ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ ᠵᠢᠷᠭᠤᠭᠠᠨ ᠢᠨᠵᠧᠨᠧᠷᠢᠩ ︾ ᠤᠨ ᠤᠳᠤᠷᠢᠳᠬᠤ ᠳᠤᠭᠤᠶᠢᠯᠠᠩ ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠂ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠪᠣᠯᠣᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠂ ᠲᠣᠨᠣᠭᠯᠠᠯ ᠦᠢᠯᠡᠳᠬᠦ ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ ᠂ ᠪᠣᠬᠢᠷᠳᠤᠯ ᠦᠭᠡᠢ ᠴᠠᠭᠢᠯᠭᠠᠨ ᠢ ᠪᠠᠭᠲᠠᠭᠠᠨ ᠰᠢᠩᠭᠡᠭᠡᠬᠦ ᠲᠠᠯ᠎ᠠ ᠪᠠᠷ ᠪᠦᠭᠦ ᠲᠠᠯ᠎ᠠ ᠪᠠᠷ ᠬᠦᠴᠦᠯᠡᠵᠦ ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠬᠤ ᠬᠡᠷᠡᠭᠲᠡᠢ ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠠᠳᠬᠤᠵᠤ ᠂ ᠰᠠᠶᠢᠨ ᠦᠷ᠎ᠡ ᠶᠢ ᠪᠤᠶᠢᠵᠢᠭᠤᠯᠤᠨ ᠳᠡᠯᠭᠡᠷᠡᠭᠦᠯᠬᠦ ᠶᠢ ᠴᠢᠩᠭᠠᠳᠬᠠᠵᠤ ᠂ ᠲᠠᠯᠠᠪᠠᠢ ᠨᠢᠭᠡᠴᠢ ᠶᠢᠨ ᠤᠨᠠᠯᠲᠠ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ ᠃ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ ᠂ ᠡᠯ᠎ᠡ ᠳᠡᠳ᠋ ᠲᠡᠷᠢᠭᠦᠯᠡᠭᠴᠢ ᠲᠦᠷᠦᠭᠦᠯᠡᠨ ᠠᠵᠤ ᠠᠬᠤᠶᠢᠯᠠᠯ ᠢ ᠬᠠᠪᠰᠤᠷᠤᠨ ᠲᠦᠭᠦᠬᠡᠢ ᠮᠠᠲ᠋ᠧᠷᠢᠶᠠᠯ ᠡᠷᠢᠵᠦ ᠂ ᠠᠵᠢᠯᠴᠢᠨ ᠬᠡᠷᠡᠭᠯᠡᠵᠦ ᠂ ᠵᠠᠬᠢᠶᠠᠯᠠᠭ᠎ᠠ ᠶᠢᠨ ᠬᠠᠭᠤᠳᠠᠰᠤ ᠡᠷᠢᠵᠦ ᠂ ᠵᠠᠬ᠎ᠠ ᠳᠡᠯᠭᠡᠭᠦᠷ ᠡᠷᠢᠵᠦ ᠂ ᠪᠦᠭᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠢᠨᠵᠧᠨᠧᠷᠢᠩ ᠤᠨ ᠲᠥᠰᠥᠯ ᠢ ᠬᠢᠨᠠᠨ ᠵᠥᠪᠯᠡᠵᠦ ᠪᠠᠲᠤᠯᠠᠨ ᠂ ᠤᠷᠤᠯᠳᠤᠭᠠᠨ ᠤ ᠵᠠᠮ ᠤᠨ ᠴᠡᠭ ᠢ ᠣᠨᠣᠪᠴᠢᠲᠠᠢ ᠡᠷᠢᠵᠦ ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ ᠂ ᠵᠠᠰᠠᠭ ᠤᠨ ᠣᠷᠳᠣᠨ ᠂ ᠠᠵᠤ ᠠᠬᠤᠶᠢᠯᠠᠯ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ ᠂ ᠨᠢᠭᠡ ᠪᠦᠯᠦᠭ ᠤᠯᠠᠷᠢᠭᠤᠯᠤᠨ ᠨᠠᠶᠢᠳᠠᠪᠤᠷᠢᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ ᠃    ᠬᠤᠷᠠᠯ ᠠᠴᠠ ᠢᠳᠡᠭᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠵᠤ ᠂ ︽ ᠳᠥᠷᠪᠡᠨ ᠬᠠᠮᠤᠭ ᠤᠨ ᠴᠢᠩᠭ᠎ᠠ ︾ ᠪᠠᠶᠢᠬᠤ ᠴᠢᠬᠤᠯᠠ ᠱᠠᠭᠠᠷᠳᠠᠯᠭ᠎ᠠ ᠶᠢ ᠪᠠᠲᠤ ᠴᠡᠭᠡᠵᠢᠯᠡᠵᠦ ᠂ ᠡᠬᠢ ᠡᠭᠦᠰᠦᠯ ᠠᠴᠠ ᠨᠢ ᠴᠡᠪᠡᠷᠰᠢᠭᠦᠯᠬᠦ ᠂ ᠭᠤᠣᠯᠳᠠᠯᠭ᠎ᠠ ᠲᠠᠢ ᠭᠠᠵᠠᠷ ᠣᠷᠣᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ ᠂ ︽ ᠥᠷᠭᠡᠨ ᠲᠡᠨᠢᠭᠡᠷ ᠲᠠᠯ᠎ᠠ ᠨᠤᠲᠤᠭ ᠂ ᠥᠩ ᠰᠢᠮᠡᠯᠢᠭ ᠮᠠᠯᠵᠢᠯ ᠤᠨ ᠲᠠᠯᠠᠪᠠᠶ ᠂ ᠠᠮᠢ ᠠᠬᠤᠢ ᠶᠢᠨ ᠥᠪᠥᠷ ᠮᠣᠩᠭᠤᠯ ᠂ ᠪᠣᠬᠢᠷᠳᠤᠯ ᠦᠭᠡᠢ ᠰᠠᠶᠢᠬᠠᠨ ᠦᠨᠦᠷ ᠠᠮᠲᠠ ︾ ᠶᠢᠨ ᠲᠥᠷᠥᠯ ᠲᠡᠮᠳᠡᠭ ᠤᠨ ᠳᠦᠷᠢ ᠲᠥᠷᠬᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠤᠳᠤᠯᠵᠤ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ︽ ᠨᠠᠢᠮᠠᠨ ᠪᠤᠯᠬᠤ ᠦᠭᠡᠢ ︾ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ ᠂ ᠥᠷᠢ ᠥᠭᠴᠡᠭᠡ ᠶᠢ ᠦᠨᠡᠨ ᠪᠣᠳᠠᠲᠠᠢ ᠰᠢᠢᠳᠪᠦᠷᠢᠯᠡᠵᠦ ᠳᠠᠭᠤᠰᠬᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠣᠯᠣᠨ ᠲᠦᠷᠦᠯ ᠵᠦᠢᠯ ᠢ ᠲᠣᠬᠢᠷᠠᠭᠤᠯᠬᠤ ᠲᠥᠰᠥᠯ ᠢ ᠰᠤᠳᠤᠯᠵᠤ ᠂ ᠠᠵᠤ ᠦᠢᠯᠡᠰ ᠤᠨ ᠲᠦᠷᠦᠯ ᠵᠦᠢᠯ ᠢ ᠤᠨᠢᠨ ᠳᠡᠭᠡᠷ᠎ᠡ ᠨᠢ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠬᠠᠶᠢᠷ᠎ᠠ ᠬᠠᠯᠠᠮᠵᠢ ᠳᠤ ᠲᠠᠯᠠᠷᠬᠠᠬᠤ ᠰᠡᠳᠬᠢᠯᠭᠡ ᠪᠠᠷ ᠬᠤᠪᠣᠷ ᠨᠠᠨᠳᠢᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ︽ ᠭᠡᠮ ᠰᠣᠭᠤᠭ ᠲᠠᠢ ᠠᠵᠢᠯᠯᠠᠬᠤ ︾ ᠶᠢ ᠲᠤᠰᠬᠠᠢ ᠴᠡᠭᠴᠡᠯᠡᠨ ᠵᠠᠰᠠᠬᠤ ᠲᠥᠰᠥᠯ ᠢ ᠬᠢᠨᠠᠨ ᠵᠥᠪᠯᠡᠵᠦ ᠪᠠᠲᠤᠯᠠᠵᠤ ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ ᠂ ︽ ᠬᠠᠶᠢᠷ᠎ᠠ ᠬᠠᠯᠠᠮᠵᠢ ᠶᠢᠨ ᠢᠨᠵᠧᠨᠧᠷᠢᠩ ︾ ᠢ ᠬᠡᠷᠡᠭᠵᠢᠭᠦᠯᠬᠦ ᠲᠠᠢ ᠤᠶᠠᠯᠳᠤᠭᠤᠯᠤᠨ ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠂ ᠠᠰᠠᠷ ᠤᠨ ᠳᠣᠲᠣᠷ᠎ᠠ ᠭᠠᠳᠠᠨᠠᠬᠢ ᠂ ᠲᠣᠨᠤᠭ ᠲᠥᠬᠦᠭᠡᠷᠦᠮᠵᠢ ᠤᠭᠰᠠᠷᠠᠭ᠎ᠠ ᠲᠣᠨᠤᠭ ᠢ ᠨᠢᠭᠡ ᠴᠣᠭᠴᠠᠵᠢᠭᠤᠯᠤᠨ ᠵᠢᠭᠰᠠᠭᠠᠨ ᠪᠠᠶᠢᠴᠠᠭᠠᠵᠤ ᠂ ᠪᠣᠯᠪᠠᠰᠤᠨ ᠢᠶᠠᠷ ᠪᠠᠷᠢᠯᠭ᠎ᠠ ᠪᠠᠷᠢᠬᠤ ᠪᠠ ᠨᠠᠷᠢᠯᠢᠭ ᠬᠠᠮᠢᠶᠠᠷᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠪᠠᠰᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠨᠡᠶᠢᠳᠬᠡᠨ ᠲᠠᠭᠢᠨ ᠪᠠᠶᠢᠭᠤᠯᠬᠤ ᠵᠡᠷᠭᠡ ᠵᠦᠢᠯ ᠢ ᠰᠤᠳᠤᠯᠵᠠᠢ ᠃  
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ