ᠠᠮᠢᠳᠤᠷᠠᠯ ᠳᠤᠮᠳᠠ ᠬᠡᠷᠬᠢᠨ ᠮᠢᠬ᠎ᠠ ᠢᠳᠡᠬᠦ ᠬᠡᠮᠵᠢᠶ᠎ᠡ ᠪᠠᠨ ᠵᠣᠬᠢᠰᠲᠠᠢ ᠲᠣᠬᠢᠷᠠᠭᠤᠯᠬᠤ ᠪᠤᠢ︖
ᠨᠡᠶᠢᠲᠡᠯᠡᠭᠰᠡᠨ ᠴᠠᠭ᠄
2024/4/11
     ᠶᠠᠭᠤᠨ ᠤ ᠤᠷᠢᠳ ᠰᠢᠮ᠎ᠡ ᠲᠡᠵᠢᠭᠡᠯ ᠤᠨ ᠮᠡᠳᠡᠯᠭᠡ ᠶᠢ ᠪᠠᠭ᠎ᠠ ᠰᠤᠷᠴᠤ ᠂ ᠥᠪᠡᠷ ᠤᠨ ᠪᠡᠶ᠎ᠡ ᠪᠤᠶᠤ ᠭᠡᠷ ᠪᠦᠯᠢ ᠶᠢᠨ ᠢᠶᠠᠨ ᠢᠳᠡᠭᠡᠨ ᠤᠮᠳᠠᠭᠠᠨ ᠳᠤ ᠲᠥᠯᠥᠪᠯᠡᠭᠡ ᠬᠢᠵᠦ ᠂ ᠭᠠᠷᠠᠭ ᠪᠦᠷᠢ ᠶᠢᠨ ᠢᠳᠡᠭᠡᠨ ᠤ ᠵᠣᠷ ᠢᠶᠠᠨ ᠨᠠᠶᠢᠷᠠᠭᠤᠯᠤᠨ ᠵᠣᠬᠢᠶᠠᠵᠤ ᠂ ᠮᠢᠬ᠎ᠠ ᠶᠢ ᠵᠣᠬᠢᠰᠲᠠᠢ ᠰᠣᠩᠭᠤᠬᠤ ᠬᠡᠷᠡᠭᠲᠡᠢ ᠃ ᠮᠢᠬᠠᠨ ᠤ ᠢᠳᠡᠭᠡᠨ ᠢ ᠠᠯᠢ ᠴᠢᠳᠠᠬᠤ ᠪᠠᠷ ᠬᠤᠭᠤᠯᠠ ᠪᠣᠯᠭᠠᠨ ᠳᠠᠭᠠᠨ ᠲᠣᠬᠢᠷᠠᠭᠤᠯᠵᠤ ᠂ ᠢᠳᠡᠭᠡᠨ ᠤᠮᠳᠠᠭᠠᠨ ᠢᠶᠠᠨ ᠬᠡᠲᠦᠷᠬᠡᠢ ᠲᠥᠪᠯᠡᠷᠡᠭᠦᠯᠵᠦ ᠬᠡᠲᠦᠷᠡᠲᠡᠯ᠎ᠡ ᠢᠳᠡᠬᠦ ᠦᠭᠡᠢ ᠮᠥᠷᠲᠡᠭᠡᠨ ᠬᠡᠵᠢᠶᠡᠳᠡ ᠰᠢᠩᠭᠡᠨ ᠰᠥᠮᠥᠰᠤ ᠂ ᠬᠠᠷᠠᠰᠣ ᠬᠤᠭᠤᠯᠠ ᠪᠠᠷ ᠰᠠᠭᠤᠵᠤ ᠪᠤᠯᠬᠤ ᠦᠭᠡᠢ ᠃ ᠮᠢᠬ᠎ᠠ ᠶᠢ ᠨᠠᠷᠢᠨ ᠬᠡᠰᠡᠭᠯᠡᠨ ᠬᠡᠷᠴᠢᠬᠦ ᠨᠢ ᠢᠳᠡᠭᠡᠨ ᠤ ᠳᠤᠷᠠᠰᠢᠯ ᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠢᠳᠡᠭᠡᠨ ᠤ ᠬᠡᠮᠵᠢᠶ᠎ᠡ ᠶᠢ ᠴᠦ ᠬᠢᠵᠠᠭᠠᠷᠯᠠᠵᠤ ᠴᠢᠳᠠᠳᠠᠭ ᠃ ᠮᠢᠬ᠎ᠠ ᠶᠢ ᠶᠡᠭᠡ ᠪᠠᠷ ᠢᠳᠡᠬᠦ ᠪᠠᠨ ᠪᠠᠭᠠᠰᠬᠠᠵᠤ ᠂ ᠪᠠᠭ᠎ᠠ ᠪᠠᠭ᠎ᠠ ᠪᠠᠷ ᠢᠳᠡᠬᠦ ᠶᠢ ᠪᠠᠷᠢᠮᠲᠠᠯᠠᠨ ᠂ ᠢᠯᠡᠭᠦᠬᠡᠨ ᠨᠣᠭᠤᠭ᠎ᠠ ᠴᠠᠭ᠎ᠠ ᠲᠠᠢ ᠴᠤᠭ ᠢᠳᠡᠬᠦ ᠨᠢ ᠮᠢᠬᠠᠨ ᠤ ᠰᠢᠮ᠎ᠡ ᠲᠡᠵᠢᠭᠡᠯ ᠢ ᠨᠥᠬᠦᠬᠦ ᠪᠠᠷ ᠪᠠᠷᠠᠬᠤ ᠦᠭᠡᠢ ᠢᠳᠡᠰᠢᠨ ᠨᠣᠭᠤᠭ᠎ᠠ ᠶᠢᠨ ᠰᠢᠮ᠎ᠡ ᠶᠢ ᠴᠦ ᠰᠠᠶᠢᠨ ᠨᠥᠬᠦᠵᠦ ᠴᠢᠳᠠᠳᠠᠭ ᠃ ᠡᠭᠦᠨ ᠤ ᠬᠠᠮᠲᠤ ᠂ ᠬᠠᠭᠤᠷᠴᠤ ᠬᠠᠭᠠᠷᠢᠬᠤ ᠪᠠᠨ ᠪᠠᠭᠠᠰᠬᠠᠵᠤ ᠂ ᠵᠥᠪ ᠣᠨᠣᠪᠴᠢᠲᠠᠶ ᠪᠣᠯᠭᠤᠭᠠᠵᠤ ᠲᠣᠭᠤᠭᠠᠯᠠᠬᠤ ᠠᠷᠭ᠎ᠠ ᠶᠢ ᠰᠣᠩᠭᠤᠬᠤ ᠨᠢ ᠢᠳᠡᠭᠡᠨ ᠤ ᠰᠢᠮ᠎ᠡ ᠲᠡᠵᠢᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠬᠠᠳᠠᠭᠠᠯᠠᠳᠠᠭ ᠠᠴᠠ ᠂ ᠬᠠᠮᠤᠭ ᠰᠠᠶᠢᠨ ᠨᠢ ᠵᠢᠩᠨᠡᠬᠦ ᠂ ᠴᠢᠨᠠᠬᠤ ᠠᠷᠭ᠎ᠠ ᠶᠢ ᠬᠡᠷᠡᠭᠯᠡᠨ᠎ᠡ ᠃ ᠭᠠᠳᠠᠨ᠎ᠠ ᠬᠤᠭᠤᠯᠠ ᠢᠳᠡᠬᠦ ᠳᠡᠭᠡᠨ ᠮᠢᠬ᠎ᠠ ᠨᠣᠭᠤᠭ᠎ᠠ ᠶᠢ ᠲᠣᠬᠢᠷᠠᠭᠤᠯᠵᠤ ᠢᠳᠡᠬᠦ ᠶᠢ ᠠᠩᠬᠠᠷᠴᠤ ᠂ ᠢᠯᠡᠭᠦᠬᠡᠨ ᠵᠢᠭᠠᠰᠤᠨ ᠮᠢᠬ᠎ᠠ ᠪᠤᠶᠤ ᠪᠤᠷᠴᠠᠭ ᠤᠨ ᠲᠥᠷᠥᠯ ᠤᠨ ᠢᠳᠡᠭᠡᠨ ᠢᠶᠠᠷ ᠪᠤᠰᠤᠳ ᠮᠢᠬ᠎ᠠ ᠶᠢ ᠣᠷᠣᠯᠠᠭᠤᠯᠪᠠᠯ ᠰᠠᠶᠢᠨ ᠃     
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ