| ᠬᠠᠮᠠᠷ ᠬᠠᠳᠬᠤᠬᠤ ᠡᠪᠡᠰᠦ ᠦᠭᠡᠢ ᠬᠠᠯᠴᠠᠭᠠᠢ ᠭᠠᠵᠠᠷ ᠪᠠᠶᠢᠬᠰᠠᠨ ᠠᠴᠠ ᠨᠤᠮᠢᠨ ᠨᠤᠭᠤᠭᠠᠨ ᠢᠶᠠᠷ ᠬᠤᠴᠢᠬᠳᠠᠬᠰᠠᠨ ᠠᠭᠤᠯᠠ ᠳᠤᠪᠤᠴᠠᠭ ᠪᠤᠯᠬᠤ ᠬᠦᠷᠳᠡᠯ᠎ᠠ ᠂ | ᠬᠠᠶᠢᠷ ᠴᠢᠯᠠᠭᠤᠯᠢᠭ ᠭᠠᠵᠠᠷ ᠨᠢ ᠠᠯᠮᠤᠷᠠᠳ ᠤᠨ ᠠᠵᠤ ᠠᠬᠤᠢ ᠶᠢᠨ ᠤᠢ ᠶᠢᠨ ᠣᠷᠣᠨ ᠪᠣᠯᠣᠨ ᠬᠤᠪᠢᠷᠠᠵᠤ ᠂ ᠡᠯᠡᠰᠦ ᠮᠠᠩᠬ᠎ᠠ ᠬᠤᠶᠢᠯᠠᠷᠠᠳᠠᠭ ᠤᠷᠤᠨ ᠪᠠᠶᠢᠬᠰᠠᠨ | ᠠᠴᠠ ᠪᠠᠨ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠷᠣᠨ ᠪᠣᠯᠵᠤ ᠬᠤᠪᠢᠷᠠᠯ᠎ᠠ ᠃ ᠣᠶᠢᠷ᠎ᠠ ᠶᠢᠨ ᠵᠢᠯ ᠠᠴᠠ ᠨᠠᠭᠠᠰᠢ ᠂ ᠵᠡᠭᠦᠨᠭᠠᠷ | ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠵᠢᠮᠢᠰ ᠤᠨ ᠤᠢ ᠶᠢᠨ ᠠᠵᠤ ᠦᠢᠯᠡᠰ ᠪᠣᠯᠣᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠳᠦᠷᠦᠯ | ᠵᠦᠢᠯ ᠢᠶᠠᠷ ᠲᠥᠯᠥᠭᠡᠯᠡᠭᠦᠯᠦᠭᠰᠡᠨ ᠠᠮᠢ ᠠᠬᠤᠢ ᠶᠢᠨ ᠠᠵᠤ ᠠᠬᠤᠢ ᠶᠢ ᠪᠤᠢ ᠪᠣᠯᠭᠠᠵᠤ ᠂ ᠠᠮᠢ ᠠᠬᠤᠢ ᠶᠢ ᠭᠤᠶᠣᠵᠢᠭᠤᠯᠬᠤ ᠂ ᠠᠵᠤ ᠦᠢᠯᠡᠰ ᠢ ᠬᠥᠭᠵᠢᠭᠦᠯᠬᠦ ᠂ | ᠠᠷᠠᠳ ᠤᠯᠠᠨ ᠢ ᠪᠠᠶᠠᠵᠢᠭᠤᠯᠬᠤ ᠶᠢ ᠣᠷᠭᠠᠨᠢᠭ ᠢᠶᠠᠷ ᠨᠢᠭᠡᠳᠦᠭᠦᠯᠦᠭᠰᠡᠨ ᠪᠠᠶᠢᠨ᠎ᠠ᠃ | ᠵᠡᠭᠦᠨᠭᠠᠷ ᠬᠤᠰᠢᠭᠤ ᠭᠤᠣᠯᠳᠠᠯᠭ᠎ᠠ ᠲᠠᠢ ᠢᠨᠵᠧᠨᠧᠷᠢᠩ ᠂ ᠴᠢᠬᠤᠯᠠ ᠶᠡᠭᠡ ᠲᠥᠷᠥᠯ ᠵᠦᠢᠯ ᠢ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ | ᠪᠦᠬᠦᠯᠢ ᠴᠣᠭᠴᠠ ᠶᠢᠨ ᠲᠥᠯᠦᠪᠵᠢᠭᠦᠯᠭᠡ ᠳᠤ ᠢᠳᠡᠪᠬᠢᠲᠡᠢ ᠪᠠᠷ ᠣᠷᠣᠭᠤᠯᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠤᠨ ᠂ ᠲᠤᠷᠤᠭ ᠮᠣᠳᠣ ᠪᠤᠳᠠᠯᠢᠭ ᠮᠣᠳᠣ ᠡᠪᠡᠰᠦ ᠪᠡᠯᠴᠢᠭᠡᠷ ᠢ ᠤᠶᠠᠯᠳᠤᠭᠤᠯᠵᠤ ᠂ | ᠬᠦᠪᠡᠭᠡ ᠶᠢ ᠨᠢ ᠪᠢᠲᠡᠭᠦᠮᠵᠢᠯᠡᠬᠦ ᠂ ᠲᠤᠰᠠᠭᠠᠷᠯᠠᠬᠤ ᠂ ᠪᠢᠲᠡᠭᠦᠮᠵᠢᠯᠡᠨ ᠴᠠᠭᠠᠵᠠᠯᠠᠬᠤ ᠂ ᠵᠠᠰᠠᠨ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠠᠪᠴᠤ ᠂ ᠡᠯᠡᠰᠦᠨ ᠴᠦᠯ ᠤᠨ | ᠵᠤᠭᠠᠴᠠᠯ ᠤᠨ ᠬᠥᠭᠵᠢᠯᠲᠡ ᠶᠢᠨ ᠣᠷᠣᠨ ᠵᠠᠢ ᠶᠢ ᠭᠦᠢᠴᠡᠳ ᠦᠯᠡᠳᠡᠭᠡᠵᠦ ᠂ ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ ᠪᠠ ᠤᠢ ᠮᠤᠳᠤ ᠡᠪᠡᠰᠦ | ᠤᠷᠭᠤᠮᠠᠯ ᠤᠨ ᠪᠦᠷᠬᠦᠴᠡ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ ᠂ ᠬᠠᠲᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠤᠷᠢᠳᠠᠪᠠᠷ ᠬᠢᠵᠦ᠂ ᠡᠯᠡᠰᠦᠨ ᠴᠦᠯ ᠤᠨ ᠬᠠᠯᠴᠠᠭᠠᠢ ᠡᠯᠡᠰᠦᠷᠬᠡᠭ ᠭᠠᠵᠠᠷ ᠤᠨ ᠪᠦᠬᠦ ᠣᠷᠣᠨ ᠪᠦᠰᠡ ᠶᠢᠨ ᠴᠢᠨᠠᠷ ᠰᠠᠶᠢᠲᠠᠢ ᠵᠠᠰᠠᠯᠲᠠ ᠶᠢ ᠪᠡᠶᠡᠯᠡᠭᠦᠯᠪᠡ ᠃ | 2023 ᠣᠨ ᠤ 8 ᠰᠠᠷ᠎ᠠ ᠶᠢᠨ 8 ᠤ ᠡᠳᠦᠷ ᠂ ᠵᠡᠭᠦᠨᠭᠠᠷ ᠬᠤᠰᠢᠭᠤ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠬᠠᠳᠤᠨ ᠭᠤᠤᠯ ᠤᠨ ᠳᠤᠬᠤᠢ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠵᠢᠴᠢ ︽ ᠲᠦᠷᠪᠡᠨ ᠵᠠᠭᠤᠨ ᠲᠦᠮᠡᠨ ᠮᠦ︾ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠵᠢᠩᠬᠢᠨᠢ ᠪᠠᠷ | ᠡᠬᠢᠯᠡᠭᠦᠯᠵᠡᠢ᠃ 2023 ᠣᠨ ᠤ ᠵᠢᠯ ᠤᠨ ᠡᠴᠦᠰ ᠪᠣᠯᠲᠠᠯ᠎ᠠ ᠂ ᠵᠡᠭᠦᠨᠭᠠᠷ ᠬᠤᠰᠢᠭᠤᠨ ᠤ ᠠᠮᠢ ᠠᠬᠤᠢ ᠶᠢᠨ ᠪᠦᠷᠬᠦᠪᠴᠢ ᠤᠷᠭᠤᠮᠠᠯ ᠤᠨ ᠪᠦᠲᠦᠭᠡᠨ | ᠪᠠᠶᠢᠭᠤᠯᠤᠯᠲᠠ ᠶᠢ 28.75 ᠲᠦᠮᠡᠨ ᠮᠦ ᠪᠡᠶᠡᠯᠡᠭᠦᠯᠵᠦ ᠂ ᠡᠭᠦᠨ ᠳᠤ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 14.25 ᠲᠦᠮᠡᠨ ᠮᠦ ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠨᠢᠭᠡ ᠨᠠᠰᠤᠲᠤ ᠡᠪᠡᠰᠦ ᠤᠷᠭᠤᠮᠠᠯ ᠢ 14 ᠲᠦᠮᠡᠨ ᠮᠦ ᠂ ᠣᠯᠠᠨ ᠨᠠᠰᠤᠲᠤ ᠡᠪᠡᠰᠦ | ᠤᠷᠭᠤᠮᠠᠯ ᠢ 0.5 ᠲᠦᠮᠡᠨ ᠮᠦ ᠪᠠᠭᠲᠠᠨ᠎ᠠ ᠃ ᠣᠶ ᠰᠢᠭᠤᠢ ᠶᠢᠨ ᠦᠢᠯᠡᠰ ᠲᠤ ᠭᠤᠣᠯᠳᠠᠭᠤ ᠨᠠᠷᠠᠰᠤ ᠂ ᠵᠢᠭᠠᠷᠲᠤ ᠨᠠᠷᠠᠰᠤ ᠂ ᠴᠢᠴᠠᠷᠭᠠᠨ᠎ᠠ ᠂ ᠬᠦᠢᠯᠡᠰᠦᠨ ᠮᠣᠳᠣ ᠂ | ᠠᠯᠮᠤᠷᠠᠳ ᠵᠡᠷᠭᠡ ᠠᠵᠤ ᠠᠬᠤᠢ ᠶᠢᠨ ᠮᠣᠳᠣᠨ ᠤ ᠲᠥᠷᠥᠯ ᠪᠠ ᠨᠢᠮᠪᠡᠭᠡ ᠂ ᠴᠠᠷᠭᠠᠰᠤ ᠵᠡᠷᠭᠡ ᠠᠵᠤ ᠠᠬᠤᠢ ᠶᠢᠨ ᠡᠪᠡᠰᠦᠨ ᠤ ᠲᠥᠷᠥᠯ ᠢ ᠵᠠᠶᠢᠯᠠᠵᠤ ᠤᠷᠭᠤᠭᠤᠯᠪᠠ ᠃ | | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠨᠢ ᠨᠣᠭᠤᠭᠠᠷᠠᠭᠤᠯᠤᠯᠳᠠ ᠴᠢᠨᠠᠭᠡᠯᠢᠭᠵᠢᠯ ᠢ ᠵᠡᠷᠭᠡᠪᠡᠷ ᠪᠡᠶᠡᠯᠡᠬᠦᠯᠪᠡ | ᠣᠯᠠᠨ ᠵᠢᠯ ᠤᠨ ᠲᠤᠷᠰᠢ ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠬᠰᠠᠨ ᠤ ᠬᠠᠮᠳᠤ ᠂ ᠵᠡᠭᠦᠨᠭᠠᠷ ᠬᠤᠰᠢᠭᠤ ᠥᠷᠭᠡᠨ ᠠᠭᠤᠳᠠᠮ | ᠡᠯᠡᠰᠦᠷᠬᠡᠭ ᠭᠠᠵᠠᠷ ᠳᠡᠭᠡᠷ᠎ᠡ ᠬᠦᠢᠯᠡᠰᠦ ᠂ ᠵᠢᠮᠢᠰ ᠤᠨ ᠮᠣᠳᠣ ᠂ ᠴᠢᠴᠠᠷᠭᠠᠨ᠎ᠠ ᠵᠡᠷᠭᠡ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ ᠭᠠᠷᠭᠠᠵᠤ ᠂ ᠦᠢ ᠣᠯᠠᠨ | ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠠᠢ ᠃ ᠨᠢᠭᠡᠭᠡᠨ ᠠᠯᠮᠤᠷᠠᠳ ᠤᠨ ᠮᠣᠳᠣ ᠠᠴᠠ 2300 ᠮᠦ ᠠᠯᠮᠤᠷᠠᠳ ᠤᠨ | ᠠᠵᠤ ᠠᠬᠤᠢ ᠶᠢᠨ ᠤᠢ ᠬᠦᠷᠲᠡᠯ᠎ᠡ ᠂ ᠬᠠᠶᠢᠷ ᠴᠢᠯᠠᠭᠤᠯᠢᠭ ᠣᠷᠣᠨ ᠢ ᠠᠯᠮᠤᠷᠠᠳ ᠤᠨ ᠠᠵᠤ ᠠᠬᠤᠢ ᠶᠢᠨ ᠤᠢ ᠶᠢᠨ ᠣᠷᠣᠨ ᠪᠣᠯᠭᠠᠵᠤ ᠂ ᠵᠡᠭᠦᠨᠭᠠᠷ ᠬᠤᠰᠢᠭᠤᠨ ᠤ | ᠬᠠᠷᠠᠵᠠᠳᠠᠢ ᠰᠢᠶᠠᠩ ᠤᠨ ᠳ᠋ᠧ ᠱᠧᠩ ᠶᠢᠤ ᠯᠢᠶᠠᠩ ᠲᠣᠰᠬᠤᠨ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ ᠂ | ︽ᠬᠠᠷᠠᠵᠠᠳᠠᠢ ᠶᠢᠨ ᠠᠭᠤᠯᠠᠷᠬᠠᠭ ᠭᠠᠵᠠᠷ ᠤᠨ ᠠᠯᠮᠤᠷᠠᠳ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠳᠡᠮᠳᠡᠭᠳᠤ ᠶᠢ | ᠠᠮᠵᠢᠯᠲᠠ ᠲᠠᠢ ᠨᠡᠶᠢᠲᠡᠯᠡᠵᠦ ᠂ ᠪᠠᠰᠠ︽ᠳᠤᠮᠳᠠᠳᠤ ᠤᠯᠤᠰ ᠤᠨ ᠨᠢᠭᠡ ᠰᠢᠶᠠᠩ ᠨᠢᠭᠡ ᠪᠦᠲᠦᠭᠡᠭᠳᠡᠬᠦᠨ ᠲᠠᠢ ᠪᠤᠯᠬᠤ︾ ᠪᠦᠲᠦᠭᠡᠭᠳᠡᠬᠦᠨ ᠤ ᠭᠡᠷᠡᠴᠢᠯᠡᠯ | ᠬᠠᠮᠠᠭᠠᠯᠠᠯᠲᠠ ᠶᠢ ᠤᠯᠪᠠ ᠃ 2023 ᠣᠨ ᠳᠤ ᠂ ᠳ᠋ᠧ ᠱᠧᠩ ᠶᠢᠤ ᠯᠢᠶᠠᠩ ᠲᠣᠰᠬᠤᠨ ᠳᠤ 320 ᠲᠦᠮᠡᠨ ᠵᠢᠩ ᠠᠯᠮᠤᠷᠠᠳ ᠦᠢᠯᠡᠳᠪᠦᠷᠢᠯᠡᠨ ᠂ 2160 | ᠲᠦᠮᠡᠨ ᠲᠥᠭᠦᠷᠢᠭ ᠤᠨ ᠠᠵᠤ ᠠᠬᠤᠢ ᠶᠢᠨ ᠦᠷ᠎ᠡ ᠠᠰᠢᠭ ᠢ ᠪᠡᠶᠡᠯᠡᠭᠦᠯᠵᠦ ᠂ ᠵᠢᠮᠢᠰ ᠤᠨ ᠮᠣᠳᠣ ᠲᠠᠷᠢᠬᠤ ᠲᠣᠮᠣ ᠡᠷᠦᠬᠡ ᠶᠢᠨ ᠣᠷᠣᠯᠭ᠎ᠠ ᠨᠢ 100 ᠲᠦᠮᠡᠨ | ᠲᠥᠭᠦᠷᠢᠭ ᠢ ᠳᠠᠪᠠᠭᠰᠠᠨ ᠨᠢ 4 ᠡᠷᠦᠬᠡ ᠪᠤᠯᠵᠠᠢ ᠂ ᠡᠭᠦᠨ ᠳᠤ ᠦ᠋ ᠶᠦᠩ ᠵᠢᠶᠦ᠋ᠨ ᠤᠨ ᠬᠢᠨ ᠵᠢᠯ ᠳᠤ 45 ᠲᠦᠮᠡᠨ ᠵᠢᠩ ᠠᠯᠮᠤᠷᠠᠳ ᠬᠤᠷᠢᠶᠠᠵᠤ ᠂ 200 ᠭᠠᠷᠤᠢ | ᠲᠦᠮᠡᠨ ᠲᠥᠭᠦᠷᠢᠭ ᠤᠨ ᠣᠷᠣᠯᠭ᠎ᠠ ᠤᠯᠤᠭᠠᠳ ᠂ ᠲᠤᠬᠠᠢ ᠶᠢᠨ ᠭᠠᠵᠠᠷ ᠤᠨ ᠪᠠᠶᠠᠵᠢᠯ ᠤᠨ︽ᠳᠠᠭᠠᠭᠤᠯᠤᠭᠴᠢ︾ ᠪᠣᠯᠵᠠᠢ ᠃ ᠣᠳᠣᠬᠠᠨ ᠳᠤ ᠂ ᠪᠥᠬᠦ ᠬᠤᠰᠢᠭᠤᠨ ᠳᠤ | ᠭᠡᠪᠴᠢᠶᠡᠵᠢᠬᠦᠯᠤᠨ ᠳᠠᠷᠢᠬᠰᠠᠨ ᠴᠢᠴᠠᠷᠭᠠᠨ᠎ᠠ 93 ᠲᠦᠮᠡᠨ ᠮᠦ ᠂ ᠬᠦᠢᠯᠡᠰᠦ 90 ᠲᠦᠮᠡᠨ ᠮᠦ ᠂ ᠠᠯᠮᠤᠷᠠᠳ 3 ᠲᠦᠮᠡ ᠭᠠᠷᠤᠢ ᠮᠦ ᠪᠠᠶᠢᠵᠤ ᠂ ᠠᠯᠢᠮ᠎ᠠ ᠂ | ᠲᠤᠭᠤᠷ ᠂ ᠤᠯᠠᠭᠠᠨ ᠭᠦᠢᠯᠡᠰᠦ ᠂ ᠴᠢᠪᠠᠭ᠎ᠠ ᠵᠡᠷᠭᠡ ᠶᠢ 3 ᠲᠦᠮᠡ ᠭᠠᠷᠤᠢ ᠮᠦ ᠳᠠᠷᠢᠵᠤ ᠂ ᠪᠥᠬᠦ ᠣᠷᠣᠨ ᠳᠤ ᠵᠠᠭᠤᠨ ᠲᠦᠮᠡᠨ ᠮᠦ ᠶᠢᠨ ᠠᠵᠤ ᠠᠬᠤᠢ ᠶᠢᠨ | ᠣᠶ ᠶᠢᠨ ᠬᠠᠷᠠᠯᠲᠠ ᠶᠢ ᠤᠷᠢᠳᠠᠪᠠᠷ ᠪᠡᠶᠡᠯᠡᠭᠦᠯᠦᠭᠰᠡᠨ ᠪᠠᠶᠢᠨ᠎ᠠ ᠃ | | ᠵᠢᠷᠤᠭ ᠄ ᠵᠡᠭᠦᠨᠭᠠᠷ ᠬᠤᠰᠢᠭᠤᠨ ᠤ ᠬᠠᠷᠠᠵᠠᠳᠠᠢ ᠰᠢᠶᠠᠩ ᠤᠨ ᠠᠭᠤᠯᠠᠷᠬᠠᠭ ᠭᠠᠵᠠᠷ ᠤᠨ ᠠᠯᠮᠤᠷᠠᠳ ᠪᠤᠯᠤᠨ᠎ᠠ | ᠭᠤᠤ ᠶᠤᠸᠠᠨ ᠭᠦᠢᠯᠡᠰᠦᠨ ᠴᠥᠮ᠎ᠡ ᠶᠢᠨ ᠤᠮᠳᠠᠭᠠᠨ ᠂ ᠵᠢᠮᠢᠰ ᠤᠨ ᠲᠥᠯᠥᠪᠯᠡᠭᠡ ᠂ ᠮᠧᠩ ᠲᠧ ᠬᠠᠢ ᠬᠤᠩ ᠵᠢᠮᠢᠰ ᠤᠨ ᠠᠷᠢᠬᠢ ᠵᠡᠷᠭᠡ ᠲᠣᠰ ᠭᠠᠵᠠᠷ ᠣᠷᠣᠨ ᠤ | ᠣᠶ ᠰᠢᠭᠤᠢ ᠡᠯᠡᠰᠦᠨ ᠤ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠳᠤ ᠲᠦᠰᠢᠭᠯᠡᠨ ᠂ ᠵᠡᠭᠦᠨᠭᠠᠷ ᠬᠤᠰᠢᠭᠤ ᠦᠢᠯᠡᠳᠪᠦᠷᠢᠯᠡᠬᠦ ᠂ ᠡᠳ᠋ᠰᠢᠬᠦᠯᠬᠦ ᠂ | ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠬᠡᠯᠬᠢᠶ᠎ᠡ ᠶᠢ ᠪᠣᠶ ᠪᠣᠯᠭᠠᠵᠠᠢ ᠃ ᠵᠢᠯ ᠪᠤᠯᠭᠠᠨ ᠪᠦᠬᠦ ᠬᠤᠰᠢᠭᠤᠨ ᠤ | ᠵᠢᠮᠢᠰ ᠤᠨ ᠲᠠᠷᠢᠶᠠᠴᠢᠳ ᠢ ᠵᠣᠬᠢᠶᠠᠨ ᠪᠠᠶᠢᠭᠤᠯᠤᠨ ᠭᠠᠳᠠᠭᠰᠢ ᠭᠠᠷᠴᠤ ᠲᠣᠭᠤᠷᠢᠨ ᠦᠵᠡᠭᠦᠯᠵᠦ ᠪᠣᠯᠪᠠᠰᠤᠷᠠᠭᠤᠯᠤᠬᠰᠠᠨ ᠪᠠᠶᠢᠨ᠎ᠠ ᠃ ᠡᠭᠦᠨ ᠤ ᠬᠠᠮᠲᠤ ᠭᠠᠳᠠᠨ᠎ᠠ | ᠣᠷᠣᠨ ᠤ ᠵᠢᠮᠢᠰ ᠤᠨ ᠣᠶ ᠶᠢᠨ ᠲᠤᠰᠬᠠᠢ ᠮᠡᠷᠭᠡᠵᠢᠯᠲᠡᠨ ᠢ ᠤᠷᠢᠵᠤ ᠪᠤᠳᠠᠳᠤ ᠭᠠᠵᠠᠷ ᠲᠤᠨᠢ ᠵᠢᠯᠤᠭᠤᠳᠤᠯᠭ᠎ᠠ ᠬᠢᠯᠭᠡᠨ᠂ ᠬᠤᠰᠢᠭᠤ ᠂ ᠰᠢᠶᠠᠩ ᠂ ᠲᠣᠰᠬᠤᠨ ᠭᠤᠷᠪᠠᠨ | ᠱᠠᠲᠤᠨ ᠤ ᠵᠢᠮᠢᠰ ᠤᠨ ᠦᠢᠯᠡᠰ ᠤᠨ ᠤᠳᠤᠷᠢᠳᠬᠤ ᠳᠤᠬᠳᠠᠯᠴᠠᠭ᠎ᠠ ᠪᠣᠯᠣᠨ ᠮᠡᠷᠭᠡᠵᠢᠯ ᠤᠨ ᠦᠢᠯᠡᠴᠢᠯᠡᠭᠡᠨ ᠤ ᠳᠤᠬᠳᠠᠯᠴᠠᠭ᠎ᠠ ᠶᠢ ᠪᠠᠶᠢᠭᠤᠯᠵᠤ ᠂ ᠨᠢᠭᠡ ᠪᠦᠯᠦᠭ | ᠲᠠᠷᠢᠶᠠᠴᠢᠨ ᠮᠡᠷᠭᠡᠵᠢᠯᠲᠡᠨ ᠂ ᠵᠢᠮᠢᠰ ᠤᠨ ᠦᠢᠯᠡᠰ ᠤᠨ ᠳᠤᠰᠬᠠᠢ ᠬᠤᠷᠰᠢᠶᠠᠵᠢᠯ ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠵᠡᠷᠭᠡ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠵᠤ ᠂ ᠥᠷᠭᠡᠨ ᠣᠯᠠᠨ ᠲᠦᠮᠡᠨ ᠳᠤ ᠪᠣᠬᠢᠷᠲᠤᠯ ᠦᠭᠡᠢ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤᠪᠠᠷ ᠡᠳ᠋ᠯᠡᠭᠦᠯᠦᠭᠰᠡᠨ ᠤ ᠬᠠᠮᠲᠤ ᠂ ᠠᠮᠢ ᠠᠬᠤᠢ ᠬᠢᠭᠡᠳ ᠠᠵᠤ ᠠᠬᠤᠢ ᠶᠢ ᠤᠶᠠᠯᠳᠤᠭᠤᠯᠬᠤ ᠂ ᠠᠮᠢ ᠠᠬᠤᠢ ᠶᠢᠨ ᠵᠠᠰᠠᠯᠳᠠ ᠬᠢᠭᠡᠳ ᠠᠵᠤ ᠦᠢᠯᠡᠰ ᠤᠨ | ᠨᠡᠭᠡᠭᠡᠯᠳᠡ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠦ ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠂ ᠠᠮᠢ ᠠᠬᠤᠢ ᠪᠠᠷ ᠠᠷᠠᠳ ᠲᠤ | ᠦᠢᠯᠡᠴᠢᠯᠡᠬᠦ ᠶᠢ ᠪᠡᠶᠡᠯᠡᠭᠦᠯᠦᠭᠰᠡᠨ ᠪᠠᠶᠢᠨ᠎ᠠ ᠃ | 2023 ᠣᠨ ᠳᠤ ᠂ ᠵᠡᠭᠦᠨᠭᠠᠷ ᠬᠤᠰᠢᠭᠤ ︽ ᠵᠡᠭᠦᠨᠭᠠᠷ ᠬᠤᠰᠢᠭᠤᠨ ᠤ ᠵᠢᠮᠢᠰ ᠤᠨ ᠣᠶ ᠶᠢᠨ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ | ᠲᠥᠰᠥᠯ ︵ 2023 ︱ 2025 ︶ ︾ ᠢ ᠳᠠᠷᠤᠮᠠᠯᠯᠠᠨ ᠲᠠᠷᠬᠠᠭᠠᠵᠤ ᠂ ︽ ᠠᠵᠤ ᠠᠬᠤᠶᠢᠯᠠᠯ + ᠲᠠᠷᠢᠶᠠᠴᠢᠨ ᠡᠷᠦᠬᠡ + ᠲᠣᠰᠬᠤᠨ ᠤ ᠬᠠᠮᠲᠤ ᠶᠢᠨ ᠵᠣᠬᠢᠶᠠᠨ | ᠪᠠᠶᠢᠭᠤᠯᠤᠯᠲᠠ ︾ ᠶᠢᠨ ᠠᠰᠢᠭ ᠲᠤᠰᠠ ᠶᠢᠨ ᠬᠤᠯᠪᠣᠭ᠎ᠠ ᠶᠢᠨ ᠵᠠᠭᠪᠤᠷ ᠶᠣᠰᠣᠭᠠᠷ ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠷ ᠳᠠᠮᠵᠢᠭᠤᠯᠤᠨ ᠂ ᠡᠯ᠎ᠡ | ᠰᠤᠮᠤ ᠰᠢᠶᠠᠩ ᠪᠠᠯᠭᠠᠰᠤ ᠪᠠᠷ ᠨᠢᠭᠡᠴᠢ ᠪᠣᠯᠭᠠᠨ ᠂ ᠪᠥᠬᠦ ᠬᠤᠰᠢᠭᠤᠨ ᠤ ᠬᠠᠮᠲᠤ ᠶᠢᠨ ᠵᠢᠮᠢᠰ ᠤᠨ ᠬᠦᠷᠢᠶᠡᠯᠡᠩ ᠪᠠ ᠲᠠᠷᠢᠶᠠᠴᠢᠨ ᠡᠷᠦᠬᠡ ᠶᠢᠨ ᠠᠭᠤᠯᠠᠨ | ᠬᠦᠢᠯᠡᠰᠦ ᠶᠢᠨ ᠰᠠᠭᠤᠷᠢᠨ ᠭᠠᠵᠠᠷ ᠲᠤ ᠲᠥᠪᠯᠡᠷᠡᠩᠭᠦᠢ ᠬᠡᠪᠴᠢᠶᠡᠵᠢᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠂ ᠪᠡᠯᠡ ᠣᠷᠣᠭᠤᠯᠤᠯᠲᠠ ᠪᠠᠭ᠎ᠠ ᠂ ᠤᠨᠠᠯᠳᠠ ᠥᠨᠳᠥᠷ | ᠪᠠᠶᠢᠬᠤ ᠶᠢ ᠪᠡᠶᠡᠯᠡᠭᠦᠯᠦᠨ ᠂ ᠠᠷᠠᠳ ᠣᠯᠠᠨ ᠢ ᠳᠠᠭᠠᠭᠤᠯᠤᠨ ᠬᠠᠮᠲᠤ ᠪᠠᠷ ᠪᠠᠶᠠᠵᠢᠭᠤᠯᠵᠠᠢ ᠃ ᠳᠤᠰ ᠵᠢᠯ ᠳᠤ 9.28 ᠲᠦᠮᠡᠨ ᠮᠦ ᠠᠵᠤ ᠠᠬᠤᠢ ᠶᠢᠨ ᠣᠶ ᠶᠢᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠪᠡ ᠃ | 2024 ᠣᠨ ᠳᠤ ᠵᠢᠮᠢᠰ ᠤᠨ ᠣᠶ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 1 ᠲᠦᠮᠡᠨ ᠮᠦ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ ︔ ᠠᠭᠤᠯᠠᠨ | ᠬᠦᠢᠯᠡᠰᠦ ᠶᠢ 1.5 ᠲᠦᠮᠡᠨ ᠮᠦ ᠠᠷᠠᠴᠢᠯᠠᠨ ᠪᠣᠶᠢᠵᠢᠭᠤᠯᠤᠨ᠎ᠠ ︔ ᠠᠭᠤᠯᠠᠨ ᠬᠦᠢᠯᠡᠰᠦ ᠶᠢ 0.1 ᠲᠦᠮᠡᠨ ᠮᠦ ᠰᠠᠶᠢᠵᠢᠷᠠᠭᠤᠯᠤᠨ᠎ᠠ ︔ ᠪᠣᠷᠣᠭᠠᠨ ᠤ ᠤᠰᠤᠨ | ᠵᠣᠭᠤᠷᠢ ᠶᠢ 1 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠤᠨ᠎ᠠ ︔ ᠮᠥᠨᠳᠥᠷ ᠢ ᠰᠡᠷᠭᠡᠶᠢᠯᠡᠬᠦ ᠲᠣᠣᠷ ᠢ 0.18 ᠲᠦᠮᠡᠨ ᠮᠦ ᠤᠭᠰᠠᠷᠠᠨ᠎ᠠ ︔ | 300 ︱ 500 ᠮᠦ ᠡᠪᠦᠯᠵᠢᠬᠦ ᠬᠠᠮᠠᠭᠠᠯᠠᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ ᠂ ᠣᠷᠣᠢ ᠬᠢᠷᠠᠭᠤᠳᠠᠬᠤ ᠶᠢ ᠰᠡᠷᠭᠡᠶᠢᠯᠡᠬᠦ | ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ 500 ᠮᠦ ᠥᠷᠨᠢᠭᠦᠯᠦᠨ᠎ᠡ ᠃ ᠣᠳᠣᠬᠠᠨ ᠳᠤ ᠵᠢᠮᠢᠰ ᠤᠨ ᠮᠣᠳᠣ ᠶᠢ ᠠᠷᠠᠴᠢᠯᠠᠨ ᠪᠣᠶᠢᠵᠢᠭᠤᠯᠬᠤ | ᠠᠵᠢᠯ ᠯᠠᠪᠳᠠᠭᠤᠨ ᠢᠶᠠᠷ ᠠᠬᠢᠵᠤ ᠪᠠᠶᠢᠨ᠎ᠠ ᠃ | | | | ᠵᠢᠷᠤᠭ᠄ ᠵᠡᠭᠦᠨᠭᠠᠷ ᠬᠤᠰᠢᠭᠤᠨ ᠤ ᠬᠦᠢᠯᠡᠰᠦᠨ ᠮᠣᠳᠣᠨ ᠤ ᠰᠠᠭᠤᠷᠢᠨ ᠭᠠᠵᠠᠷ | ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠠᠮᠢ ᠠᠬᠤᠢ ᠶᠢᠨ ᠠᠵᠤ ᠦᠢᠯᠡᠰ ᠢ ᠣᠷᠭᠠᠨᠢᠭ ᠢᠶᠠᠷ ᠠᠭᠤᠰᠤᠯᠴᠠᠭᠤᠯᠪᠠ | ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠠᠪᠤᠴᠠ ᠳᠤ ᠂ ᠵᠡᠭᠦᠨᠭᠠᠷ ᠬᠤᠰᠢᠭᠤ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠵᠦ | ᠪᠦᠲᠦᠭᠡᠨ ᠪᠠᠶᠢᠭᠤᠯᠬᠤ ᠪᠠ ᠬᠤᠪᠢᠷᠠᠭᠤᠯᠤᠨ ᠠᠰᠢᠭᠯᠠᠬᠤ ᠰᠢᠨ᠎ᠡ ᠠᠵᠠ ᠲᠣᠬᠢᠶᠠᠯ ᠢ ᠡᠵᠡᠮᠳᠡᠨ ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠠᠵᠤ | ᠦᠢᠯᠡᠰᠵᠢᠭᠦᠯᠬᠦ ᠶᠢ ᠵᠡᠷᠭᠡᠪᠡᠷ ᠠᠬᠢᠭᠤᠯᠵᠠᠢ ᠃ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 61.36 ᠳ᠋ᠦᠩᠰᠢᠭᠤᠷ ᠲᠥᠭᠦᠷᠢᠭ ᠤᠨ ᠵᠡᠭᠦᠨᠭᠠᠷ ᠬᠤᠰᠢᠭᠤᠨ ᠤ | ᠬᠤᠢ ᠨᠧᠩ ᠯᠢᠦᠢ ᠱᠧᠩ ᠰᠢᠨ᠎ᠡ ᠡᠨᠧᠷᠭᠢ ᠶᠢᠨ ᠬᠡᠷᠡᠯ ᠴᠡᠨᠡᠭ ᠤᠨ ᠲᠥᠷᠥᠯ ᠵᠦᠢᠯ ᠤᠨ ᠡᠵᠡᠯᠡᠬᠦ ᠲᠠᠯᠠᠪᠠᠶ ᠨᠢ 2.85 ᠲᠦᠮᠡᠨ ᠮᠦ ᠂ ᠶᠡᠷᠦᠩᠬᠡᠢ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠨᠢ 1100MW ︵ ᠰᠣᠯᠢᠯᠴᠠᠭᠠᠨ ᠤ ᠲᠠᠯ᠎ᠠ ︶ ᠪᠠᠶᠢᠵᠤ ᠂ 220kV ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ ᠢᠵᠢ | ᠪᠦᠷᠢᠳᠦᠭᠦᠯᠦᠨ 2 ᠪᠠᠶᠢᠭᠤᠯᠵᠤ ᠂ ᠴᠠᠬᠢᠯᠭᠠᠨ ᠭᠠᠷᠭᠠᠯᠲᠠ ᠶᠢ ᠴᠤᠭᠯᠠᠭᠤᠯᠤᠭᠰᠠᠨ ᠤ ᠳᠠᠷᠠᠭ᠎ᠠ ᠥᠪᠥᠷ ᠮᠣᠩᠭᠤᠯ ᠤᠨ ᠪᠠᠷᠠᠭᠤᠨ ᠬᠡᠰᠡᠭ ︱ ᠲᠢᠶᠠᠨᠵᠢᠨ ᠤ ᠡᠮᠦᠨ᠎ᠡ | ᠬᠦᠷᠬᠦ ᠱᠤᠭᠤᠮ ᠤᠨ ᠭᠠᠳᠠᠭᠰᠢ ᠬᠦᠷᠭᠡᠬᠦ ᠨᠡᠪᠲᠡᠷᠡᠬᠦ ᠵᠠᠮ ᠳᠤ ᠬᠦᠷᠭᠡᠵᠡᠢ ᠃ ᠲᠥᠷᠥᠯ ᠵᠦᠢᠯ ᠢ ᠬᠤᠶᠠᠷ ᠪᠠᠷᠢᠮᠵᠢᠶᠠᠲᠤ ᠬᠡᠰᠡᠭ ᠬᠤᠪᠢᠶᠠᠨ ᠪᠦᠲᠦᠭᠡᠨ ᠪᠠᠶᠢᠭᠤᠯᠵᠤ ᠂ | ᠲᠦᠷᠦᠭᠦᠬᠡᠨ ᠳᠤ ᠨᠢᠭᠡᠳᠦᠭᠡᠷ ᠪᠠᠷᠢᠮᠵᠢᠶᠠᠲᠤ ᠬᠡᠰᠡᠭ ︵ 600MW ︶ ᠢ ᠪᠥᠬᠦ ᠲᠠᠯ᠎ᠠ ᠪᠠᠷ ᠡᠬᠢᠯᠡᠨ ᠪᠦᠲᠦᠭᠡᠨ ᠪᠠᠶᠢᠭᠤᠯᠵᠤ ᠂ ᠲᠥᠷᠥᠯ ᠵᠦᠢᠯ ᠤᠨ ᠪᠡᠯᠡ | ᠣᠷᠣᠭᠤᠯᠤᠯᠲᠠ ᠶᠢ 44214.69 ᠲᠦᠮᠡᠨ ᠲᠥᠭᠦᠷᠢᠭ ᠲᠤ ᠪᠡᠶᠡᠯᠡᠭᠦᠯᠪᠡ ᠃ 600MW ᠬᠡᠷᠡᠯ ᠴᠡᠨᠡᠭ ᠤᠨ ᠦᠢᠯᠡᠳᠪᠦᠷᠢ ᠶᠢᠨ ᠲᠣᠭᠤᠷᠢᠭ ᠤᠨ 15 | ᠺᠢᠯᠣᠮᠧᠲᠷ ᠣᠷᠴᠢᠮ ᠤᠨ ᠵᠠᠭᠠᠭ ᠤᠨ ᠱᠤᠭᠤᠮ ᠳᠤ ᠥᠨᠳᠥᠷ ᠨᠢᠭᠲᠠᠴᠠ ᠲᠠᠢ ᠪᠤᠷᠭᠠᠰᠤ ᠡᠪᠡᠰᠤᠨ ᠤ ᠡᠯᠡᠰᠦ ᠶᠢ ᠲᠣᠭᠲᠠᠪᠤᠷᠢᠵᠢᠭᠤᠯᠤᠬᠴᠢ ᠭᠠᠷᠭᠠᠵᠤ ᠂ | ᠤᠳᠤᠬᠠᠨ ᠳᠤ 99% ᠶᠢᠨ ᠡᠪᠡᠰᠤᠨ ᠤ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠢ ᠪᠡᠶᠡᠯᠡᠭᠦᠯᠪᠡ ᠃ | | ᠵᠢᠷᠤᠭ ᠄ ᠵᠡᠭᠦᠨᠭᠠᠷ ᠬᠤᠰᠢᠭᠤᠨ ᠤ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠰᠠᠭᠤᠷᠢᠨ ᠭᠠᠵᠠᠷ | ︽ ᠬᠡᠷᠡᠯ ᠴᠡᠨᠡᠭ + ᠡᠯᠡᠰᠦ ᠶᠢ ᠵᠠᠰᠠᠬᠤ + ᠲᠠᠷᠢᠶᠠᠯᠠᠩ ᠣᠶ ᠰᠢᠭᠤᠢ + ᠵᠤᠭᠠᠴᠠᠯ ︾ ᠪᠠ ︽ ᠬᠠᠪᠲᠠᠰᠤᠨ ᠳᠡᠭᠡᠷ᠎ᠡ ᠠᠴᠠ ᠴᠠᠬᠢᠯᠭᠠᠨ ᠭᠠᠷᠭᠠᠵᠤ ᠂ | ᠬᠠᠪᠲᠠᠰᠤᠨ ᠳᠣᠣᠷ᠎ᠠ ᠳᠠᠷᠢᠬᠤ ︾ ᠬᠥᠭᠵᠢᠯᠲᠡ ᠶᠢᠨ ᠵᠠᠭᠪᠤᠷ ᠢ ᠲᠣᠰ ᠵᠣᠷᠢᠯᠭ᠎ᠠ ᠶᠢᠨ ᠠᠭᠢᠬᠤ ᠶᠢ ᠳᠠᠭᠠᠯᠳᠤᠨ ᠶᠡᠭᠡ ᠪᠠᠷ ᠳᠡᠯᠭᠡᠷᠡᠭᠦᠯᠵᠦ ᠂ ᠬᠡᠷᠡᠯ ᠴᠡᠨᠡᠭ ᠠᠴᠠ | ᠴᠠᠬᠢᠯᠭᠠᠨ ᠤ ᠭᠠᠳᠠᠭᠰᠢᠯᠠᠭᠤᠯᠤᠯᠲᠠ ᠶᠢ ᠪᠠᠭᠠᠰᠬᠠᠬᠤ ᠂ ᠡᠯᠡᠰᠦ ᠠᠴᠠ ᠪᠤᠬᠢᠷᠳᠤᠯ ᠦᠭᠡᠢ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠦᠷ᠎ᠡ ᠠᠰᠢᠭ ᠢ | ᠨᠡᠮᠡᠭᠳᠡᠭᠦᠯᠬᠦ ᠶᠢ ᠪᠡᠶᠡᠯᠡᠭᠦᠯᠵᠤ ᠪᠤᠢ ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠨᠢ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠤᠬᠰᠠᠨ ᠤ ᠬᠠᠮᠳᠤ | ᠵᠡᠭᠦᠨᠭᠠᠷ ᠬᠤᠰᠢᠭᠤᠨ ᠳᠤ ᠠᠵᠤ ᠠᠬᠤᠢ ᠪᠠ ᠨᠡᠶᠢᠭᠡᠮ ᠤᠨ ᠲᠠᠯ᠎ᠠ ᠶᠢᠨ ᠦᠷ᠎ᠡ ᠠᠰᠢᠭ ᠢ ᠠᠪᠴᠢᠷᠠᠵᠤ ᠥᠭᠴᠡᠢ ᠃ | | | | |