| ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠵᠡᠭᠦᠨᠭᠠᠷ ᠤᠨ ᠡᠬᠡ ᠭᠠᠵᠠᠷ ᠲᠤ ᠬᠤᠷᠠᠭ᠎ᠠ ᠢᠰᠢᠭᠡ ᠲᠣᠰᠴᠤ ᠪᠣᠶᠢᠵᠢᠭᠤᠯᠬᠤ ᠶᠠᠭᠠᠷᠠᠯᠲᠠᠢ ᠴᠠᠭ ᠮᠥᠴᠡ ᠶᠢ | ᠤᠭᠲᠤᠨ ᠠᠪᠴᠢᠷᠠᠵᠤ ᠂ ᠬᠤᠷᠠᠭ᠎ᠠ ᠢᠰᠢᠭᠡ ᠶᠢᠨ ᠮᠠᠶᠢᠯᠠᠯᠳᠤᠭᠠᠨ ᠬᠦᠷᠢᠶ᠎ᠠ ᠬᠠᠰᠢᠶ᠎ᠠ ᠶᠢ ᠬᠦᠭᠵᠢᠶᠠᠨ ᠲᠠᠢ ᠪᠤᠯᠭᠠᠨ ᠂ ᠠᠮᠢᠵᠢᠷᠠᠯ ᠤᠨ ᠬᠦᠴᠦᠨ ᠢᠶᠠᠷ ᠪᠢᠯᠬᠠᠭᠤᠯᠵᠤ ᠂ | ᠡᠯᠪᠡᠭ ᠬᠤᠷᠢᠶᠠᠯᠲᠠ ᠪᠠ ᠬᠦᠰᠡᠯ ᠡᠷᠡᠮᠡᠯᠵᠡᠯ ᠢ ᠪᠡᠯᠭᠡᠳᠡᠵᠦ ᠪᠠᠶᠢᠯ᠎ᠠ᠃ | | ᠵᠢᠷᠤᠭ ᠄ ᠵᠡᠭᠦᠨᠭᠠᠷ ᠬᠤᠰᠢᠭᠤᠨ ᠤ ᠢᠷᠭᠡ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ ᠬᠤᠨᠢᠨ ᠤ ᠬᠠᠰᠢᠶᠠᠨ ᠳᠤ ᠪᠠᠶᠢᠭ᠎ᠠ ᠬᠤᠷᠠᠭ᠎ᠠ ᠨᠤᠭᠤᠳ ᠃ | ᠾᠧ ᠷᠦᠨ ᠰᠡᠭᠦᠳᠡᠷᠯᠡᠪᠡ | ᠵᠡᠭᠦᠨᠭᠠᠷ ᠬᠤᠰᠢᠭᠤᠨ ᠤ ᠲᠠᠷᠢᠶᠠᠯᠠᠩᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠣᠪᠴᠢᠶ᠎ᠠ ᠵᠢᠨᠮᠡᠷᠭᠡᠵᠢᠯ ᠤᠨ ᠦᠢᠯᠡᠴᠢᠯᠡᠭᠡᠨ ᠤ | ᠠᠩᠭᠢ ᠶᠢᠨ ᠮᠡᠷᠭᠡᠵᠢᠯ ᠤᠨ ᠠᠵᠢᠯᠲᠠᠳ ᠵᠡᠭᠦᠨᠭᠠᠷ ᠬᠤᠰᠢᠭᠤᠨ ᠤ ᠢᠷᠭᠡ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠲᠤ ᠲᠡᠵᠢᠭᠡᠯ ᠪᠣᠷᠳᠤᠭ᠎ᠠ ᠶᠢᠨ | ᠬᠠᠷᠢᠴᠠᠯ ᠂ ᠬᠠᠰᠢᠶ᠎ᠠ ᠰᠠᠷᠠᠪᠴᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠂ ᠬᠤᠷᠠᠭᠠᠨ ᠤ ᠤᠭᠤᠷᠠᠭ ᠰᠦ ᠵᠡᠷᠭᠡ ᠪᠠᠶᠢᠳᠠᠯ ᠢ ᠨᠠᠷᠢᠨ ᠪᠠᠶᠢᠴᠠᠭᠠᠨ | ᠦᠵᠡᠬᠦ ᠶᠢᠨ ᠬᠠᠮᠲᠤ ᠠᠷᠠᠴᠢᠯᠠᠭᠴᠢ ᠶᠢᠨ ᠴᠠᠭ ᠲᠤᠨᠢ ᠲᠣᠬᠢᠷᠠᠭᠤᠯᠤᠨ ᠰᠦ ᠲᠠᠰᠤᠯᠳᠠᠭᠤᠯᠤᠬᠰᠠᠨ ᠡᠰᠡᠬᠦ ᠂ ᠲᠣᠭᠲᠠᠮᠠᠯ ᠬᠤᠭᠤᠴᠠᠭ᠎ᠠ ᠲᠠᠢ ᠪᠠᠷ ᠬᠦᠨᠳᠦ ᠶᠢ ᠨᠢ | ᠬᠡᠮᠵᠢᠭᠰᠡᠨ ᠡᠰᠡᠬᠦ ᠵᠡᠷᠭᠡ ᠬᠤᠷᠠᠭᠠᠨ ᠤ ᠰᠠᠭᠤᠷᠢ ᠪᠠᠲᠤᠯᠠᠭ᠎ᠠ ᠶᠢᠨ ᠠᠵᠢᠯ ᠢ ᠪᠠᠶᠢᠨ ᠪᠠᠶᠢᠨ ᠠᠰᠠᠭᠤᠨ ᠯᠠᠪᠯᠠᠬᠤ ᠶᠢᠨ ᠬᠠᠮᠲᠤ ᠪᠡᠷᠬᠡ ᠬᠥᠩᠭᠡᠵᠢᠯᠲᠡ ᠶᠢᠨ ᠪᠠᠶᠢᠳᠠᠯ ᠳᠤ | ᠴᠢᠭᠯᠡᠭᠦᠯᠦᠨ ᠂ ᠬᠥᠮᠥᠨ ᠤ ᠬᠦᠴᠦ ᠪᠠᠷ ᠬᠥᠩᠭᠡᠵᠢᠭᠦᠯᠬᠦ ᠮᠡᠷᠭᠡᠵᠢᠯ ᠤᠨ ᠲᠠᠶᠢᠯᠤᠮᠵᠢ ᠪᠠ ᠦᠵᠡᠭᠦᠯᠭᠡ ᠬᠢᠵᠦ ᠪᠠᠶᠢᠯ᠎ᠠ ᠃ | | ᠵᠢᠷᠤᠭ ᠄ ᠵᠡᠭᠦᠨᠭᠠᠷ ᠬᠤᠰᠢᠭᠤᠨ ᠤ ᠢᠷᠭᠡ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠲᠤ ᠂ ᠮᠡᠷᠭᠡᠵᠢᠯ ᠤᠨ ᠠᠵᠢᠯᠲᠠᠳ ᠲᠡᠵᠢᠭᠡᠯ ᠪᠣᠷᠳᠤᠭ᠎ᠠ ᠶᠢᠨ | ᠲᠣᠬᠢᠷᠠᠭᠤᠯᠤᠯᠲᠠ ᠶᠢᠨ ᠬᠠᠷᠢᠴᠠᠯ ᠤᠨ ᠪᠠᠶᠢᠳᠠᠯ ᠢ ᠣᠶᠢᠯᠠᠭᠠᠨ᠎ᠠ ᠃ ᠾᠧ ᠷᠦᠨ ᠰᠡᠭᠦᠳᠡᠷᠯᠡᠪᠡ | | ᠵᠢᠷᠤᠭ ᠄ ᠵᠡᠭᠦᠨᠭᠠᠷ ᠬᠤᠰᠢᠭᠤᠨ ᠤ ᠢᠷᠭᠡ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠲᠤ ᠂ ᠮᠡᠷᠭᠡᠵᠢᠯ ᠤᠨ ᠠᠵᠢᠯᠲᠠᠳ ᠬᠤᠷᠠᠭ᠎ᠠ ᠶᠢ ᠵᠢᠩᠯᠡᠵᠦ | ᠳᠡᠩᠰᠡᠯᠡᠨ ᠲᠡᠮᠳᠡᠭᠯᠡᠨ᠎ᠠ ᠃ ᠾᠧ ᠷᠦᠨ ᠰᠡᠭᠦᠳᠡᠷᠯᠡᠪᠡ | | ᠵᠡᠭᠦᠨᠭᠠᠷ ᠬᠤᠰᠢᠭᠤᠨ ᠤ ᠢᠷᠭᠡ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠪᠣᠯ ᠪᠥᠬᠦ ᠲᠥᠬᠦᠭᠡᠷᠦᠮᠵᠢ ᠲᠠᠢ ᠲᠡᠵᠢᠭᠡᠨ ᠦᠷᠡᠵᠢᠭᠦᠯᠬᠦ ᠣᠷᠣᠨ ᠪᠠᠶᠢᠵᠤ ᠂ | ᠣᠲᠣ 1500 ᠭᠠᠷᠤᠢ ᠬᠤᠨᠢ ᠲᠠᠢ ᠂ ᠡᠭᠦᠨ ᠳᠤ ᠦᠷᠡᠵᠢᠯ ᠤᠨ ᠡᠮ᠎ᠡ ᠬᠤᠨᠢ 90% ᠠᠴᠠ ᠳᠡᠭᠡᠭᠰᠢ ᠪᠠᠶᠢᠨ᠎ᠠ ᠃ ᠵᠡᠭᠦᠨᠭᠠᠷ ᠬᠤᠰᠢᠭᠤᠨ ᠤ ᠢᠷᠭᠡ ᠬᠤᠨᠢᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠤᠨ ᠮᠡᠷᠭᠡᠵᠢᠯᠲᠡᠨ ᠵᠠᠩ ᠶᠣᠣ ᠄ ︽ ᠡᠨᠡ ᠵᠢᠯ 620 ᠭᠠᠷᠤᠢ ᠬᠤᠷᠠᠭ᠎ᠠ ᠳᠤᠰᠴᠤ ᠂ ᠤᠨᠳᠤᠷᠤᠯᠳᠠ ᠶᠢᠨ ᠨᠣᠷᠮ᠎ᠠ ᠨᠢ | 91% ᠠᠴᠠ ᠳᠡᠭᠡᠭᠰᠢ ᠳᠤ ᠬᠦᠷᠴᠡᠢ ᠂ ᠲᠠᠷᠠᠭᠠᠴᠢ ᠶᠢᠨ ᠠᠯᠬᠤᠮ ᠳᠤ ᠪᠢᠳᠡ ᠴᠢᠨᠠᠷ ᠰᠠᠶᠢᠲᠠᠢ ᠬᠤᠷᠠᠭ᠎ᠠ ᠰᠣᠩᠭᠤᠨ ᠪᠣᠶᠢᠵᠢᠭᠤᠯᠵᠤ ᠳᠤᠰᠠᠭᠠᠷ ᠲᠡᠵᠢᠭᠡᠵᠦ ᠂ ᠪᠥᠬᠦ | ᠬᠤᠰᠢᠭᠤᠨ ᠳᠤ ᠴᠢᠨᠠᠷ ᠰᠠᠶᠢᠲᠠᠢ ᠬᠤᠴᠠ ᠬᠠᠩᠭᠠᠵᠤ ᠂ ᠵᠡᠭᠦᠨᠭᠠᠷ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ | ᠨᠡᠮᠡᠷᠢᠯᠡᠬᠦ ᠪᠠᠷ ᠲᠥᠯᠥᠪᠯᠡᠵᠦ ᠪᠠᠶᠢᠨ᠎ᠠ ︾ ᠭᠡᠵᠡᠢ ᠃ | | ᠵᠢᠷᠤᠭ ᠄ ᠵᠡᠭᠦᠨᠭᠠᠷ ᠬᠤᠰᠢᠭᠤᠨ ᠤ ᠢᠷᠭᠡ ᠬᠤᠨᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠲᠤ ᠂ ᠮᠡᠷᠭᠡᠵᠢᠯ ᠤᠨ ᠠᠵᠢᠯᠲᠠᠳ ᠬᠤᠷᠠᠭ᠎ᠠ ᠤᠬᠵᠢᠨᠠ ᠃ ᠾᠧ | ᠷᠦᠨ ᠰᠡᠭᠦᠳᠡᠷᠯᠡᠪᠡ | | ᠱᠠᠬᠳᠠᠷ ᠪᠠᠯᠭᠠᠰᠤᠨ ᠤ ᠰᠦᠮ᠎ᠠ ᠶᠢᠨ ᠬᠤᠭᠤᠯᠠᠢ ᠲᠣᠰᠬᠤᠨ ᠤ ᠰᠦᠮ᠎ᠠ ᠶᠢᠨ ᠬᠤᠭᠤᠯᠠᠢ ᠬᠤᠷᠰᠢᠶᠠᠨ ᠤ ᠳ᠋ᠦ᠋ ᠦ᠋ ᠸᠧᠨ ᠡᠷ᠎ᠡ ᠡᠮ᠎ᠡ ᠬᠤᠶᠠᠭᠤᠯᠠ ᠬᠠᠰᠢᠶᠠᠨ ᠳᠠᠬᠢ | ᠬᠤᠷᠠᠭ᠎ᠠ ᠳᠠᠭᠠᠨ ᠲᠡᠵᠢᠭᠡᠯ ᠪᠣᠷᠳᠤᠭ᠎ᠠ ᠨᠡᠮᠡᠵᠦ ᠂ ᠬᠤᠷᠠᠭ᠎ᠠ ᠪᠠᠨ ᠤᠬᠵᠢᠬᠤ ᠪᠠᠷ ᠶᠠᠭᠠᠷᠠᠯᠳᠤᠵᠤ ᠪᠠᠶᠢᠯ᠎ᠠ ᠃ ᠳ᠋ᠦ᠋ ᠦ᠋ ᠸᠧᠨ 30 ᠭᠠᠷᠤᠢ ᠵᠢᠯ ᠤᠨ ᠲᠡᠵᠢᠭᠡᠨ | ᠦᠷᠡᠵᠢᠭᠦᠯᠬᠦ ᠲᠤᠷᠰᠢᠯᠭ᠎ᠠ ᠲᠠᠢ ᠂ ᠣᠳᠣᠬᠠᠨ ᠳᠤ 100 ᠭᠠᠷᠤᠢ ᠬᠤᠨᠢ ᠲᠡᠵᠢᠭᠡᠵᠦ ᠪᠠᠶᠢᠨ᠎ᠠ ᠃ ᠳ᠋ᠦ᠋ ᠦ᠋ ᠸᠧᠨ ᠬᠡᠯᠡᠬᠦ ᠳᠡᠭᠡᠨ ᠄ ︽ ᠡᠨᠡ ᠵᠢᠯ 70 ᠭᠠᠷᠤᠢ | ᠬᠤᠷᠠᠭ᠎ᠠ ᠳᠤᠰᠴᠠᠢ ᠂ ᠡᠭᠦᠨ ᠳᠤ ᠢᠬᠢᠷᠡᠯᠡᠭᠰᠡᠨ ᠨᠢ ᠨᠡᠯᠢᠶᠡᠳ ᠠᠷᠪᠢᠨ ᠪᠠᠶᠢᠵᠤ ᠂ ᠪᠢ ᠮᠠᠰᠢ ᠰᠡᠳᠬᠢᠯ ᠬᠠᠨᠤᠮᠵᠢᠲᠠᠶ ᠪᠠᠶᠢᠨ᠎ᠠ ︾ ᠭᠡᠬᠦ ᠶᠤᠮ ᠃ | | ᠵᠢᠷᠤᠭ ᠄ ᠳ᠋ᠦ᠋ ᠦ᠋ ᠸᠧᠨ ᠡᠷ᠎ᠡ ᠡᠮ᠎ᠡ ᠬᠤᠶᠠᠭᠤᠯᠠ ᠬᠤᠨᠢᠨ ᠳᠠᠭᠠᠨ ᠲᠡᠵᠢᠭᠡᠯ ᠪᠣᠷᠳᠤᠭ᠎ᠠ ᠳᠠᠯᠪᠢᠨ᠎ᠠ ᠃ ᠾᠧ ᠷᠦᠨ ᠰᠡᠭᠦᠳᠡᠷᠯᠡᠪᠡ | | ᠵᠢᠷᠤᠭ ᠄ ᠳ᠋ᠦ᠋ ᠦ᠋ ᠸᠧᠨ ᠡᠷ᠎ᠡ ᠡᠮ᠎ᠡ ᠬᠤᠶᠠᠭᠤᠯᠠ ᠪᠠᠨ ᠬᠤᠷᠠᠭ᠎ᠠ ᠪᠠᠨ ᠡᠭᠡ ᠳᠤᠨᠢ ᠬᠥᠬᠦᠭᠦᠯᠵᠦ ᠪᠤᠢ ᠃ ᠾᠧ ᠷᠦᠨ ᠰᠡᠭᠦᠳᠡᠷᠯᠡᠪᠡ | | ᠵᠡᠭᠦᠨᠭᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠮᠠᠯ ᠠᠵᠤ ᠠᠬᠤᠢ ᠶᠢᠨ ᠮᠠᠯ ᠤᠨ | ᠡᠮᠨᠡᠯᠭᠡ ᠤᠰᠤᠨ ᠭᠠᠷᠤᠯᠲᠠ ᠶᠢᠨ ᠲᠠᠰᠤᠭ ᠤᠨ ᠬᠠᠷᠢᠭᠤᠴᠠᠯᠭᠠᠲᠠᠨ ᠰᠦᠨ ᠬᠠᠢ ᠵᠢᠶᠦ᠋ᠨ ᠰᠤᠷᠪᠤᠯᠵᠢᠯᠠᠭᠴᠢ ᠳᠤ ᠂ ᠣᠳᠣᠬᠠᠨ ᠳᠤ ᠶᠠᠭ ᠬᠠᠪᠤᠷ ᠤᠨ ᠬᠤᠷᠠᠭ᠎ᠠ | ᠲᠤᠰᠴᠤ ᠪᠣᠶᠢᠵᠢᠭᠤᠯᠬᠤ ᠣᠷᠭᠢᠯ ᠦᠶ᠎ᠡ ᠪᠣᠯᠵᠤ ᠪᠠᠶᠢᠨ᠎ᠠ ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯᠲᠡᠨ ᠨᠢ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ᠂ | ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠂ ᠳᠤᠰᠬᠠᠢ ᠬᠤᠷᠰᠢᠶᠠᠵᠢᠯ ᠂ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠮᠡᠷᠭᠡᠵᠢᠯ ᠤᠨ ᠵᠢᠯᠣᠭᠤᠳᠤᠯᠭ᠎ᠠ ᠬᠢᠵᠦ ᠂ | ᠲᠥᠯ ᠲᠤᠰᠴᠤ ᠪᠣᠶᠢᠵᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠲᠣᠭᠲᠠᠭᠤᠨ ᠪᠠᠶᠢᠬᠤ ᠪᠠ ᠲᠥᠯ ᠮᠠᠯ ᠤᠨ ᠤᠨᠳᠤᠷᠤᠯᠳᠠ ᠶᠢᠨ ᠨᠣᠷᠮ᠎ᠠ ᠶᠢ ᠪᠠᠲᠤᠯᠠᠵᠤ ᠪᠠᠶᠢᠨ᠎ᠠ ᠭᠡᠵᠤ ᠶᠠᠷᠢᠨ᠎ᠠ ᠃ ᠤᠳᠤᠬᠠᠨ ᠪᠣᠯᠲᠠᠯ᠎ᠠ ᠂ ᠡᠨᠡ ᠵᠢᠯ ᠪᠥᠬᠦ | ᠬᠤᠰᠢᠭᠤ ᠪᠠᠷ ᠢᠶᠠᠨ 189054 ᠲᠥᠯ ᠲᠣᠰᠴᠤ ᠪᠣᠶᠢᠵᠢᠭᠤᠯᠤᠭᠠᠳ ᠂ ᠤᠨᠳᠤᠷᠤᠯᠳᠠ ᠶᠢᠨ ᠨᠣᠷᠮ᠎ᠠ ᠨᠢ 99.97% ᠳᠤ ᠬᠦᠷᠴᠡᠢ ᠃ | | ᠵᠢᠷᠤᠭ ᠄ ᠡᠨᠡ ᠵᠢᠯ ᠤᠨ ᠬᠤᠷᠠᠭ᠎ᠠ ᠳᠤᠰᠴᠤ ᠪᠤᠶᠢᠵᠢᠭᠤᠯᠬᠤ ᠠᠵᠢᠯ ᠨᠢ ᠤᠷᠤᠬᠰᠢᠳᠠᠢ ᠪᠣᠯᠬᠤᠷ ᠳ᠋ᠦ᠋ ᠦ᠋ ᠸᠧᠨ ᠡᠷ᠎ᠡ ᠡᠮ᠎ᠡ ᠬᠤᠶᠠᠭᠤᠯᠠ ᠶᠢᠨ ᠴᠢᠷᠠᠢ ᠳᠤ ᠪᠠᠶᠠᠷ ᠤᠨ | ᠮᠦᠰᠢᠶᠡᠳᠤ ᠳᠤᠳᠤᠷᠠᠨ᠎ᠠ ᠃ ᠾᠧ ᠷᠦᠨ ᠰᠡᠭᠦᠳᠡᠷᠯᠡᠪᠡ | | ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠠᠯᠠᠰᠢᠨ ᠬᠤᠨᠢᠨ ᠤ ᠥᠨᠳᠥᠷ ᠦᠷ᠎ᠡ ᠠᠰᠢᠭ ᠲᠠᠢ ᠦᠷᠡᠵᠢᠯᠲᠡ ᠶᠢᠨ ᠮᠡᠷᠭᠡᠵᠢᠯ ᠪᠣᠯᠣᠨ ᠵᠢᠱᠢᠶ᠎ᠡ | ᠦᠵᠡᠭᠦᠯᠦᠨ ᠳᠡᠯᠭᠡᠷᠡᠭᠦᠯᠬᠦ ᠠᠵᠢᠯ ᠢ ᠶᠡᠭᠡ ᠪᠠᠷ ᠠᠬᠢᠭᠤᠯᠵᠤ ᠂ ᠰᠠᠹᠤᠺ ᠬᠤᠨᠢ ᠂ ᠳᠤᠶᠢᠮᠤᠭ ᠳ᠋ᠤᠤ ᠰᠠᠢ ᠲᠧ ᠬᠤᠨᠢ ᠵᠡᠷᠭᠡ ᠴᠢᠨᠠᠷ ᠰᠠᠶᠢᠲᠠᠢ ᠠᠯᠠᠰᠢᠨ ᠬᠤᠨᠢᠨ ᠤ | ᠡᠭᠦᠯᠳᠡᠷ ᠢ ᠣᠷᠣᠭᠤᠯᠤᠨ ᠠᠪᠴᠢᠷᠠᠵᠤ ᠂ ᠣᠯᠠᠨ ᠬᠦᠪᠦᠷᠡᠯᠳᠦ ᠤᠬᠳᠤᠷ ᠰᠡᠭᠦᠯᠲᠦ ᠬᠤᠨᠢ ᠂ ᠬᠤ᠋ ᠶᠠᠩ ᠬᠤᠨᠢ ᠵᠡᠷᠭᠡ ᠳᠤ ᠂ ᠰᠠᠪᠠ ᠶᠢᠨ ᠴᠢᠨᠠᠷᠲᠠᠢ ᠦᠷ᠎ᠡ | ᠳᠠᠮᠵᠢᠭᠤᠯᠬᠤ ᠮᠡᠷᠭᠡᠵᠢᠯ ᠢ ᠬᠡᠷᠡᠭᠯᠡᠨ ᠂ ᠠᠯᠠᠰᠢᠨ ᠬᠤᠨᠢᠨ ᠤ ᠠᠳᠠᠯᠢ ᠬᠤᠭᠤᠴᠠᠭᠠᠨ ᠳᠤ ᠣᠷᠤᠭ᠎ᠠ ᠣᠷᠣᠬᠤ ᠂ ᠬᠥᠮᠥᠨ ᠤ ᠬᠦᠴᠦ ᠪᠠᠷ ᠦᠷ᠎ᠡ ᠲᠣᠭᠲᠠᠭᠠᠬᠤ ᠶᠢ | ᠬᠡᠷᠡᠭᠵᠢᠭᠦᠯᠬᠦ ᠠᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠵᠦ ᠂ ᠲᠥᠪᠯᠡᠷᠡᠭᠦᠯᠦᠨ ᠬᠡᠭᠡᠯᠲᠦᠭᠦᠯᠬᠦ ᠂ ᠲᠥᠪᠯᠡᠷᠡᠭᠦᠯᠦᠨ ᠲᠥᠯᠯᠡᠬᠦ ᠂ ᠨᠢᠭᠡᠳᠦᠯᠲᠡᠢ ᠬᠠᠮᠢᠶᠠᠷᠬᠤ ᠶᠢ | ᠪᠡᠶᠡᠯᠡᠭᠦᠯᠦᠨ ᠂ ᠪᠥᠬᠦ ᠬᠤᠰᠢᠭᠤᠨ ᠤ ᠠᠯᠠᠰᠢᠨ ᠬᠤᠨᠢᠨ ᠤ ᠬᠡᠪᠴᠢᠶᠡᠵᠢᠭᠰᠡᠨ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠬᠢᠷᠢ ᠳᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠬᠦ ᠶᠢ ᠪᠦᠲᠦᠮᠵᠢᠲᠡᠶ ᠠᠬᠢᠭᠤᠯᠵᠤ ᠪᠤᠢ ᠃ | | | | |