| ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠭᠡᠷ ᠤᠨ ᠬᠤᠷᠠᠯᠳᠤᠭᠤᠯᠤᠭᠰᠠᠨ | ᠶᠢᠰᠦᠳᠡᠬᠢ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ ᠂ 4 | ᠰᠠᠷ᠎ᠠ ᠶᠢᠨ 15 ᠤ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠬᠦᠷᠴᠦ ᠢᠷᠡᠬᠦ ᠲᠠᠰᠢᠷᠠᠮ ᠳᠤ ᠂ ᠪᠦᠭᠦ ᠣᠷᠣᠨ ᠢᠶᠠᠷ ᠢᠶᠠᠨ ︽ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ 10 ᠵᠢᠯ ᠤᠨ ᠤᠢ ︾ ᠭᠡᠬᠦ ᠭᠤᠣᠯ ᠰᠡᠳᠦᠪ ᠤᠨ | ᠲᠣᠭᠤᠷᠢᠨ ᠳᠤ ᠪᠠᠶᠠᠯᠢᠭ ᠠᠭᠤᠯᠭ᠎ᠠ ᠲᠠᠢ ᠰᠢᠷᠢᠰ ᠠᠵᠢᠯᠯᠠᠭ᠎ᠠ ᠥᠷᠨᠢᠭᠦᠯᠵᠦ ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠵᠢᠯᠣᠭᠤᠳᠤᠯᠭ᠎ᠠ | ᠳᠣᠣᠷ᠎ᠠ ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠤ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠶᠢ ᠶᠡᠭᠡ ᠪᠠᠷ ᠤᠬᠠᠭᠤᠯᠵᠤ ᠂ ᠤᠯᠤᠰ ᠤᠨ | ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠵᠤ ᠪᠤᠢ ᠃ | ᠲᠣᠰ ᠤᠳᠠᠭ᠎ᠠ ᠶᠢᠨ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ | ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠥᠷᠨᠢᠭᠦᠯᠵᠦ ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠨ ᠂ | ᠤᠬᠠᠭᠤᠯᠭ᠎ᠠ ᠶᠢᠨ ᠠᠭᠤᠯᠭ᠎ᠠ ᠪᠠ ᠭᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠤᠬᠠᠭᠤᠯᠭ᠎ᠠ ᠶᠢᠨ ᠭᠢᠯᠠᠰ ᠴᠡᠭ ᠢ ᠪᠤᠶ ᠪᠣᠯᠭᠠᠵᠠᠢ ᠃ | ︽ ᠪᠢ ᠬᠡᠦᠬᠡᠳ ᠢᠶᠠᠨ ᠳᠠᠭᠠᠭᠤᠯᠤᠨ ︿ ᠤᠯᠤᠰ ᠤᠨ ᠠᠮᠤᠷ ᠲᠦᠪᠰᠢᠨ ᠨᠡᠷᠡᠮᠵᠢᠲᠦ ﹀ ᠭᠠᠵᠠᠷ ᠳᠣᠣᠷᠠᠬᠢ ᠭᠠᠯᠲᠤ ᠲᠡᠷᠭᠡᠨ ᠳᠤ ᠰᠠᠭᠤᠪᠠ ᠂ ᠬᠡᠦᠬᠡᠳ ᠮᠢᠨᠢ ᠨᠡᠩ | ᠤᠯᠠᠨ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ ᠶᠢ ᠬᠦᠰᠡᠵᠦ ᠪᠠᠶᠢᠨ᠎ᠠ ︾ ᠭᠡᠵᠦ ᠭᠦᠭᠡᠬᠤᠲᠠ ᠶᠢᠨ ᠰᠠᠭᠤᠭᠠᠯᠢ ᠠᠷᠠᠳ ᠯᠢ ᠠᠪᠠᠭ᠋ᠠᠢ ᠬᠡᠯᠡᠪᠡ ᠃ | 4 ᠰᠠᠷ᠎ᠠ ᠶᠢᠨ 10 ᠤ ᠡᠳᠦᠷ ᠂ ᠮᠠᠨ ᠤ ᠣᠷᠣᠨ ᠤ ᠠᠩᠬᠠᠳᠠᠭᠴᠢ ︽ ᠤᠯᠤᠰ ᠤᠨ ᠠᠮᠤᠷ ᠲᠦᠪᠰᠢᠨ ᠨᠡᠷᠡᠮᠵᠢᠲᠦ ︾ ᠭᠤᠣᠯ ᠰᠡᠳᠦᠪᠲᠦ ᠭᠠᠵᠠᠷ ᠳᠣᠣᠷᠠᠬᠢ ᠭᠠᠯᠲᠤ | ᠲᠡᠷᠭᠡ ᠭᠦᠭᠡᠬᠤᠲᠠ ᠳᠤ ᠠᠶᠠᠨ ᠢᠶᠠᠨ ᠡᠬᠢᠯᠡᠭᠦᠯᠪᠡ ᠃ ︽ ᠤᠯᠤᠰ ᠤᠨ ᠠᠮᠤᠷ ᠲᠦᠪᠰᠢᠨ ᠨᠡᠷᠡᠮᠵᠢᠲᠦ ︾ ᠲᠤᠰᠬᠠᠢ ᠭᠠᠵᠠᠷ ᠳᠣᠣᠷᠠᠬᠢ ᠭᠠᠯᠲᠤ ᠲᠡᠷᠭᠡ ᠶᠢ | ᠨᠡᠪᠲᠡᠷᠡᠭᠦᠯᠦᠭᠰᠡᠨ ᠨᠢ ᠮᠠᠨ ᠤ ᠣᠷᠣᠨ ᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠂ ᠴᠠᠭ ᠦᠶ᠎ᠡ ᠶᠢ ᠳᠠᠭᠠᠵᠤ ᠂ ᠪᠦᠭᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠢ ᠥᠷᠨᠢᠭᠦᠯᠦᠭᠰᠡᠨ ᠪᠠᠰᠠ ᠨᠢᠭᠡᠨ ᠠᠷᠭ᠎ᠠ ᠬᠢᠳᠡᠯ ᠪᠣᠯᠣᠨ᠎ᠠ ᠃ | ︽ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠲᠦᠷᠢᠯᠲᠡ ᠭᠡᠭᠴᠢ ᠶᠠᠭᠤ ᠪᠤᠯᠬᠤ ᠶᠢ ᠬᠡᠨ ᠮᠡᠳᠡᠬᠦ ᠪᠤᠶ ︖ ︾ 4 ᠰᠠᠷ᠎ᠠ ᠶᠢᠨ 10 ᠤ ᠡᠳᠦᠷ ᠂ | ᠰᠢᠯᠢᠩᠬᠤᠲᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ︽ ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠵᠤ ᠂ ᠰᠠᠶᠢᠨ ᠰᠠᠶᠢᠬᠠᠨ ᠭᠡᠷ | ᠣᠷᠣᠨ ᠢᠶᠠᠨ ᠰᠡᠳᠬᠢᠯ ᠨᠢᠭᠡᠳᠦᠨ ᠬᠠᠮᠲᠤ ᠪᠠᠷ ᠪᠦᠲᠦᠭᠡᠨ ᠪᠠᠶᠢᠭᠤᠯᠤᠶ᠎ᠠ ︾ ᠭᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ ᠂ ᠵᠡᠭᠦᠨ ᠦᠵᠦᠮᠦᠴᠢᠨ | ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠠᠮᠢᠲᠠᠨ ᠤᠷᠭᠤᠮᠠᠯ ᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠠᠵᠢᠯ ᠢ ᠬᠠᠷᠢᠭᠤᠴᠠᠵᠤ ᠪᠠᠶᠢᠭ᠎ᠠ ᠠᠵᠢᠯᠲᠠᠨ | ᠬᠡᠦᠬᠡᠳ ᠤᠳ ᠤᠨ ᠰᠡᠳᠬᠢᠯ ᠳᠤ ᠤᠯᠤᠰ ᠤᠨ ᠬᠢᠯᠢ ᠳᠠᠬᠢ ᠠᠮᠢᠳᠤ ᠪᠣᠳᠠᠰ ᠤᠨ ᠠᠮᠤᠷ ᠲᠦᠪᠰᠢᠨ ᠢ ᠬᠠᠮᠠᠭᠠᠯᠠᠬᠤ ᠮᠡᠳᠡᠯᠭᠡ ᠶᠢᠨ ᠦᠷ᠎ᠡ ᠶᠢ ᠰᠠᠴᠤᠪᠠ ᠃ | ᠪᠦᠭᠦ ᠣᠷᠣᠨ ᠤ ᠡᠯ᠎ᠡ ᠭᠠᠵᠠᠷ ᠤᠨ ᠬᠢᠨ ᠦᠵᠡᠬᠦ ᠰᠤᠨᠤᠰᠬᠤ ᠳᠤᠷᠠᠲᠠᠢ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠪᠠᠷ ᠳᠠᠮᠵᠢᠨ ᠂ ᠤᠯᠤᠰ ᠤᠨ ᠠᠮᠤᠷ | ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠭᠤᠯᠭ᠎ᠠ ᠳᠤ ᠣᠷᠣᠭᠤᠯᠬᠤ ᠂ ᠬᠥᠳᠡᠭᠡ ᠲᠣᠰᠬᠤᠨ ᠳᠤ ᠣᠷᠣᠭᠤᠯᠬᠤ ᠂ ᠨᠡᠶᠢᠭᠡᠮ ᠲᠣᠭᠤᠷᠢᠭ ᠲᠤ ᠣᠷᠣᠭᠤᠯᠬᠤ ᠂ | ᠰᠤᠷᠭᠠᠭᠤᠯᠢ ᠳᠤ ᠣᠷᠣᠭᠤᠯᠬᠤ ᠂ ᠠᠵᠤ ᠠᠬᠤᠶᠢᠯᠠᠯ ᠳᠤ ᠣᠷᠣᠭᠤᠯᠬᠤ ᠂ ᠴᠡᠷᠢᠭ ᠤᠨ ᠬᠤᠸᠠᠷᠠᠨ ᠳᠤ ᠣᠷᠣᠭᠤᠯᠬᠤ ᠂ ᠰᠦᠯᠵᠢᠶᠡᠨ ᠳᠤ ᠣᠷᠣᠭᠤᠯᠬᠤ ᠶᠢ ᠠᠬᠢᠭᠤᠯᠵᠤ ᠂ | ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠳᠠᠰᠤᠷᠠᠯᠳᠠ ᠦᠭᠡᠢ ᠭᠠᠷᠭᠠᠪᠠ ᠃ | ᠲᠠᠨᠢᠯᠴᠠᠭᠤᠯᠤᠭᠰᠠᠨ ᠢᠶᠠᠷ ᠂ 4 ᠰᠠᠷ᠎ᠠ ᠶᠢᠨ 15 ᠤ ᠡᠳᠦᠷ ᠥᠪᠡᠷᠲᠡᠭᠡᠨ ᠵᠠᠰᠠᠬᠤ ᠣᠷᠣᠨ ᠤ ᠭᠤᠣᠯ ᠲᠠᠯᠠᠪᠠᠶ ᠶᠢᠨ ᠡᠭᠢᠯᠡᠯᠲᠡ ᠶᠢᠨ ᠶᠣᠰᠣᠯᠠᠯ ᠭᠦᠭᠡᠬᠤᠲᠠ ᠳᠤ | ᠶᠠᠪᠤᠭᠳᠠᠵᠤ ᠂ ᠲᠤᠬᠠᠢ ᠶᠢᠨ ᠲᠠᠯᠠᠪᠠᠶ ᠳᠤ ᠤᠯᠤᠰ ᠤᠨ ᠠᠮᠤᠷ ᠲᠦᠪᠰᠢᠨ ᠤ ᠭᠤᠣᠯ ᠰᠡᠳᠦᠪᠲᠦ ᠫᠷᠣᠭ᠍ᠷᠠᠮ ᠤᠨ ᠦᠵᠡᠭᠦᠯᠭᠡ ᠂ ᠭᠤᠣᠯ ᠰᠡᠳᠦᠪᠲᠦ ᠭᠡᠷᠡᠯ ᠵᠢᠷᠤᠭ ᠤᠨ | ᠦᠵᠡᠭᠦᠯᠭᠡ ᠵᠡᠷᠭᠡ ᠣᠯᠠᠨ ᠵᠦᠢᠯ ᠤᠨ ᠠᠵᠢᠯᠯᠠᠭ᠎ᠠ ᠶᠢ ᠥᠷᠨᠢᠭᠦᠯᠬᠦ ᠪᠣᠯᠣᠨ᠎ᠠ ᠃ ᠡᠭᠦᠨ ᠠᠴᠠ ᠭᠠᠳᠠᠨ᠎ᠠ ᠂ ᠡᠯ᠎ᠡ ᠭᠠᠵᠠᠷ ᠤᠨ ᠬᠢᠨ ᠪᠠᠰᠠ ᠤᠯᠠᠭᠠᠨᠮᠥ᠋ᠴᠢᠷ ᠢ ᠵᠣᠬᠢᠶᠠᠨ | ᠪᠠᠶᠢᠭᠤᠯᠵᠤ ᠣᠷᠣᠨ ᠨᠤᠲᠤᠭ ᠤᠨ ᠣᠨᠴᠠᠯᠢᠭ ᠲᠠᠢ ᠫᠷᠣᠭ᠍ᠷᠠᠮ ᠢ ᠨᠠᠶᠢᠷᠠᠭᠤᠯᠤᠨ ᠵᠢᠭᠰᠠᠭᠠᠵᠤ ᠂ ᠮᠠᠯᠵᠢᠬᠤ ᠲᠠᠷᠢᠶᠠᠯᠠᠬᠤ ᠣᠷᠣᠨ ᠂ ᠵᠡᠭᠡᠯᠢ ᠭᠤᠳᠤᠮᠵᠢ ᠨᠡᠶᠢᠭᠡᠮ | ᠲᠣᠭᠤᠷᠢᠭ ᠤᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ︽ ᠤᠯᠤᠰ ᠤᠨ ᠠᠮᠤᠷ ᠲᠦᠪᠰᠢᠨ ᠳᠡᠷᠭᠡᠳᠡ ᠴᠢᠨᠢ ᠪᠠᠶᠢᠨ᠎ᠠ ︾ ᠭᠡᠬᠦ ᠰᠢᠯᠢᠳᠡᠭ ᠫᠷᠣᠭ᠍ᠷᠠᠮ ᠢ | ᠲᠥᠯᠥᠪᠯᠡᠭᠡ ᠲᠠᠢ ᠂ ᠬᠠᠨᠳᠤᠯᠭᠠᠲᠤ ᠴᠢᠨᠠᠷᠲᠠᠢ ᠳᠡᠯᠭᠡᠨ ᠦᠵᠡᠭᠦᠯᠵᠦ ᠂ ᠪᠦᠭᠦ ᠣᠷᠣᠨ ᠤ ᠳᠥᠷᠪᠡᠳᠦᠭᠡᠷ ᠬᠤᠭᠤᠴᠠᠭᠠᠨ ᠤ ︽ ᠤᠮᠠᠷᠠᠲᠤ ᠬᠢᠯᠢ ᠳᠠᠬᠢ ᠤᠯᠤᠰ ᠤᠨ | ᠠᠮᠤᠷ ᠲᠦᠪᠰᠢᠨ ︾ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠰᠢᠯᠢᠳᠡᠭ ᠪᠦᠲᠦᠭᠡᠯ ᠢ ᠰᠢᠯᠭᠠᠷᠠᠭᠤᠯᠬᠤ ᠂ ᠭᠤᠷᠪᠠᠳᠤᠭᠠᠷ ᠬᠤᠭᠤᠴᠠᠭᠠᠨ ᠤ ︽ ᠪᠢ ᠰᠢᠨ᠎ᠡ | ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠲᠠᠢ ᠬᠠᠮᠲᠤ ︾ ᠭᠡᠬᠦ ᠭᠤᠣᠯ ᠰᠡᠳᠦᠪᠲᠦ ᠰᠢᠯᠦᠭ ᠢ ᠰᠢᠯᠭᠠᠷᠠᠭᠤᠯᠬᠤ ᠵᠡᠷᠭᠡ ᠢᠯᠡ ᠲᠣᠳᠣ ᠭᠤᠣᠯ ᠰᠡᠳᠦᠪᠲᠦ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ ᠂ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠴᠢᠩᠭᠠᠳᠬᠠᠵᠤ ᠂ ᠪᠦᠭᠦ | ᠠᠷᠠᠳ ᠢᠶᠠᠷ ᠢᠶᠠᠨ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠴᠣᠭᠴᠠᠯᠠᠬᠤ ᠥᠳᠬᠡᠨ ᠠᠭᠤᠷ ᠠᠮᠢᠰᠬᠤᠯ ᠢ ᠪᠤᠶ ᠪᠣᠯᠭᠠᠪᠠ ᠃ | | |