᠢᠶᠠᠷ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠡᠨᠡ ᠬᠦ ᠬᠠᠲᠠᠭᠤ | ᠶᠣᠰᠣ ᠶᠢ ᠪᠠᠲᠤ ᠴᠡᠭᠡᠵᠢᠯᠡᠵᠦ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠂ ᠲᠦᠷᠦᠯ | ᠬᠤᠪᠢᠶᠠᠨ ᠵᠢᠯᠤᠭᠤᠳᠬᠤ ᠶᠢ ᠪᠠᠷᠢᠮᠲᠠᠯᠠᠵᠤ ᠂ ᠪᠦᠳᠦᠭᠦᠯᠢᠭ ᠢᠶᠠᠷ ᠥᠷᠭᠡᠳᠬᠡᠬᠦ ᠂ ᠳᠣᠣᠷ᠎ᠠ ᠪᠦᠲᠦᠮᠵᠢᠲᠡᠢ ᠪᠠᠷ ᠬᠥᠭᠵᠢᠭᠦᠯᠬᠦ ᠬᠠᠭᠤᠴᠢᠨ ᠵᠠᠮ ᠢᠶᠠᠷ ᠵᠠᠮᠨᠠᠬᠤ ᠦᠭᠡᠢ ᠂ | ︽ ᠰᠢᠨ᠎ᠡ ᠯᠣᠩᠬᠤᠨ ᠳᠤ ᠬᠠᠭᠤᠴᠢᠨ ᠠᠷᠢᠬᠢ ᠰᠠᠪᠠᠯᠠᠬᠤ ︾ ᠦᠭᠡᠢ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢ ︽ ᠰᠠᠭᠰᠤ ︾ | ᠲᠡᠳᠦᠢ ᠪᠤᠯᠭᠠᠵᠤ ᠂ ᠶᠠᠭᠤ ᠪᠣᠯᠭᠠᠨ ᠢ ᠴᠤ ᠰᠠᠪᠠᠯᠠᠵᠤ ᠪᠤᠯᠬᠤ ᠦᠭᠡᠢ ᠭᠡᠪᠡ ᠃ | | |