| 4 ᠳ᠋ᠦ᠋ᠭᠡᠷ ᠰᠠᠷ᠎ᠠ ᠶᠢᠨ 8 ᠤ ᠡᠳᠦᠷ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ ᠂ ᠣᠲᠣ ᠪᠣᠯᠲᠠᠯ᠎ᠠ ᠂ ᠮᠠᠨ ᠤ ᠣᠷᠣᠨ ᠤ ᠨᠡᠶᠢᠲᠡᠯᠡᠭᠰᠡᠨ ᠦᠨᠡᠨᠴᠢ | ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ 21 ᠲᠦᠮᠡ ᠶᠢ ᠳᠠᠪᠠᠪᠠ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠬᠢᠨ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ ᠰᠤᠩᠭᠤᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠳᠤ ᠨᠠᠩ ᠳᠥᠭᠦᠮ ᠳᠥᠲᠡ ᠢᠲᠡᠭᠡᠮᠵᠢ ᠶᠢᠨ ᠪᠡᠯᠡ ᠲᠣᠬᠢᠷᠠᠭᠤᠯᠬᠤ ᠦᠢᠯᠡᠴᠢᠯᠡᠭᠡ ᠬᠠᠩᠭᠠᠵᠤ ᠂ ᠣᠯᠠᠨ ᠰᠠᠯᠠᠭ᠎ᠠ ᠮᠥᠴᠢᠷ ᠲᠠᠢ | ᠬᠠᠮᠵᠢᠯᠴᠠᠨ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠠᠷ ᠪᠠᠶᠢᠨ᠎ᠠ ᠃ | 2023 ᠣᠨ ᠳᠤ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ ᠰᠤᠩᠭᠤᠬᠤ ᠬᠠᠮᠢᠶᠠᠷᠤᠯᠲᠠ ᠶᠢᠨ ᠠᠷᠭ᠎ᠠ ︾ ᠶᠢ ᠰᠢᠨ᠎ᠡ ᠪᠠᠷ ᠵᠠᠰᠠᠪᠤᠷᠢ ᠣᠷᠣᠭᠤᠯᠤᠨ | ᠳᠠᠷᠤᠮᠠᠯᠯᠠᠨ ᠲᠠᠷᠬᠠᠭᠠᠵᠤ ᠂ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠢᠯᠢᠳᠡᠭᠵᠢᠭᠦᠯᠦᠨ ᠂ ᠰᠣᠩᠭᠤᠬᠤ | ᠡᠲᠡᠭᠡᠳ ᠢ ᠨᠠᠷᠢᠯᠢᠭᠵᠢᠭᠤᠯᠵᠤ ᠂ ᠤᠷᠮᠠᠰᠢᠭᠤᠯᠬᠤ ᠠᠷᠭ᠎ᠠ ᠬᠡᠮᠵᠢᠶ᠎ᠡ ᠶᠢ ᠪᠠᠶᠠᠯᠢᠭᠵᠢᠭᠤᠯᠪᠠ ᠃ ᠣᠲᠣ ᠪᠣᠯᠲᠠᠯ᠎ᠠ ᠂ ᠨᠡᠶᠢᠲᠡᠯᠡᠭᠰᠡᠨ ᠦᠨᠡᠨᠴᠢ ᠢᠲᠡᠭᠡᠮᠵᠢ ᠶᠢᠨ | ᠨᠡᠶᠢᠲᠡᠯᠢᠭ ᠠᠵᠤ ᠠᠬᠤᠶᠢᠯᠠᠯ ᠨᠡᠶᠢᠲᠡ 21 ᠲᠦᠮᠡ ᠶᠢ ᠳᠠᠪᠠᠪᠠ ᠂ ᠡᠭᠦᠨ ᠳᠤ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ 1304 ᠂ | ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯ ᠠᠵᠤ ᠠᠬᠤᠶᠢᠯᠠᠯ 21 ᠪᠣᠶ ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠣᠩᠭᠤᠬᠤ ᠠᠷᠭ᠎ᠠ ᠶᠢᠨ ᠶᠣᠰᠣᠭᠠᠷ ᠂ ᠪᠥᠬᠦ | ᠣᠷᠣᠨ ᠤ ᠡᠯ᠎ᠡ ᠰᠠᠯᠠᠭ᠎ᠠ ᠮᠥᠴᠢᠷ ᠠᠴᠠ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠴᠤᠭᠯᠠᠭᠤᠯᠵᠤ ᠂ ᠵᠢᠷᠤᠮᠵᠢᠯᠳᠤ ᠴᠢᠨᠠᠷ ᠪᠠ ᠪᠣᠯᠣᠮᠵᠢᠲᠤ | ᠴᠢᠨᠠᠷ ᠢ ᠳᠡᠭᠡᠭᠰᠢᠯᠡᠭᠦᠯᠪᠡ ᠃ | ᠢᠲᠡᠭᠡᠮᠵᠢ ᠶᠢᠨ ᠲᠡᠮᠳᠡᠭᠯᠡᠯ ᠢᠶᠠᠷ ᠰᠠᠶᠢᠨ ᠡᠵᠡᠩᠨᠡᠯᠲᠡ ᠶᠢᠨ ᠭᠤᠣᠯ ᠴᠣᠭᠴᠠ ᠶᠢ ᠦᠨᠡᠨ ᠬᠦ ᠬᠠᠪᠰᠤᠷᠴᠤ ᠲᠥᠬᠦᠮ ᠲᠥᠲᠡ ᠬᠠᠷᠠᠭᠠᠯᠵᠠᠯ ᠲᠠᠢ ᠪᠡᠯᠡ | ᠲᠣᠬᠢᠷᠠᠭᠤᠯᠭ᠎ᠠ ᠶᠢᠨ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠬᠦᠷᠲᠡᠭᠡᠨ ᠂ ᠪᠡᠯᠡ ᠲᠣᠬᠢᠷᠠᠭᠤᠯᠬᠤ ᠳᠤ ᠬᠦᠴᠢᠷᠲᠡᠢ ᠂ ᠪᠡᠯᠡ ᠲᠣᠬᠢᠷᠠᠭᠤᠯᠬᠤ ᠳᠤ ᠦᠨᠡᠲᠡᠢ | ᠪᠠᠶᠢᠬᠤ ᠠᠰᠠᠭᠤᠳᠠᠯ ᠢ ᠨᠠᠮᠳᠠᠭᠤᠯᠬᠤ ᠶᠢᠨ ᠲᠦᠯᠦᠭᠡ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠷᠣᠨ ᠤ | ᠳᠣᠲᠣᠷᠠᠬᠢ ᠡᠬᠢ ᠪᠠᠶᠠᠯᠢᠭ ᠤᠳ ᠢ ᠢᠳᠡᠪᠬᠢᠲᠡᠢ ᠪᠠᠷ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠥᠪᠥᠷ ᠮᠣᠩᠭᠤᠯ ᠤᠨ ᠵᠠᠩᠭᠢᠯᠠᠭ᠎ᠠ ᠪᠠᠶᠢᠭᠤᠯᠬᠤ ᠠᠵᠢᠯ ᠢ ᠬᠦᠴᠦᠯᠡᠨ | ᠠᠬᠢᠭᠤᠯᠪᠠ ᠃ ᠣᠲᠣ ᠪᠣᠯᠲᠠᠯ᠎ᠠ ᠂ ᠨᠢᠭᠡᠨᠲᠡ 450 ᠳ᠋ᠦᠩᠰᠢᠭᠤᠷ ᠲᠥᠭᠦᠷᠢᠭ ᠢ ᠳᠠᠪᠠᠭᠰᠠᠨ ᠢᠲᠡᠭᠡᠮᠵᠢᠲᠦ ᠵᠢᠭᠡᠯᠡᠯᠭᠡ ᠲᠠᠯᠪᠢᠵᠤ ᠂ ᠡᠭᠦᠨ ᠤ ᠳᠣᠲᠣᠷ᠎ᠠ ᠴᠡᠪᠡᠷ | ᠢᠲᠡᠭᠡᠮᠵᠢᠲᠦ ᠵᠢᠭᠡᠯᠡᠯᠭᠡ 235 ᠳ᠋ᠦᠩᠰᠢᠭᠤᠷ ᠲᠥᠭᠦᠷᠢᠭ ᠰᠢᠬᠠᠮ ᠪᠠᠶᠢᠪᠠ ᠃ | ᠡᠭᠦᠨ ᠤ ᠬᠠᠮᠲᠤ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠭᠠᠶᠢᠯᠢ ᠲᠤᠰᠢᠶᠠᠬᠤ ᠢᠲᠡᠭᠡᠮᠵᠢ ᠶᠢᠨ ᠬᠠᠮᠲᠤᠷᠠᠭᠰᠠᠨ | ᠤᠷᠮᠠᠰᠢᠭᠤᠯᠤᠯ ᠤᠨ ᠺᠠᠷᠲ ﹀ ᠤᠨ ᠲᠦᠷ ᠬᠡᠷᠡᠭᠵᠢᠭᠦᠯᠬᠦ ᠠᠷᠭ᠎ᠠ ︾ ᠶᠢ ᠲᠣᠭᠲᠠᠭᠠᠵᠤ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ | ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ ᠃ ᠲᠣᠰ ᠠᠷᠭ᠎ᠠ ᠳᠤ A ᠲᠠᠰ ᠤᠨ ᠭᠠᠶᠢᠯᠢ ᠲᠤᠰᠢᠶᠠᠬᠤ ᠢᠲᠡᠭᠡᠮᠵᠢ ᠪᠠᠷ ᠭᠤᠣᠯ ᠲᠤᠯᠬᠤ ᠴᠡᠭ ᠪᠣᠯᠭᠠᠵᠤ ᠂ ︽ | ᠤᠷᠢᠳ ᠢᠶᠠᠷ ᠭᠦᠢᠴᠡᠳᠬᠡᠬᠦ ᠂ ᠲᠦᠷᠭᠡᠨ ᠭᠦᠢᠴᠡᠳᠬᠡᠬᠦ ᠂ ᠭᠠᠷ ᠭᠦᠢᠴᠡᠳᠬᠡᠯ ᠢ ᠳᠥᠭᠦᠮᠴᠢᠯᠡᠬᠦ ᠂ ᠥᠪᠡᠷ ᠤᠨ ᠥᠷᠲᠡᠭ ᠢ ᠪᠠᠭᠤᠷᠠᠭᠤᠯᠬᠤ ︾ ᠵᠡᠷᠭᠡ ᠲᠠᠯ᠎ᠠ ᠪᠠᠷ 45 | ᠵᠤᠷᠪᠤᠰ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠨᠡᠶᠢᠲᠡᠯᠡᠵᠦ ᠂ ᠢᠲᠡᠭᠡᠮᠵᠢ ᠲᠠᠢ ᠪᠠᠶᠢᠪᠠᠯ ᠠᠰᠢᠭ ᠬᠦᠷᠲᠡᠵᠦ ᠂ ᠢᠲᠡᠭᠡᠮᠵᠢ ᠲᠠᠢ ᠪᠣᠯ | ᠦᠷᠲᠡᠭ ᠲᠠᠢ ᠶᠢ ᠪᠡᠶᠡᠯᠡᠭᠦᠯᠪᠡ ᠃ | | |