| 3 ᠰᠠᠷ᠎ᠠ ᠶᠢᠨ 25 ᠤ ᠡᠳᠦᠷ ᠂ ︽ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠴᠤ ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠭᠦ ︾ ᠪᠠᠷ ᠭᠤᠣᠯ ᠰᠡᠳᠦᠪ ᠪᠤᠯᠭᠠᠬᠰᠠᠨ ᠪᠦᠭᠦ ᠣᠷᠣᠨ ᠤ ᠳᠤᠮᠳᠠᠳᠤ ᠪᠠᠭ᠎ᠠ | ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠣᠷᠢᠯᠲᠠ ᠶᠢᠨ | ᠡᠭᠢᠯᠡᠯᠲᠡ ᠶᠢᠨ ᠶᠣᠰᠣᠯᠠᠯ ᠭᠦᠭᠡᠬᠤᠲᠠ ᠳᠤ ᠶᠠᠪᠤᠭᠳᠠᠵᠤ ᠂ ᠪᠦᠭᠦ ᠣᠷᠣᠨ ᠤ 6700 ᠭᠠᠷᠤᠢ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠵᠡᠷᠭᠡᠪᠡᠷ | ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠣᠷᠢᠯᠲᠠ ᠳᠤ ᠣᠷᠣᠯᠴᠠᠪᠠ ᠃ | ᠲᠣᠰ ᠤᠳᠠᠭᠠᠨ ᠤ ᠰᠣᠷᠢᠯᠲᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠂ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ ᠪᠦᠭᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠠᠮᠤᠷ | ᠲᠦᠪᠰᠢᠨ ᠤ ᠬᠥᠮᠦᠵᠢᠯ ᠤᠨ ᠭᠠᠷᠠᠭ ︾ ᠪᠠ ᠥᠪᠡᠷᠲᠡᠭᠡᠨ ᠵᠠᠰᠠᠬᠤ ᠣᠷᠣᠨ ᠤ ︽ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ | ᠰᠠᠷ᠎ᠠ ︾ ᠲᠠᠢ ᠤᠶᠠᠯᠳᠤᠭᠤᠯᠤᠨ ᠥᠷᠨᠢᠭᠦᠯᠦᠭᠰᠡᠨ ᠪᠠᠶᠢᠨ᠎ᠠ ᠃ ᠰᠣᠷᠢᠯᠲᠠ ᠪᠠᠷ ᠳᠡᠮᠵᠢᠨ ᠂ ᠪᠦᠭᠦ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ | ᠲᠦᠪᠰᠢᠨ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠤᠬᠠᠭᠤᠯᠭ᠎ᠠ ᠬᠥᠮᠦᠵᠢᠯ ᠢ ᠰᠤᠷᠭᠠᠭᠤᠯᠢ ᠳᠤ ᠣᠷᠣᠭᠤᠯᠬᠤ ᠠᠵᠢᠯ ᠢ ᠦᠷᠭᠦᠯᠵᠢᠯᠡᠨ | ᠠᠬᠢᠭᠤᠯᠵᠤ ᠂ ᠪᠦᠭᠦ ᠪᠠᠭᠰᠢ ᠰᠤᠷᠤᠬᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠭᠦ ᠪᠠᠷ ᠵᠣᠷᠢᠯᠭ᠎ᠠ ᠪᠠᠨ ᠪᠣᠯᠭᠠᠵᠠᠢ ᠃ | ᠡᠭᠢᠯᠡᠯᠲᠡ ᠶᠢᠨ ᠶᠣᠰᠣᠯᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ ᠂ ᠡᠯ᠎ᠡ | ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢ ᠪᠣᠯᠣᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠭᠰᠢ ᠨᠠᠷ ᠪᠣᠳᠠᠲᠤ | ᠪᠠᠶᠢᠳᠠᠯ ᠪᠣᠯᠣᠨ ᠳᠠᠭᠤᠷᠢᠶᠠᠮᠠᠯ ᠭᠡᠯᠪᠡᠷᠢ ᠶᠢ ᠤᠶᠠᠯᠳᠤᠭᠤᠯᠬᠤ ᠠᠷᠭ᠎ᠠ ᠪᠠᠷ ᠂ ᠰᠤᠷᠤᠬᠴᠢᠳ ᠢ ᠵᠣᠬᠢᠶᠠᠨ ᠪᠠᠶᠢᠭᠤᠯᠤᠨ ᠠᠮᠢ ᠵᠢᠭᠤᠲᠠᠬᠤ ᠪᠤᠶᠤ ᠲᠦᠷᠭᠡᠨ ᠲᠠᠷᠬᠠᠭᠠᠬᠤ ᠂ | ᠠᠩᠬ᠎ᠠ ᠨᠣᠴᠣᠵᠤ ᠪᠠᠶᠢᠭ᠎ᠠ ᠭᠠᠯ ᠢ ᠤᠨᠲᠠᠷᠠᠭᠠᠬᠤ ᠂ ᠵᠢᠷᠦᠬᠡ ᠠᠭᠤᠰᠬᠢ ᠶᠢᠨ ᠠᠵᠢᠯᠯᠠᠭ᠎ᠠ ᠶᠢ ᠰᠡᠷᠭᠦᠭᠡᠬᠦ ᠂ ᠠᠮᠢᠰᠬᠤᠯ ᠤᠨ ᠵᠠᠮ ᠤᠨ ᠲᠦᠭᠵᠢᠷᠡᠯ ᠠᠴᠠ ᠠᠪᠤᠷᠠᠬᠤ | ᠠᠷᠭ᠎ᠠ ᠂ ᠤᠲᠤᠭ᠎ᠠ ᠲᠠᠢ ᠵᠠᠮ ᠢᠶᠠᠷ ᠠᠮᠢ ᠵᠢᠭᠤᠲᠠᠬᠤ ᠵᠡᠷᠭᠡ ᠲᠤᠬᠠᠢ ᠶᠢᠨ ᠲᠠᠯᠠᠪᠤᠷ ᠤᠨ ᠰᠣᠷᠢᠯᠲᠠ ᠬᠢᠵᠡᠢ ᠃ ᠰᠣᠷᠢᠯᠲᠠ ᠶᠢᠨ ᠠᠵᠢᠯᠯᠠᠭ᠎ᠠ ᠨᠢ ᠰᠤᠷᠭᠠᠭᠤᠯᠢ ᠶᠢᠨ | ᠬᠦᠷᠢᠶᠡᠨ ᠤ ᠠᠮᠢᠳᠤᠷᠠᠯ ᠲᠠᠢ ᠣᠶᠢᠷᠠᠲᠤᠵᠤ ᠂ ᠪᠠᠭᠰᠢ ᠰᠤᠷᠤᠬᠴᠢᠳ ᠲᠤ ᠠᠮᠢ ᠵᠢᠭᠤᠲᠠᠵᠤ ᠥᠪᠡᠷ ᠢ ᠪᠠᠨ ᠠᠪᠤᠷᠠᠬᠤ ᠦᠨᠳᠦᠰᠦᠨ ᠠᠷᠭ᠎ᠠ ᠶᠢ ᠦᠨᠡᠨ ᠬᠦ | ᠡᠵᠡᠮᠰᠢᠭᠦᠯᠪᠡ ᠃ | | |