| ᠤᠷᠢᠬᠠᠨ ᠬᠠᠪᠤᠷ ᠡᠬᠡ ᠭᠠᠵᠠᠷ ᠲᠤ ᠰᠠᠭᠠᠳᠠᠵᠤ ᠂ ᠲᠦᠮᠡᠨ ᠪᠣᠳᠠᠰ ᠠᠮᠢᠯᠠᠨ ᠳᠦᠯᠵᠢᠨᠠ ᠃ ᠵᠡᠭᠦᠨᠭᠠᠷ ᠬᠤᠰᠢᠭᠤᠨ ᠤ ᠤᠳᠤ ᠦᠶ᠎ᠡ ᠶᠢᠨ ᠣᠶᠤᠨᠴᠢ | ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠂ ᠮᠥᠷ ᠮᠥᠷ ᠳᠤᠯᠠᠭᠠᠨ ᠬᠦᠯᠡᠮᠵᠢ ᠲᠡᠷᠢ ᠲᠡᠭᠰᠢ ᠵᠢᠭᠰᠠᠵᠤ ᠂ ᠬᠦᠷᠢᠶᠡᠯᠡᠩ | ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠪᠦᠬᠦ ᠲᠠᠯ᠎ᠠ ᠪᠠᠷ ᠡᠬᠢᠯᠡᠵᠦ ᠂ ᠭᠠᠵᠠᠷ ᠪᠤᠯᠭᠠᠨ ᠳᠤ ᠶᠠᠭᠠᠷᠠᠯᠳᠠᠢ ᠪᠠᠶᠢᠳᠠᠯ ᠬᠠᠷᠠᠬᠳᠠᠨ᠎ᠠ ᠃ ᠬᠦᠯᠡᠮᠵᠢ ᠳᠤ | ᠴᠥᠮ ᠬᠤᠷᠢ ᠭᠠᠷᠤᠢ ᠳᠦᠷᠤᠯ ᠤᠨ ᠡᠭᠦᠳᠦᠯᠲᠡ ᠶᠢᠨ ᠲᠤᠰᠬᠠᠢ ᠠᠰᠢᠭ ᠤᠨ ᠡᠷᠬᠡ ᠲᠠᠢ ᠂ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠨᠢ ᠲᠡᠮᠦᠷ ᠵᠠᠮᠲᠤ | ᠲᠡᠷᠭᠡᠨ ᠳᠤ ᠭᠠᠷᠤᠨ᠎ᠠ ᠂ 3 ᠮᠦ ᠭᠠᠵᠠᠷ ᠤᠨ ᠬᠦᠯᠡᠮᠵᠢ ᠳᠤ ᠲᠠᠷᠢᠶᠠᠨ ᠡᠮ ᠰᠦᠷᠴᠢᠬᠦ ᠳᠤ ᠲᠠᠪᠤᠬᠠᠨ ᠮᠢᠨᠦ᠋ᠲ ᠬᠡᠷᠡᠭᠰᠡᠵᠦ ᠂ ᠰᠢᠨᠵᠢᠯᠡᠬᠦ ᠤᠬᠠᠭᠠᠨ ᠮᠡᠷᠭᠡᠵᠢᠯ ᠢ | ᠡᠷᠭᠡ ᠦᠭᠡᠢ ᠭᠠᠶᠢᠬᠠᠭᠤᠯᠤᠨ᠎ᠠ ᠃ | ᠸᠢᠳᠢᠤ᠋ ᠪᠢᠴᠢᠯᠭᠡ | ᠵᠡᠭᠦᠨᠭᠠᠷ ᠬᠤᠰᠢᠭᠤᠨ ᠤ ᠤᠳᠤ ᠦᠶ᠎ᠡ ᠶᠢᠨ ᠣᠶᠤᠨᠴᠢ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠰᠢᠨ᠎ᠡ ᠬᠡᠯᠪᠡᠷᠢ ᠶᠢᠨ ᠤᠰᠤᠨ ᠤ | ᠢᠯᠴᠢ ᠬᠠᠳᠠᠭᠠᠯᠠᠵᠤ ᠳᠣᠲᠣᠭᠠᠳᠤ ᠳᠤᠯᠠᠭᠠᠨ ᠢ ᠬᠠᠳᠠᠭᠠᠯᠠᠬᠤ ᠤᠭᠰᠠᠷᠠᠮᠠᠯ ᠮᠠᠶ᠋ᠢᠭ ᠤᠨ ᠨᠡᠷᠡᠨ ᠤ ᠭᠡᠷᠡᠯ ᠤᠨ ᠬᠦᠯᠡᠮᠵᠢ ᠶᠢ 40 ᠪᠠᠶᠢᠭᠤᠯᠬᠤ ᠪᠠᠷ ᠲᠥᠯᠥᠪᠯᠡᠵᠦ ᠂ | ᠶᠡᠷᠦᠩᠬᠡᠢ ᠲᠠᠯᠠᠪᠠᠢ ᠨᠢ ᠪᠠᠷᠤᠭ 10 ᠲᠦᠮᠡᠨ ᠲᠡᠭᠰᠢ ᠳᠥᠷᠪᠡᠯᠵᠢᠨ ᠮᠧᠲᠷ ᠪᠤᠢ ᠃ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠤ ᠨᠢᠭᠡᠨᠲᠡ ᠲᠠᠷᠢᠬᠤ ᠴᠢᠳᠠᠪᠬᠢ ᠶᠢ | ᠪᠡᠶᠡᠯᠡᠭᠦᠯᠵᠦ ᠂ ᠬᠦᠯᠡᠮᠵᠢ ᠶᠢᠨ ᠳᠣᠲᠣᠷᠠᠬᠢ 8 ᠰᠢᠨ᠎ᠡ ᠳᠦᠷᠤᠯ ᠤᠨ ᠭᠦᠵᠡᠯᠵᠡᠭᠡᠨ᠎ᠡ ᠶᠢ ᠪᠦᠬᠦᠨ ᠢ ᠲᠤᠷᠰᠢᠨ ᠲᠠᠷᠢᠵᠦ ᠂ ᠪᠦᠨᠳᠦᠭᠡᠨᠡᠨ ᠤᠯᠠᠶᠢᠬᠰᠠᠨ ᠤᠯᠠᠪᠲᠤᠷ | ᠭᠦᠵᠡᠯᠵᠡᠭᠡᠨ᠎ᠡ ᠨᠦᠭᠦᠳ ᠬᠦᠮᠤᠰ ᠤᠨ ᠳᠤᠷ᠎ᠠ ᠶᠢ ᠪᠤᠯᠢᠶᠠᠵᠤ ᠂ ᠰᠢᠯᠦᠰᠦ ᠶᠢ ᠬᠤᠷᠠᠭᠤᠯᠤᠨ᠎ᠠ ᠃ | | ᠥᠪᠥᠷ ᠮᠣᠩᠭᠤᠯ ᠤᠨ ᠵᠥᠩ ᠲᠢᠶᠠᠨ ᠣᠲᠣ ᠦᠶ᠎ᠡ ᠶᠢᠨ ᠲᠥᠬᠦᠭᠡᠷᠦᠮᠵᠢᠳᠤ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠯᠲᠡ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠡᠵᠡᠩᠨᠡᠯᠲᠡ ᠶᠢᠨ ᠳᠠᠭᠠᠭᠠᠮᠠᠯ ᠶᠠᠩ ᠴᠠᠩ ᠱᠧᠩ ᠬᠦᠯᠡᠮᠵᠢᠨ ᠳᠣᠲᠣᠷᠠᠬᠢ ᠨᠢᠭᠡᠨ ᠰᠢᠨᠵᠢᠯᠡᠬᠦ ᠤᠬᠠᠭᠠᠨ ᠮᠡᠷᠭᠡᠵᠢᠯ ᠤᠨ | ᠮᠡᠳᠡᠷᠡᠮᠵᠢ ᠪᠠᠷ ᠬᠦᠢᠴᠡᠳ ᠴᠠᠭᠠᠨ ᠥᠩᠭᠡ ᠶᠢᠨ ᠲᠥᠬᠦᠭᠡᠷᠦᠮᠵᠢ ᠶᠢ ᠵᠢᠭᠠᠵᠤ ᠄ ︽ ᠡᠨᠡ ᠪᠣᠯ ᠳᠠᠷᠤᠢ ᠮᠠᠨ ᠤ ᠣᠶᠤᠨᠴᠢ ᠬᠦᠯᠡᠮᠵᠢ ᠶᠢᠨ ᠬᠠᠮᠤᠭ ᠤᠨ ᠭᠤᠣᠯ ᠲᠥᠪ | ᠶᠡᠭᠡ ᠲᠠᠷᠢᠬᠢ ᠮᠥᠨ ᠂ ᠲᠡᠷᠡ ᠨᠢ ᠡᠨᠡᠬᠦ ᠬᠦᠯᠡᠮᠵᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠂ ᠬᠦᠷᠤᠰᠤ ᠰᠢᠷᠣᠢ ᠶᠢᠨ ᠳᠤᠯᠠᠭᠠᠨ ᠂ ᠴᠢᠭᠢᠭᠲᠦᠴᠡ ᠂ | ᠭᠡᠷᠡᠯ ᠤᠨ ᠲᠤᠰᠤᠯᠲᠠ ᠶᠢᠨ ᠮᠡᠳᠡᠭᠡ ᠵᠠᠩᠬᠢ ᠶᠢ ᠴᠤᠭᠯᠠᠭᠤᠯᠵᠤ ᠪᠤᠳᠠᠰ ᠤᠨ ᠬᠦᠢᠯᠭᠡᠭᠡᠨ ᠤ ᠢᠨᠲ᠋ᠧᠷ ᠰᠦᠯᠵᠢᠶ᠎ᠡ ᠶᠢᠨ ᠲᠥᠪ ᠲᠤ ᠳᠠᠮᠵᠢᠭᠤᠯᠵᠤ ᠂ ᠪᠤᠳᠠᠰ ᠤᠨ | ᠬᠦᠢᠯᠭᠡᠭᠡᠨ ᠤ ᠢᠨᠲ᠋ᠧᠷ ᠰᠦᠯᠵᠢᠶ᠎ᠡ ᠶᠢᠨ ᠲᠥᠪ ᠨᠢ ᠲᠠᠷᠢᠮᠠᠯ ᠤᠨ ᠪᠠᠶᠢᠳᠠᠯ ᠢ ᠦᠨᠳᠦᠰᠦᠯᠡᠨ ᠲᠣᠮᠣ ᠬᠦᠯᠡᠮᠵᠢ ᠶᠢᠨ ᠳᠤᠯᠠᠭᠠᠨ ᠤ ᠬᠡᠮᠵᠢᠶ᠎ᠡ ᠂ ᠴᠢᠭᠢᠭᠲᠦᠴᠡ ᠵᠡᠷᠭᠡ | ᠶᠢ ᠴᠠᠭ ᠲᠤᠬᠠᠢ ᠳᠤᠨᠢ ᠲᠣᠬᠢᠷᠠᠭᠤᠯᠤᠨ ᠡᠵᠡᠮᠳᠡᠵᠦ ᠂ ᠲᠠᠷᠢᠮᠠᠯ ᠢ ᠬᠠᠮᠤᠭ ᠤᠨ ᠲᠣᠬᠢᠷᠠᠮᠵᠢᠲᠠᠢ ᠣᠷᠴᠢᠨ ᠲᠣᠭᠤᠷᠢᠨ ᠳᠤ ᠤᠷᠭᠤᠭᠤᠯᠳᠠᠭ ︾ ᠭᠡᠨ᠎ᠠ ᠃ | | ᠶᠠᠩ ᠴᠠᠩ ᠱᠧᠩ ᠲᠠᠨᠢᠯᠴᠠᠭᠤᠯᠬᠤ ᠳᠠᠭᠠᠨ ᠂ ᠣᠶᠤᠨᠴᠢ ᠳᠤᠯᠠᠭᠠᠨ ᠬᠦᠯᠡᠮᠵᠢ ᠳᠤ ᠮᠠᠰᠢ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠶᠢ ᠬᠠᠮᠤᠷᠴᠤ ᠂ | ᠳᠤᠯᠠᠭᠠᠨ ᠢ ᠬᠠᠳᠠᠭᠠᠯᠠᠬᠤ ᠰᠢᠰᠲ᠋ᠧᠮ ᠢ ᠳᠣᠲᠣᠷ᠎ᠠ ᠳᠠᠪᠬᠤᠷᠭ᠎ᠠ ᠶᠢᠨ ᠵᠢᠶᠠᠰᠠ ᠳᠤ ᠲᠠᠯᠪᠢᠬᠤ ᠪᠠᠷ ᠳᠠᠮᠵᠢᠭᠤᠯᠤᠨ ᠂ 0.4m ᠠᠴᠠ 1m ᠤᠨ ᠠᠭᠠᠷ ᠤᠨ ᠢᠯᠴᠢ | ᠬᠥᠨᠳᠡᠶᠢᠷᠡᠭᠦᠯᠬᠦ ᠳᠠᠪᠬᠤᠷᠭ᠎ᠠ ᠶᠢ ᠪᠣᠶ ᠪᠣᠯᠭᠠᠵᠤ ᠂ ᠢᠯᠴᠢ ᠶᠢᠨ ᠳᠠᠮᠵᠢᠯᠲᠠ ᠶᠢ ᠪᠦᠲᠦᠮᠵᠢᠲᠡᠶ ᠪᠠᠭᠤᠷᠠᠭᠤᠯᠵᠤ ᠂ ᠳᠤᠯᠠᠭᠠᠨ ᠢ ᠬᠠᠳᠠᠭᠠᠯᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠳᠡᠭ ᠃ ᠰᠠᠷᠠᠪᠴᠢᠨ ᠳᠤ ᠣᠯᠠᠨ ᠤᠰᠤᠨ ᠰᠠᠪᠠ ᠤᠭᠰᠠᠷᠠᠵᠤ ᠂ ᠢᠯᠴᠢ ᠬᠠᠳᠠᠭᠠᠯᠠᠬᠤ ᠬᠡᠷᠡᠮ ᠪᠦᠷᠢᠯᠳᠦᠭᠦᠯᠦᠨ ᠂ ᠭᠠᠳᠠᠭᠠᠳᠤ ᠣᠷᠴᠢᠨ ᠤ ᠳᠤᠯᠠᠭᠠᠨ ᠤ | ᠬᠡᠮᠵᠢᠶ᠎ᠡ ᠥᠨᠳᠥᠷ ᠦᠶ᠎ᠡ ᠳᠤ ᠢᠯᠴᠢ ᠬᠠᠳᠠᠭᠠᠯᠠᠵᠤ ᠂ ᠳᠤᠯᠠᠭᠠᠨ ᠤ ᠬᠡᠮᠵᠢᠶ᠎ᠡ ᠳᠣᠣᠷ᠎ᠠ ᠦᠶ᠎ᠡ ᠳᠤ ᠢᠯᠴᠢ ᠢᠯᠭᠠᠷᠠᠭᠤᠯᠵᠤ ᠂ ᠳᠣᠲᠣᠭᠠᠳᠤ ᠳᠤᠯᠠᠭᠠᠨ ᠢ ᠬᠠᠮᠠᠭᠠᠯᠠᠬᠤ | ᠰᠢᠰᠲ᠋ᠧᠮ ᠢ ᠪᠦᠷᠢᠯᠳᠦᠭᠦᠯᠦᠨ ᠂ ᠭᠠᠳᠠᠭᠠᠳᠤ ᠣᠷᠴᠢᠨ ᠤ ᠳᠤᠯᠠᠭᠠᠨ ᠤ ᠬᠡᠮᠵᠢᠶ᠎ᠡ 30 ᠭᠷᠡᠳᠦ᠋ᠰ ᠲᠤ ᠬᠦᠷᠦᠭᠰᠡᠨ ᠨᠥᠬᠦᠴᠡᠯ ᠳᠣᠣᠷ᠎ᠠ ᠂ ᠰᠠᠷᠠᠪᠴᠢᠨ ᠤ ᠳᠤᠯᠠᠭᠠᠨ ᠤ | ᠬᠡᠮᠵᠢᠶ᠎ᠡ 8 ᠭᠷᠡᠳᠦ᠋ᠰ ᠠᠴᠠ ᠳᠡᠭᠡᠭᠰᠢ ᠪᠠᠶᠢᠵᠤ ᠂ ᠲᠠᠷᠢᠮᠠᠯ ᠤᠨ ᠤᠷᠭᠤᠯᠲᠠ ᠪᠠ ᠵᠢᠮᠢᠰ ᠨᠣᠭᠤᠭ᠎ᠠ ᠶᠢᠨ ᠶᠠᠰᠤ ᠴᠢᠨᠠᠷ ᠢ ᠪᠠᠲᠤᠯᠠᠨ᠎ᠠ ᠃ ᠡᠭᠦᠨ ᠤ ᠬᠠᠮᠲᠤ ᠂ | ᠬᠦᠯᠡᠮᠵᠢ ᠶᠢᠨ ᠪᠣᠯᠣᠳ ᠵᠢᠶᠠᠰᠠ ᠶᠢᠨ ᠥᠨᠳᠥᠷ ᠤᠨ ᠬᠡᠮᠵᠢᠶ᠎ᠡ ᠶᠢ ᠨᠡᠮᠡᠭᠳᠡᠭᠦᠯᠵᠦ ᠂ ᠬᠦᠯᠡᠮᠵᠢ ᠶᠢᠨ ᠬᠡᠷᠡᠯ ᠤᠨ ᠲᠤᠰᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ | ᠠᠯᠬᠤᠮ ᠨᠡᠮᠡᠭᠳᠡᠭᠦᠯᠵᠡᠢ ᠃ ᠡᠨᠡ ᠮᠡᠲᠦ ᠪᠠᠷ ᠣᠯᠠᠨ ᠵᠦᠢᠯ ᠤᠨ ᠠᠷᠭ᠎ᠠ ᠶᠢ ᠵᠡᠷᠭᠡ ᠪᠠᠷ ᠬᠡᠷᠡᠭᠯᠡᠵᠦ ᠂ ᠨᠡᠷᠡᠨ ᠤ ᠬᠡᠷᠡᠯ ᠤᠨ ᠬᠦᠯᠡᠮᠵᠢ ᠶᠢᠨ ︽ ᠳᠤᠯᠠᠭᠠᠨ ᠢ | ᠬᠠᠮᠠᠭᠠᠯᠠᠬᠤ ︾ ᠂ ︽ ᠢᠯᠴᠢ ᠬᠠᠳᠠᠭᠠᠯᠠᠬᠤ ︾᠂ ︽ ᠬᠡᠷᠡᠯ ᠲᠤᠰᠬᠠᠬᠤ ︾ ᠴᠢᠬᠤᠯᠠ ᠪᠦᠬᠦᠢ ᠨᠥᠬᠦᠴᠡᠯ ᠳᠤ ᠭᠦᠷᠦᠭᠰᠡᠨ ᠪᠠᠶᠢᠨ᠎ᠠ ᠭᠡᠬᠦ ᠶᠤᠮ ᠃ | | ︽ ᠪᠦᠬᠦ᠋ᠢᠯᠡ ᠲᠥᠷᠥᠯ ᠵᠦᠢᠯ ᠢ ᠬᠡᠷᠡᠭᠵᠢᠭᠦᠯᠦᠭᠰᠡᠨ ᠶᠠᠪᠤᠳᠠᠯ ᠨᠢ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠲᠤ ᠨᠢᠭᠡᠨ ᠴᠢᠨᠠᠷ ᠤᠨ ᠦᠰᠦᠷᠦᠯᠲᠡ ᠶᠢ | ᠠᠪᠴᠢᠷᠠᠵᠤ ᠥᠭᠴᠡᠢ ᠂ ᠲᠠᠷᠢᠶᠠᠴᠢᠳ ᠲᠠᠷᠢᠶ᠎ᠠ ᠳᠠᠷᠢᠬᠤ ᠳᠤ ᠴᠠᠭ ᠪᠠ ᠬᠦᠴᠦᠨ ᠳᠤ ᠠᠷᠪᠢᠲᠠᠢ ᠪᠠᠷ ᠪᠠᠷᠠᠬᠤ ᠦᠭᠡᠢ ᠦᠷ᠎ᠡ ᠪᠦᠲᠦᠮᠵᠢ ᠨᠢ ᠴᠦ ᠥᠨᠳᠥᠷ ᠪᠠᠶᠢᠨ᠎ᠠ ︾ | ᠭᠡᠵᠦ ᠶᠠᠩ ᠴᠠᠩ ᠱᠧᠩ ᠶᠠᠷᠢᠨ᠎ᠠ ᠃ | ᠣᠶᠢᠷ᠎ᠠ ᠶᠢᠨ ᠵᠢᠯ ᠠᠴᠠ ᠨᠠᠭᠠᠰᠢ ᠂ ᠵᠡᠭᠦᠨᠭᠠᠷ ᠬᠤᠰᠢᠭᠤ ᠣᠶᠤᠨᠴᠢ ᠳᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ ᠂ ᠤᠳᠤ ᠦᠶ᠎ᠡ ᠶᠢᠨ | ᠮᠡᠳᠡᠭᠡ ᠵᠠᠩᠭᠢ ᠮᠡᠷᠭᠡᠵᠢᠯ ᠢ ᠭᠦᠢᠴᠡᠳ ᠠᠰᠢᠭᠯᠠᠨ ᠂ ᠳᠠᠷᠢᠶᠠᠯᠠᠩ ᠦᠢᠯᠡᠳᠪᠦᠷᠢᠯᠡᠯ ᠂ ᠡᠵᠡᠩᠨᠡᠯᠲᠡ᠂ ᠬᠠᠮᠢᠶᠠᠷᠤᠯᠲᠠ᠂ ᠦᠢᠯᠡᠴᠢᠯᠡᠭᠡᠨ ᠤ ᠪᠦᠬᠦ ᠠᠵᠤ ᠦᠢᠯᠡᠰ ᠤᠨ | ᠬᠡᠯᠬᠢᠶ᠎ᠡ ᠶᠢ ᠣᠶᠤᠨᠴᠢᠯᠠᠨ ᠡᠵᠡᠮᠳᠡᠵᠦ ᠂ ᠳᠠᠷᠢᠶᠠᠯᠠᠩ ᠦᠢᠯᠡᠳᠪᠦᠷᠢᠯᠡᠯ ᠤᠨ ᠴᠢᠨᠠᠷ ᠰᠠᠶᠢᠲᠠᠢ ᠂ ᠥᠨᠳᠥᠷ ᠦᠷ᠎ᠡ ᠠᠰᠢᠭ ᠲᠠᠢ᠂ ᠠᠮᠤᠷ ᠲᠦᠪᠰᠢᠨ ᠪᠠ ᠡᠵᠡᠮᠳᠡᠵᠦ | ᠪᠣᠯᠬᠤ ᠪᠠᠶᠢᠳᠠᠯ ᠢ ᠪᠡᠶᠡᠯᠡᠭᠦᠯᠵᠦ ᠂ ᠳᠠᠷᠢᠶᠠᠯᠠᠩ ᠤᠶᠢᠯᠡᠳᠪᠤᠷᠢᠯᠡᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ ᠪᠤᠢ ᠃ ᠣᠳᠣᠬᠠᠨ ᠳᠤ ᠂ ᠵᠡᠭᠦᠨᠭᠠᠷ | ᠬᠤᠰᠢᠭᠤᠨ ᠤ ᠣᠲᠣ ᠦᠶ᠎ᠡ ᠶᠢᠨ ᠣᠶᠤᠨᠴᠢ ᠳᠦᠬᠦᠭᠡᠷᠤᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠵᠢᠯ ᠳᠤ | 5000 ᠲᠦᠮᠡᠨ ᠰᠠᠭᠤᠷᠢ ᠳᠦᠬᠦᠭᠡᠷᠤᠮᠵᠢᠳᠤ ᠢᠳᠡᠰᠢᠨ ᠨᠣᠭᠤᠭ᠎ᠠ ᠭᠤᠸ᠎ᠠ ᠵᠢᠮᠢᠰ ᠤᠨ ᠡᠷᠴᠢᠮᠵᠢᠭᠦᠯᠦᠭᠰᠡᠨ ᠴᠢᠬᠢ ᠪᠣᠶᠢᠵᠢᠭᠤᠯᠬᠤ ᠲᠥᠪ ᠢ ᠶᠠᠭ ᠱᠠᠯᠠᠪᠳᠠᠨ | ᠪᠦᠳᠤᠭᠡᠨ ᠪᠠᠶᠢᠭᠤᠯᠵᠤ ᠪᠠᠶᠢᠨ᠎ᠠ ᠂ ᠵᠢᠱᠢᠯᠲᠡ ᠪᠠᠷ ᠵᠢᠷᠭᠤᠳᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠪᠤᠢ ᠃ ᠤᠶᠤᠨᠴᠢ ᠵᠠᠯᠭᠠᠯᠳᠤᠭᠰᠠᠨ ᠬᠦᠯᠡᠮᠵᠢ ᠂ | ᠰᠢᠨ᠎ᠡ ᠰᠣᠷᠭᠤᠭ ᠢᠶᠠᠷ ᠬᠠᠳᠠᠭᠠᠯᠠᠬᠤ ᠬᠥᠮᠥᠷᠭᠡ ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠠᠰᠢᠭᠯᠠᠬᠤ ᠲᠥᠪ ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠳᠤ | ᠬᠡᠷᠡᠭᠯᠡᠬᠦ ᠭᠡᠷ ᠪᠠᠶᠢᠰᠢᠩ ᠵᠡᠷᠭᠡ ᠰᠠᠭᠤᠷᠢ ᠲᠥᠬᠦᠭᠡᠷᠦᠮᠵᠢ ᠶᠢ ᠵᠡᠷᠭᠡ ᠳᠤᠨᠢ ᠪᠦᠲᠦᠭᠡᠨ ᠪᠠᠶᠢᠭᠤᠯᠵᠤ ᠪᠠᠶᠢᠨ᠎ᠠ ᠃ | ︽ᠬᠦᠯᠡᠮᠵᠢ ᠳᠤ ᠭᠤᠣᠯᠳᠠᠭᠤ ᠭᠤᠷᠪᠠᠨ ᠶᠡᠭᠡ ᠴᠢᠳᠠᠮᠵᠢᠲᠤ ᠣᠷᠣᠨ ᠢ ᠪᠠᠭᠲᠠᠭᠠᠵᠤ ᠂ ᠨᠢᠭᠡᠳᠦᠭᠡᠷ ᠴᠢᠳᠠᠮᠵᠢᠲᠤ ᠣᠷᠣᠨ ᠪᠣᠯ ᠰᠢᠯᠢᠳᠡᠭ ᠪᠦᠲᠦᠭᠡᠭᠳᠡᠬᠦᠨ ᠤ | ᠲᠠᠷᠢᠮᠠᠯ ᠤᠨ ᠦᠢᠯᠡᠳᠪᠦᠷᠢᠯᠡᠯ ᠤᠨ ᠬᠦᠯᠡᠮᠵᠢ ᠪᠣᠯᠣᠨ᠎ᠠ ᠂ ᠬᠤᠶᠠᠳᠤᠭᠠᠷ ᠴᠢᠳᠠᠮᠵᠢᠲᠤ ᠣᠷᠣᠨ ᠪᠣᠯ ᠶᠠᠭ ᠪᠦᠲᠦᠭᠡᠨ ᠪᠠᠶᠢᠭᠤᠯᠵᠤ ᠪᠠᠶᠢᠭ᠎ᠠ ᠬᠤᠶᠠᠳᠤᠭᠠᠷ | ᠬᠤᠭᠤᠴᠠᠭᠠᠨ ᠤ ᠪᠠᠷᠢᠯᠭ᠎ᠠ ᠶᠢᠨ ᠵᠢᠯ ᠳᠤ 5 ᠮᠢᠩᠭᠠᠨ ᠲᠦᠮᠡᠨ ᠰᠠᠭᠤᠷᠢ ᠳᠣᠷᠪᠢᠵᠢᠭᠤᠯᠤᠭᠰᠠᠨ ᠴᠢᠬᠢ ᠪᠣᠶᠢᠵᠢᠭᠤᠯᠬᠤ ᠲᠥᠪ ᠪᠤᠯᠤᠨ᠎ᠠ ᠂ ᠭᠤᠷᠪᠠᠳᠤᠭᠠᠷ ᠲᠣᠮᠣ | ᠴᠢᠳᠠᠮᠵᠢᠲᠤ ᠣᠷᠣᠨ ᠪᠣᠯ ᠰᠤᠳᠤᠯᠤᠨ ᠨᠡᠭᠡᠭᠡᠬᠦ ᠲᠥᠪ ᠤᠨ ᠲᠣᠮᠣ ᠬᠦᠯᠡᠮᠵᠢ ᠪᠣᠯᠣᠨ᠎ᠠ ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠢ ᠣᠷᠣᠭᠤᠯᠤᠨ ᠠᠪᠴᠢᠷᠠᠵᠤ | ᠰᠢᠨ᠎ᠡ ᠲᠦᠷᠦᠯ ᠵᠦᠢᠯ ᠢ ᠲᠤᠷᠰᠢᠨ ᠰᠤᠳᠤᠯᠤᠨ ᠨᠡᠭᠡᠭᠡᠵᠦ ᠂ ᠤᠶᠢᠷ᠎ᠠ ᠬᠠᠪᠢ ᠶᠢᠨ ᠲᠣᠰᠬᠤᠨ ᠤ ᠠᠷᠠᠳ ᠢ ᠲᠠᠶᠢᠴᠢᠯᠠᠨ ᠨᠡᠩ ᠰᠠᠶᠢᠨ ᠲᠦᠷᠦᠯ ᠵᠦᠢᠯ ᠢ ᠰᠣᠩᠭᠤᠨ | ᠬᠡᠷᠡᠭᠯᠡᠬᠦᠯᠵᠤ ᠂ ᠨᠡᠩ ᠥᠨᠳᠥᠷ ᠠᠰᠢᠭ ᠣᠷᠣᠯᠭ᠎ᠠ ᠲᠠᠢ ᠪᠣᠯᠭᠠᠬᠤ ᠪᠠᠷ ᠦᠯᠤ ᠪᠠᠷᠠᠨ ᠪᠠᠰᠠ ᠣᠶᠤᠨᠴᠢ ᠲᠠᠷᠢᠶᠠᠯᠠᠩ ᠢᠶᠠᠷ ᠮᠠᠯᠴᠢᠨ ᠲᠠᠷᠢᠶᠠᠴᠢᠨ ᠳᠤ ᠦᠨᠡᠨ ᠪᠣᠳᠠᠲᠠᠢ | ᠠᠰᠢᠭ ᠬᠦᠷᠲᠡᠭᠡᠨ᠎ᠡ ︾ ᠭᠡᠵᠦ ᠶᠠᠩ ᠴᠠᠩ ᠱᠧᠩ ᠶᠠᠷᠢᠨ᠎ᠠ ᠃ | | | |