| 4 ᠰᠠᠷ᠎ᠠ ᠶᠢᠨ 9 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠤᠷᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠯᠠᠹᠯᠤᠹ ᠲᠠᠢ ᠠᠭᠤᠯᠵᠠᠪᠠ ᠃ | ᠰᠢ ᠶᠢᠨ ᠫᠢᠩ ᠯᠠᠹᠯᠤᠹ ᠢᠶᠠᠷ ᠳᠠᠮᠵᠢᠭᠤᠯᠵᠤ ᠶᠡᠷᠦᠩᠬᠡᠶᠢᠯᠡᠭᠴᠢ ᠫᠦᠲ᠋ᠢᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ ᠃ ᠰᠢ ᠶᠢᠨ ᠫᠢᠩ ᠂ ᠡᠨᠡ ᠵᠢᠯ | ᠪᠣᠯ ᠳᠤᠮᠳᠠᠳᠤ ᠤᠷᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ ᠃ ᠳᠤᠮᠳᠠᠳᠤ ᠤᠷᠤᠰ ᠬᠤᠶᠠᠷ ᠤᠯᠤᠰ ᠭᠠᠷ ᠬᠤᠯᠪᠣᠯᠴᠠᠨ | ᠲᠣᠮᠣ ᠤᠯᠤᠰ ᠂ ᠬᠥᠷᠰᠢ ᠤᠯᠤᠰ ᠤᠨ ᠡᠶ᠎ᠡ ᠨᠠᠶᠢᠷᠲᠠᠢ ᠬᠠᠮᠲᠤ ᠣᠷᠣᠰᠢᠬᠤ ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠰᠢᠨ᠎ᠡ ᠵᠠᠮ ᠢᠶᠠᠷ ᠵᠠᠮᠨᠠᠵᠤ ᠂ | ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠭᠰᠡᠨ ᠪᠥᠭᠡᠳ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣᠨ ᠤ | ᠲᠥᠯᠥᠭᠡ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠭᠰᠡᠨ ᠶᠤᠮ ᠃ ᠪᠢ ᠶᠡᠷᠦᠩᠬᠡᠶᠢᠯᠡᠭᠴᠢ ᠫᠦᠲ᠋ᠢᠨ ᠲᠠᠢ ᠨᠢᠭᠲᠠ ᠶᠠᠪᠤᠯᠴᠠᠭ᠎ᠠ ᠪᠠᠨ ᠦᠷᠭᠦᠯᠵᠢᠯᠡᠨ | ᠪᠠᠲᠤᠯᠠᠵᠤ ᠂ ᠳᠤᠮᠳᠠᠳᠤ ᠤᠷᠤᠰ ᠤᠨ ᠬᠠᠷᠢᠯᠴᠠᠭ᠎ᠠ ᠢᠮᠠᠭᠲᠠ ᠤᠷᠤᠭᠰᠢᠲᠠᠢ ᠲᠣᠭᠲᠠᠭᠤᠨ ᠢᠶᠠᠷ ᠤᠷᠤᠭᠰᠢ ᠬᠥᠭᠵᠢᠬᠦ ᠶᠢ ᠪᠠᠲᠤᠯᠠᠨ᠎ᠠ ᠭᠡᠵᠦ ᠰᠠᠨᠠᠯ ᠨᠢᠭᠡᠲᠡᠢ | ᠵᠥᠪᠰᠢᠶᠡᠷᠡᠪᠡ ᠃ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠪᠠ ᠳᠤᠮᠳᠠᠳᠤ ᠤᠷᠤᠰ ᠤᠨ ᠰᠣᠶᠣᠯ ᠤᠨ | ᠣᠨ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ ᠂ ᠮᠢᠨᠤ ᠶᠡᠷᠦᠩᠬᠡᠶᠢᠯᠡᠭᠴᠢ ᠫᠦᠲ᠋ᠢᠨ ᠲᠠᠢ ᠲᠣᠬᠢᠷᠠᠯᠴᠠᠭᠰᠠᠨ ᠠᠯᠢ ᠤᠯᠠᠨ ᠴᠢᠬᠤᠯᠠ ᠬᠠᠮᠲᠤ ᠶᠢᠨ ᠲᠠᠨᠢᠯᠲᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠤᠯᠤᠰ ᠤᠨ ᠬᠢᠨ ᠤᠷᠤᠰ ᠤᠨ ᠠᠷᠠᠳ ᠲᠦᠮᠡᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠲᠡᠮᠵᠢᠵᠥ ᠂ ᠤᠷᠤᠰ ᠤᠨ ᠬᠢᠨ ᠤ ᠰᠦᠷᠳᠡᠭᠦᠯᠬᠦ ᠦᠵᠡᠯ ᠳᠤ ᠴᠣᠬᠢᠯᠲᠠ ᠥᠭᠴᠦ ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ | ᠬᠠᠮᠠᠭᠠᠯᠠᠬᠤ ᠶᠢ ᠲᠡᠮᠵᠢᠨ᠎ᠡ ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠷᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠂ ᠳᠤᠷᠠᠲᠠᠶ᠎ᠠ ᠤᠷᠤᠰ ᠯᠤᠭ᠎ᠠ ᠬᠤᠶᠠᠷ ᠲᠠᠯ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ ᠂ ᠠᠯᠳᠠᠨ ᠲᠣᠭᠤᠰᠭ᠋᠎ᠠ ᠤᠯᠤᠰ ᠤᠳ ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ ᠨᠡᠩ ᠤᠯᠠᠨ | ᠬᠠᠷᠢᠭᠤᠴᠠᠯᠭ᠎ᠠ ᠶᠢ ᠢᠯᠡᠷᠡᠭᠦᠯᠵᠦ ᠂ ᠡᠷᠬᠡ ᠲᠡᠭᠰᠢ ᠂ ᠨᠡᠭᠡᠭᠡᠯᠲᠡᠲᠡᠢ ᠂ ᠢᠯᠡ ᠲᠣᠳᠣ ᠂ ᠪᠠᠭᠲᠠᠭᠠᠮᠵᠢᠲᠠᠢ ᠵᠣᠷᠢᠭ ᠰᠠᠨᠠᠭ᠎ᠠ ᠪᠠᠷ ︽ ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ ︾ ᠤᠯᠤᠰ ᠤᠳ ᠲᠠᠢ ᠪᠦᠯᠬᠦᠮᠳᠡᠵᠦ ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠠᠬᠢᠭᠤᠯᠵᠤ ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠴᠦᠲᠡᠢ ᠬᠥᠲᠥᠯᠥᠨ ᠳᠠᠭᠠᠭᠤᠯᠤᠨ᠎ᠠ ᠭᠡᠵᠦ ᠴᠢᠬᠤᠯᠠᠴᠢᠯᠠᠪᠠ ᠃ | ᠯᠠᠹᠯᠤᠹ ᠶᠡᠷᠦᠩᠬᠡᠶᠢᠯᠡᠭᠴᠢ ᠫᠦᠲ᠋ᠢᠨ ᠤ ᠲᠡᠷᠢᠭᠦᠯᠡᠭᠴᠢ ᠰᠢ ᠶᠢᠨ ᠫᠢᠩ ᠳᠤ ᠳᠡᠪᠰᠢᠭᠦᠯᠦᠭᠰᠡᠨ ᠳᠣᠲᠣᠨᠣ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠢ | ᠳᠠᠮᠵᠢᠭᠤᠯᠪᠠ ᠃ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ᠠᠮᠵᠢᠯᠲᠠ ᠣᠯᠵᠤ ᠂ ᠪᠤᠰᠤᠳ ᠤᠯᠤᠰ ᠤᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠵᠠ ᠲᠣᠭᠢᠶᠠᠯ ᠬᠠᠩᠭᠠᠵᠠᠢ ᠂ ᠤᠷᠤᠰ ᠤᠨ ᠬᠢᠨ ᠡᠭᠦᠨ ᠢ | ᠶᠡᠬᠡᠳᠡ ᠪᠢᠰᠢᠷᠡᠵᠦ ᠪᠠᠶᠢᠨ᠎ᠠ ᠃ ᠤᠷᠤᠰ ᠤᠨ ᠭᠠᠳᠠᠭᠠᠳᠤ ᠲᠦᠷᠦ ᠶᠢᠨ ᠪᠣᠳᠣᠯᠭ᠎ᠠ ᠶᠢᠨ ᠲᠡᠷᠢᠭᠦᠨ ᠴᠢᠬᠤᠯᠠ ᠴᠢᠭᠯᠡᠯᠲᠡ ᠪᠣᠯ ᠳᠤᠮᠳᠠᠳᠤ ᠤᠯᠤᠰ ᠯᠤᠭ᠎ᠠ ᠶᠢᠨ | ᠬᠠᠷᠢᠯᠴᠠᠭ᠎ᠠ ᠶᠢ ᠪᠦᠭᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠦᠨ᠎ᠡ ᠃ ᠶᠡᠷᠦᠩᠬᠡᠶᠢᠯᠡᠭᠴᠢ ᠫᠦᠲ᠋ᠢᠨ ᠤᠷᠤᠭᠰᠢᠲᠠᠢ ᠪᠠᠷ ᠰᠣᠩᠭᠤᠭᠳᠠᠵᠤ ᠦᠷᠭᠦᠯᠵᠢᠯᠡᠨ ᠲᠤᠰᠢᠶᠠᠯ | ᠡᠭᠦᠷᠭᠡᠯᠡᠬᠦ ᠪᠣᠯᠤᠭᠰᠠᠨ ᠨᠢ ᠤᠷᠤᠰ ᠳᠤᠮᠳᠠᠳᠤ ᠶᠢᠨ ᠬᠠᠷᠢᠯᠴᠠᠭᠠᠨ ᠤ ᠦᠷᠭᠦᠯᠵᠢᠯᠡᠬᠦ ᠴᠢᠨᠠᠷ ᠢ ᠪᠠᠲᠤᠯᠠᠪᠠ ᠃ ᠤᠷᠤᠰ ᠳᠤᠮᠳᠠᠳᠤ ᠶᠢᠨ ᠬᠠᠷᠢᠯᠴᠠᠭ᠎ᠠ ᠡᠷᠬᠡ ᠲᠡᠭᠰᠢ | ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠪᠠᠶᠢᠭᠤᠯᠤᠭᠳᠠᠵᠤ ᠂ ᠬᠦᠢᠲᠡᠨ ᠲᠠᠶᠢᠨ ᠤ ᠦᠶ᠎ᠡ ᠶᠢᠨ ᠬᠤᠯᠪᠣᠭᠠᠨ ᠤ ᠬᠠᠷᠢᠴᠠᠭ᠎ᠠ ᠶᠢ ᠳᠠᠪᠠᠵᠤ ᠂ ᠬᠦᠴᠦᠷᠬᠡᠭ | ᠶᠡᠭᠡ ᠤᠶᠠᠨ ᠬᠠᠳᠠᠨ ᠴᠢᠨᠠᠷ ᠢᠶᠠᠨ ᠢᠯᠡᠷᠡᠭᠦᠯᠪᠡ ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠤᠯᠤᠰ ᠤᠨ ᠲᠡᠷᠢᠭᠦᠨ ᠤ ᠴᠢᠬᠤᠯᠠ | ᠬᠠᠮᠲᠤ ᠶᠢᠨ ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ ᠪᠤᠰᠤᠳ ︽ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ︾ ᠤᠯᠤᠰ ᠤᠳ ᠲᠠᠢ ᠬᠠᠮᠲᠤ ᠪᠠᠷ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ ᠂ ᠨᠡᠩ ᠡᠷᠬᠡ ᠲᠡᠭᠰᠢ ᠲᠥᠪ | ᠭᠤᠣᠯᠴᠢ ᠤᠯᠠᠨ ᠤᠯᠤᠰ ᠤᠨ ᠡᠮᠬᠢ ᠳᠢᠭᠯᠢᠮ ᠢ ᠠᠬᠢᠭᠤᠯᠤᠨ ᠪᠦᠷᠢᠯᠳᠦᠭᠦᠯᠬᠦ ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ ᠃ | ᠸᠠᠩ ᠢ ᠠᠭᠤᠯᠵᠠᠯᠲᠠ ᠳᠤ ᠣᠷᠣᠯᠴᠠᠵᠠᠢ ᠃ | | |